| | ᠲᠦᠷᠦ ᠶᠢᠨ ᠪᠣᠳᠣᠯᠭ᠎ᠠ ᠶᠢᠨ Q&A | ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 4 ᠳ᠋ᠦ᠋ᠭᠡᠷ ᠰᠠᠷ᠎ᠠ ᠶᠢᠨ 28 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠲᠥᠷᠥ ᠶᠢᠨ ᠪᠣᠳᠣᠯᠭ᠎ᠠ ᠨᠡᠶᠢᠲᠡᠯᠡᠬᠦ ᠵᠤᠷᠰᠢᠯ ᠬᠤᠷᠠᠯ ᠬᠢᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠬᠠᠮᠲᠤ ᠪᠠᠷ | ᠠᠩᠬᠠᠷᠴᠠᠭᠠᠶ᠎ᠠ︕ | Q1 | Q᠄ ᠬᠦᠴᠢᠷᠳᠡᠯ ᠢ ᠲᠠᠶᠢᠯᠬᠤ᠂ ᠭᠠᠶᠢᠯᠢ ᠪᠤᠴᠠᠭᠠᠬᠤ ᠵᠡᠷᠭᠡ ᠲᠠᠯ᠎ᠠ ᠪᠠᠷ ᠶᠠᠮᠠᠷ ᠰᠢᠨ᠎ᠡ ᠲᠥᠷᠥ ᠶᠢᠨ ᠪᠣᠳᠣᠯᠭ᠎ᠠ ᠪᠠᠶᠢᠬᠤ ᠪᠤᠶ︖ | A᠄ 10 ᠰᠠᠯᠠᠭ᠎ᠠ ᠮᠥᠴᠢᠷ 4 ᠳ᠋ᠦ᠋ᠭᠡᠷ ᠰᠠᠷ᠎ᠠ ᠶᠢᠨ 20 ᠤ ᠡᠳᠦᠷ ᠬᠠᠮᠲᠤᠷᠠᠨ ︽ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠡᠮᠵᠢᠬᠦ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠠᠬᠢᠭᠤᠯᠬᠤ ᠲᠤᠬᠠᠢ ᠮᠡᠳᠡᠭᠳᠡᠯ︾ ᠢ ᠲᠣᠭᠲᠠᠭᠠᠨ | ᠲᠠᠷᠬᠠᠭᠠᠪᠠ᠂ ᠡᠭᠦᠨ ᠳᠤ ᠭᠤᠷᠪᠠᠨ ᠲᠠᠯ᠎ᠠ 15 ᠵᠦᠢᠯ ᠤᠨ ᠠᠷᠭ᠎ᠠ ᠬᠡᠮᠵᠢᠶ᠎ᠡ ᠪᠠᠭᠲᠠᠨ᠎ᠠ᠂ ᠪᠣᠳᠠᠲᠠᠢ ᠪᠠᠷ ᠬᠡᠯᠡᠪᠡᠯ᠄ | ᠲᠥᠷᠥ ᠶᠢᠨ ᠪᠣᠳᠣᠯᠭ᠎ᠠ ᠪᠠᠷ ᠬᠦᠴᠢᠷᠳᠡᠯ ᠢ ᠰᠢᠢᠳᠪᠦᠷᠢᠯᠡᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ | ᠳᠠᠷᠤᠭᠠᠰᠤ ᠶᠢ ᠬᠦᠴᠦᠯᠡᠨ ᠬᠥᠩᠭᠡᠷᠡᠭᠦᠯᠬᠦ ᠲᠠᠯ᠎ᠠ ᠪᠠᠷ᠂ ︽ᠮᠡᠳᠡᠭᠳᠡᠯ︾ ᠳᠤ 3 ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠳᠣᠷᠬᠠᠢ ᠲᠣᠭᠲᠠᠭᠠᠪᠠ᠄ | · ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠬᠢᠭᠡᠳ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ | ᠵᠣᠯᠭᠠᠯᠴᠠᠭ᠎ᠠ ᠶᠢ ᠴᠢᠩᠭᠠᠳᠬᠠᠵᠤ᠂ ᠳᠠᠭᠠᠳᠬᠠᠯ ᠤᠨ ᠲᠥᠯᠥᠪᠦᠷᠢ ᠶᠢᠨ ᠵᠣᠭᠤᠰ ᠢ ᠭᠤᠪᠢᠭᠤᠯᠭ᠎ᠠ ᠶᠢᠨ ᠣᠷᠣᠯᠭ᠎ᠠ ᠲᠠᠢ ᠠᠳᠠᠯᠢ ᠪᠠᠷ ᠦᠵᠡᠵᠦ ᠭᠠᠶᠢᠯᠢ | ᠪᠤᠴᠠᠭᠠᠯᠲᠠ ᠶᠢ ᠭᠦᠢᠴᠡᠳᠬᠡᠨ᠎ᠡ︔ | · ᠡᠳ᠋ᠰᠢᠭᠦᠯᠬᠦ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠳ᠋ᠰᠢᠭᠦᠯᠬᠦ | ᠠᠷᠠᠯᠵᠢᠶ᠎ᠠ ᠶᠢᠨ ᠠᠵᠤ ᠠᠬᠤᠶᠢᠯᠠᠯ ᠤᠨ ᠥᠩᠭᠡᠷᠡᠭᠰᠡᠨ ᠳᠤ ᠭᠠᠳᠠᠭᠠᠳᠤ ᠳᠤ ᠭᠠᠷᠭᠠᠭᠰᠠᠨ ᠦᠢᠯᠡᠳᠬᠦᠨ ᠤ ᠭᠠᠶᠢᠯᠢ ᠲᠠᠲᠠᠪᠤᠷᠢᠯᠠᠬᠤ ᠪᠠ ᠪᠤᠴᠠᠭᠠᠬᠤ ᠨᠣᠷᠮ᠎ᠠ ᠨᠢ | ᠨᠢᠭᠡᠳᠦᠯ ᠦᠭᠡᠢ ᠠᠴᠠ ᠪᠣᠯᠵᠤ ᠲᠤᠯᠭᠠᠨ ᠰᠠᠭᠤᠯᠭᠠᠵᠤ ᠳᠡᠶᠢᠯᠬᠦ ᠦᠭᠡᠢ ᠪᠣᠯᠤᠭᠰᠠᠨ ᠣᠷᠣᠯᠭ᠎ᠠ ᠶᠢᠨ ᠭᠠᠶᠢᠯᠢ ᠶᠢᠨ ᠨᠣᠷᠮ᠎ᠠ ᠶᠢ ᠣᠳᠣ ᠣᠷᠣᠯᠭ᠎ᠠ ᠶᠢᠨ ᠭᠠᠶᠢᠯᠢ ᠶᠢᠨ | ᠨᠣᠷᠮ᠎ᠠ ᠪᠠᠷ ᠥᠷᠲᠡᠭ ᠨᠡᠮᠡᠭᠳᠡᠯ ᠤᠨ ᠭᠠᠶᠢᠯᠢ ᠶᠢ ᠲᠤᠯᠭᠠᠨ ᠰᠠᠭᠤᠯᠭᠠᠵᠤ ᠪᠣᠯᠬᠤ ᠶᠢ ᠵᠥᠪᠰᠢᠶᠡᠷᠡᠪᠡ︔ | · ᠬᠢᠯᠢ ᠠᠴᠠ ᠭᠠᠷᠴᠤ ᠭᠠᠶᠢᠯᠢ ᠪᠤᠴᠠᠭᠠᠬᠤ ᠲᠥᠷᠥ ᠶᠢᠨ ᠪᠣᠳᠣᠯᠭ᠎ᠠ ᠶᠢᠨ ᠳᠠᠯᠳᠠ ᠬᠦᠴᠦᠨ ᠢ ᠠᠭᠤᠳᠠᠯᠵᠤ᠂ ᠲᠥᠷᠥ ᠶᠢᠨ ᠪᠣᠳᠣᠯᠭ᠎ᠠ ᠶᠢᠨ ᠬᠠᠮᠤᠷᠬᠤ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠭᠠᠶᠢᠯᠢ ᠪᠤᠴᠠᠭᠠᠬᠤ ᠳᠡᠯᠭᠡᠭᠦᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠲᠥᠬᠦᠮ ᠦᠵᠡᠭᠦᠯᠬᠦ ᠠᠷᠭ᠎ᠠ | ᠬᠡᠮᠵᠢᠶ᠎ᠡ ᠶᠢ ᠶᠡᠭᠡ ᠪᠠᠷ ᠬᠡᠷᠡᠭᠵᠢᠭᠦᠯᠦᠨ᠎ᠡ᠃ | ᠳᠥᠭᠦᠮ ᠳᠥᠲᠡ ᠪᠠᠷ ᠭᠠᠶᠢᠯᠢ ᠪᠤᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠡᠯᠡ ᠮᠥᠩᠭᠦᠨ ᠤ ᠡᠷᠭᠢᠯᠲᠡ ᠶᠢᠨ ᠪᠦᠲᠦᠮᠵᠢ ᠶᠢ ᠬᠦᠴᠦᠯᠡᠨ | ᠳᠡᠭᠡᠭᠰᠢᠯᠡᠭᠦᠯᠬᠦ ᠲᠠᠯ᠎ᠠ ᠪᠠᠷ᠂ ︽ᠮᠡᠳᠡᠭᠳᠡᠯ︾ ᠳᠤ 7 ᠵᠦᠢᠯ ᠤᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠳᠤᠷᠠᠳᠪᠠ᠄ | · ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ︽ᠥᠯᠥ ᠣᠶᠢᠷᠠᠲᠤᠯᠴᠠᠬᠤ︾ ᠪᠠᠷ ᠭᠦᠢᠴᠡᠳᠬᠡᠬᠦ ᠶᠢ ᠶᠡᠭᠡ ᠪᠠᠷ ᠳᠡᠯᠭᠡᠷᠡᠭᠦᠯᠵᠦ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ | ᠪᠣᠯᠭᠠᠨ᠎ᠠ︔ | · ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠮᠡᠳᠡᠭᠦᠯᠦᠨ ᠬᠦᠷᠭᠡᠬᠦ ᠮᠠᠲ᠋ᠧᠷᠢᠶᠠᠯ ᠢ | ᠤᠯᠠᠮ ᠨᠢᠭᠡ ᠠᠯᠬᠤᠮ ᠨᠠᠷᠢᠯᠢᠭᠵᠢᠭᠤᠯᠤᠨ ᠳᠥᠭᠦᠮᠴᠢᠯᠡᠨ᠎ᠡ︔ · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠳᠠᠩᠰᠠᠯᠠᠭᠤᠯᠬᠤ ᠪᠢᠴᠢᠭ ᠪᠠᠷᠢᠮᠲᠠ ᠶᠢ | ᠡᠯᠧᠺᠳ᠋ᠷᠤᠨᠴᠢᠯᠡᠬᠦ ᠶᠢ ᠢᠳᠡᠪᠬᠢᠲᠡᠢ ᠬᠡᠷᠡᠭᠵᠢᠭᠦᠯᠵᠦ᠂ ᠠᠵᠤ ᠠᠬᠤᠶᠢᠯᠠᠯ ᠲᠣᠰ ᠪᠡᠶ᠎ᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠠᠴᠢᠯᠠᠬᠤ᠂ ᠳᠦᠷᠢᠴᠢᠯᠡᠬᠦ | ᠪᠤᠶᠤ ᠴᠠᠭᠠᠰᠤᠵᠢᠭᠤᠯᠬᠤ ᠪᠢᠴᠢᠭ ᠪᠠᠷᠢᠮᠲᠠ ᠶᠢ ᠦᠯᠡᠳᠡᠭᠡᠨ ᠬᠠᠳᠠᠭᠠᠯᠠᠬᠤ ᠠᠷᠭ᠎ᠠ ᠶᠢ ᠠᠮᠢᠳᠤᠯᠢᠭ ᠢᠶᠠᠷ ᠰᠣᠩᠭᠤᠬᠤ ᠶᠢ ᠨᠢ ᠳᠡᠮᠵᠢᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠣᠶᠤᠨᠴᠢ ᠮᠡᠳᠡᠭᠦᠯᠦᠯᠲᠡ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠳᠤ | ᠮᠡᠳᠡᠭᠦᠯᠬᠦ ᠪᠢᠴᠢᠭ᠂ ᠪᠠᠷᠢᠮᠲᠠ ᠶᠢᠨ ᠮᠡᠳᠡᠭᠡ ᠵᠠᠩᠭᠢ ᠶᠢ ᠲᠠᠭᠯᠠᠨ ︽ᠮᠡᠳᠡᠭᠦᠯᠬᠦ ᠠᠴᠠ ᠬᠡᠯᠲᠦᠷᠢᠭᠦᠯᠬᠦ︾ ᠪᠡᠶᠡᠯᠡᠭᠳᠡᠯ ᠢ ᠠᠬᠢᠭᠤᠯᠤᠨ᠎ᠠ︔ · ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠤᠨ ᠴᠢᠨᠠᠷ ᠪᠠ ᠪᠦᠲᠦᠮᠵᠢ ᠶᠢ ᠳᠡᠭᠡᠭᠰᠢᠯᠡᠭᠦᠯᠵᠦ᠂ 2022 ᠣᠨ ᠳᠤ ᠪᠥᠬᠦ ᠤᠯᠤᠰ ᠤᠨ ᠬᠡᠪ ᠤᠨ ᠭᠠᠶᠢᠯᠢ | ᠪᠤᠴᠠᠭᠠᠯᠲᠠ ᠶᠢ ᠭᠦᠢᠴᠡᠳᠬᠡᠬᠦ ᠳᠤᠮᠳᠠᠴᠢ ᠴᠠᠭ ᠢ 6 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠬᠦ ᠪᠣᠯᠭᠠᠨ ᠪᠣᠭᠤᠨᠢᠰᠬᠠᠨ᠎ᠠ︔ | · ᠪᠣᠭᠤᠮᠲᠠ ᠪᠠ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠭᠠᠷᠭᠠᠯᠲᠠ ᠶᠢᠨ ᠪᠠᠷᠠᠭ᠎ᠠ ᠶᠢ | ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠭᠦᠯᠬᠦ ᠪᠦᠲᠦᠮᠵᠢ ᠶᠢ ᠳᠡᠭᠡᠭᠰᠢᠯᠡᠭᠦᠯᠦᠨ᠎ᠡ︔ | · ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠵᠦᠢᠯᠡᠰ ᠢ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠦᠨ ᠳᠥᠭᠦᠮᠴᠢᠯᠡᠵᠦ᠂ ︽ᠳᠤᠲᠠᠭᠤ ᠪᠠᠷ ᠨᠢ | ᠵᠥᠪᠰᠢᠶᠡᠷᠡᠨ ᠭᠦᠢᠴᠡᠳᠬᠡᠬᠦ︾ ᠶᠢ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠬᠡᠷᠡᠭᠵᠢᠭᠦᠯᠵᠦ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠬᠤ ᠭᠡᠷᠡᠴᠢᠯᠡᠭᠡ ᠶᠢᠨ ᠪᠥᠬᠦ ᠴᠤᠪᠤᠷᠠᠯ ᠳᠤ ᠴᠠᠭᠠᠰᠤ ᠦᠭᠡᠶᠢᠵᠢᠭᠦᠯᠬᠦ ᠶᠢ ᠢᠳᠡᠪᠬᠢᠲᠡᠢ ᠠᠬᠢᠭᠤᠯᠤᠨ᠂ ᠭᠠᠶᠢᠯᠢ ᠪᠤᠴᠠᠭᠠᠯᠲᠠ ᠶᠢ | ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠤᠨ ᠪᠡᠯᠡ ᠮᠥᠩᠭᠦ ᠶᠢᠨ | ᠡᠷᠭᠢᠯᠲᠡ ᠶᠢ ᠲᠦᠷᠭᠡᠳᠬᠡᠨ᠎ᠡ᠃ | ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠬᠥᠭᠵᠢᠯᠲᠡ ᠶᠢ ᠬᠦᠴᠦᠯᠡᠨ | ᠠᠬᠢᠭᠤᠯᠬᠤ ᠲᠠᠯ᠎ᠠ ᠪᠠᠷ᠂ | ︽ᠮᠡᠳᠡᠭᠳᠡᠯ︾ ᠳᠤ 5 ᠵᠦᠢᠯ ᠤᠨ ᠳᠡᠮᠵᠢᠬᠦ ᠠᠷᠭ᠎ᠠ ᠬᠡᠮᠵᠢᠶ᠎ᠡ ᠨᠡᠶᠢᠲᠡᠯᠡᠪᠡ᠄ | · ᠤᠬᠠᠭᠤᠯᠭ᠎ᠠ ᠶᠢᠨ ᠠᠷᠭ᠎ᠠ ᠵᠠᠮ ᠵᠢᠴᠢ ᠨᠠᠷᠢᠯᠢᠭ ᠣᠨᠣᠴᠠᠲᠠᠢ ᠰᠠᠨᠠᠭᠤᠯᠬᠤ ᠠᠭᠤᠯᠭ᠎ᠠ ᠶᠢ ᠪᠠᠶᠠᠯᠢᠭᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠷ᠎ᠡ ᠪᠦᠲᠦᠮᠵᠢ ᠶᠢ ᠨᠢ ᠳᠡᠭᠡᠭᠰᠢᠯᠡᠭᠦᠯᠦᠨ᠎ᠡ︔ · ᠬᠢᠯᠢ ᠠᠯᠤᠰᠯᠠᠭᠰᠠᠨ ᠡᠯᠧᠺᠳ᠋ᠷᠣᠨ | ᠬᠤᠳᠠᠯᠳᠤᠭᠠᠨ ᠤ ᠡᠷᠡᠭᠦᠯ᠂ ᠦᠷᠭᠦᠯᠵᠢᠯᠡᠬᠦ᠋ᠢᠴᠡ᠂ ᠰᠢᠨᠡᠴᠢᠯᠡᠭᠰᠡᠨ ᠬᠥᠭᠵᠢᠯᠲᠡ ᠶᠢ ᠨᠢ ᠳᠡᠮᠵᠢᠨ᠎ᠡ︔ | · ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠭᠠᠶᠢᠯᠢ ᠪᠤᠴᠠᠭᠠᠯᠲᠠ ᠶᠢᠨ ᠲᠥᠪᠯᠡᠷᠡᠭᠦᠯᠵᠦ ᠣᠷᠣᠯᠠᠨ | ᠭᠦᠢᠴᠡᠳᠬᠡᠬᠦ ᠶᠢ ᠳᠠᠩᠰᠠᠯᠠᠬᠤ ᠴᠤᠪᠤᠷᠠᠯ ᠢ ᠳᠥᠭᠦᠮᠴᠢᠯᠡᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ | ᠬᠥᠭᠵᠢᠯᠲᠡ ᠳᠤ ᠲᠥᠬᠦᠮ ᠨᠥᠬᠦᠴᠡᠯ ᠪᠦᠷᠢᠯᠳᠦᠭᠦᠯᠵᠦ ᠥᠭᠭᠦᠨ᠎ᠡ︔ | · ᠢᠲᠡᠭᠡᠮᠵᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠢᠲᠡᠭᠡᠮᠵᠢᠲᠡᠢ ᠡᠵᠡᠩᠨᠡᠬᠦ ᠶᠢ ᠵᠢᠯᠣᠭᠤᠳᠴᠤ᠂ ᠨᠢᠭᠡᠨᠲᠡ ᠭᠠᠶᠢᠯᠢ | ᠲᠤᠰᠢᠶᠠᠬᠤ ᠢᠲᠡᠭᠡᠮᠵᠢ ᠪᠠᠨ ᠰᠡᠷᠭᠦᠭᠡᠭᠰᠡᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠯᠲᠠ ᠶᠢᠨ ᠲᠥᠷᠥᠯ ᠬᠤᠪᠢᠶᠠᠭᠰᠠᠨ | ᠬᠠᠮᠢᠶᠠᠷᠤᠯᠲᠠ ᠶᠢᠨ ᠲᠥᠷᠥᠯ ᠢ ᠳᠠᠬᠢᠨ ᠲᠣᠭᠲᠠᠭᠠᠬᠤ ᠶᠢ ᠨᠢ ᠵᠥᠪᠰᠢᠶᠡᠷᠡᠨ᠎ᠡ︔ | · ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ ᠶᠢᠨ ᠬᠠᠮᠲᠤ ᠬᠤᠳᠠᠯ ᠬᠡᠯᠡᠵᠦ ᠭᠠᠶᠢᠯᠢ ᠮᠡᠬᠡᠯᠡᠨ ᠠᠪᠬᠤ ᠠᠵᠢᠯᠯᠠᠭ᠎ᠠ ᠳᠤ ᠬᠤᠯᠪᠣᠭᠠᠯᠠᠨ ᠴᠣᠬᠢᠯᠲᠠ | ᠥᠭᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠲᠡᠭᠰᠢ ᠲᠥᠪ ᠭᠤᠣᠯᠴᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠢ ᠪᠣᠶ ᠪᠣᠯᠭᠠᠨ᠎ᠠ᠃ | Q2 | Q᠄ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠪᠠᠶᠢᠬᠤ ᠪᠤᠶ︖ | A᠄ ᠮᠡᠳᠡᠭᠦᠯᠬᠦ ᠳᠤ ᠲᠥᠬᠦᠮ ᠦᠵᠡᠭᠦᠯᠬᠦ ᠲᠠᠯ᠎ᠠ ᠪᠠᠷ᠂ ︽ᠤᠷᠢᠳᠴᠢᠯᠠᠨ ᠮᠡᠳᠡᠭᠦᠯᠬᠦ︾ ︽ᠬᠤᠶᠠᠷ ᠠᠯᠬᠤᠮ ᠢᠶᠠᠷ ᠮᠡᠳᠡᠭᠦᠯᠬᠦ︾ ᠵᠡᠷᠭᠡ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶᠢᠯᠠᠯ ᠤᠳ ᠲᠤ ᠠᠳᠠᠯᠢ ᠪᠤᠰᠤ ᠠᠵᠤ ᠠᠬᠤᠶᠢᠯᠠᠯ ᠳᠤ ᠲᠣᠬᠢᠷᠠᠭᠰᠠᠨ ᠮᠡᠳᠡᠭᠦᠯᠬᠦ | ᠵᠠᠭᠪᠤᠷ ᠤᠨ ᠰᠣᠩᠭᠤᠯᠲᠠ ᠬᠠᠩᠭᠠᠨ᠎ᠠ᠃ | ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠬᠦ ᠲᠠᠯ᠎ᠠ ᠪᠠᠷ᠂ ︽ᠬᠤᠶᠠᠷ ᠬᠡᠰᠡᠭ ᠲᠤ ᠵᠥᠪᠰᠢᠶᠡᠷᠡᠨ ᠣᠷᠣᠭᠤᠯᠬᠤ︾ ︽ᠵᠣᠷᠢᠭᠰᠠᠨ ᠭᠠᠵᠠᠷ | ᠪᠠᠶᠢᠴᠠᠭᠠᠬᠤ︾ ᠵᠡᠷᠭᠡ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠣᠭᠤᠮᠲᠠ ᠠᠴᠠ ᠪᠠᠷᠠᠭ᠎ᠠ ᠪᠠᠨ ᠲᠦᠷᠭᠡᠨ ᠭᠠᠷᠭᠠᠨ | ᠠᠪᠬᠤ ᠳᠤ ᠲᠥᠬᠦᠮ ᠦᠵᠡᠭᠦᠯᠦᠨ᠎ᠡ᠃ ᠡᠭᠦᠨ ᠤ ᠵᠡᠷᠭᠡ ᠪᠠᠷ᠂ ᠣᠩᠭᠤᠴᠠᠨ ᠤ ᠳᠡᠷᠭᠡᠳᠡ ︽ᠰᠢᠭᠤᠳ ᠠᠪᠴᠤ ᠰᠢᠭᠤᠳ ᠲᠡᠭᠡᠭᠡᠪᠦᠷᠢᠯᠡᠬᠦ︾ ᠲᠤᠷᠰᠢᠯᠲᠠ ᠶᠢ ᠪᠥᠬᠦ | ᠤᠯᠤᠰ ᠤᠨ ᠨᠥᠬᠦᠴᠡᠯ ᠪᠦᠷᠢᠳᠦᠭᠰᠡᠨ ᠰᠢᠭᠤᠳ ᠬᠠᠷᠢᠶ᠎ᠠ ᠪᠣᠭᠤᠮᠲᠠ ᠳᠤ ᠴᠥᠮ ᠪᠦᠷᠬᠦᠭᠦᠯᠬᠦ ᠶᠢ ᠠᠬᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠣᠷᠣᠨ ᠪᠦᠰᠡ ᠳᠤ ᠠᠶᠤᠯ ᠲᠦᠭᠰᠢᠭᠦᠷᠢ ᠶᠢ ᠪᠠᠶᠢᠷᠢᠯᠠᠭᠤᠯᠤᠨ ᠡᠵᠡᠮᠳᠡᠬᠦ᠂ ᠡᠳ᠋ | ᠪᠠᠷᠠᠭ᠎ᠠ ᠶᠢ ᠬᠢᠨᠠᠨ ᠬᠠᠮᠢᠶᠠᠷᠬᠤ ᠪᠠ ᠭᠠᠶᠢᠯᠢ ᠲᠤᠰᠢᠶᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠪᠣᠭᠤᠮᠲᠠ ᠪᠠ ᠣᠷᠣᠨ ᠠᠯᠤᠰᠯᠠᠨ ᠬᠠᠮᠵᠢᠯᠴᠠᠨ ᠬᠠᠮᠢᠶᠠᠷᠬᠤ ᠶᠢ | ᠤᠷᠢᠳ ᠢᠶᠠᠷ ᠠᠬᠢᠭᠤᠯᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠯ ᠤᠨ ᠴᠠᠭᠠᠰᠤ ᠦᠭᠡᠶᠢᠵᠢᠭᠦᠯᠬᠦ ᠶᠢ ᠪᠡᠶᠡᠯᠡᠭᠦᠯᠵᠦ᠂ ︽ᠪᠦᠬᠦ ᠶᠠᠪᠤᠴᠠ ᠶᠢ | ᠰᠦᠯᠵᠢᠶᠡᠨ ᠳᠤ ᠭᠦᠢᠴᠡᠳᠬᠡᠬᠦ︾ ︽ᠪᠦᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ | ᠪᠣᠭᠤᠮᠲᠠ ᠪᠠᠷ ᠳᠥᠭᠦᠮ ᠳᠥᠲᠡ ᠥᠩᠭᠡᠷᠡᠬᠦ ᠪᠠ ᠪᠠᠶᠢᠳᠠᠯ ᠳᠤ ᠨᠢ ᠲᠣᠬᠢᠷᠠᠭᠤᠯᠤᠨ ᠬᠢᠨᠠᠨ ᠬᠠᠮᠢᠶᠠᠷᠬᠤ ᠶᠢ ᠠᠬᠢᠭᠤᠯᠤᠨ᠎ᠠ᠃ | ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ᠰᠢᠭᠤᠳ ᠬᠠᠷᠢᠶ᠎ᠠ ᠪᠣᠭᠤᠮᠲᠠ ᠨᠤᠭᠤᠳ ᠢ ᠵᠢᠯᠤᠭᠤᠳᠴᠤ ᠪᠠᠶᠢᠭᠠᠳ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ | ᠂ ᠠᠳᠠᠯᠢ ᠪᠤᠰᠤ ᠠᠵᠢᠯ ᠲᠦᠢᠷᠦᠯ ᠪᠠ ᠦᠢᠯᠡᠳᠬᠦᠨ ᠤ ᠣᠨᠴᠠᠯᠢᠭ ᠢ ᠦᠨᠳᠦᠰᠦᠯᠡᠨ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠢ ᠬᠠᠪᠰᠤᠷᠤᠨ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠶᠠᠪᠤᠴᠠ ᠳᠠᠬᠢ ᠬᠦᠴᠢᠷᠳᠡᠯ ᠢ ᠨᠢ ᠰᠢᠢᠳᠪᠦᠷᠢᠯᠡᠵᠦ ᠥᠭᠭᠦᠨ᠎ᠡ | ᠃ ᠵᠢᠱᠢᠶᠡᠯᠡᠪᠡᠯ᠂ ᠠᠷᠠᠳ ᠤᠨ ᠠᠮᠢᠳᠤᠷᠠᠯ ᠤᠨ ᠴᠢᠬᠤᠯᠠ ᠡᠳ᠋ ᠪᠣᠳᠠᠰ ᠢ ᠭᠠᠳᠠᠭᠠᠳᠤ ᠠᠴᠠ ᠣᠷᠣᠭᠤᠯᠬᠤ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ | ᠠᠭᠠᠷ ᠠᠶᠠᠯᠠᠯ᠂ ᠬᠤᠷᠠᠮᠠᠯ ᠴᠠᠬᠢᠯᠭᠠᠨ ᠬᠡᠯᠬᠢᠶ᠎ᠡ᠂ ᠮᠠᠰᠢᠨ ᠲᠡᠷᠭᠡ ᠦᠢᠯᠡᠳᠬᠦ ᠵᠡᠷᠭᠡ ᠠᠵᠤ ᠦᠢᠯᠡᠰ ᠲᠤ ᠪᠣᠭᠤᠮᠲᠠ ᠪᠠᠷ ᠥᠩᠭᠡᠷᠡᠭᠦᠯᠬᠦ ᠳᠡᠮᠵᠢᠯᠭᠡ ᠬᠠᠩᠭᠠᠵᠤ᠂ | ᠵᠠᠩᠭᠢᠯᠠᠭ᠎ᠠ ᠶᠢᠨ ᠰᠡᠯᠪᠢᠭ ᠲᠤᠨᠤᠭ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ ᠳᠤ ᠬᠦᠴᠦᠨ ᠨᠡᠮᠡᠷᠢᠯᠡᠨ᠎ᠡ᠃ | Q3 | Q᠄ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠪᠠᠨ ᠪᠤᠴᠠᠭᠠᠬᠤ ᠰᠣᠯᠢᠬᠤ | ᠬᠠᠮᠢᠶᠠᠷᠤᠯᠲᠠ ᠳᠤ ᠶᠠᠮᠠᠷ ᠶᠠᠮᠠᠷ ᠲᠤᠰᠠᠲᠠᠢ ᠠᠷᠭ᠎ᠠ ᠬᠡᠮᠵᠢᠶ᠎ᠡ ᠪᠠᠶᠢᠬᠤ ᠪᠣᠶ︖ | A᠄ 2020 ᠣᠨ ᠠᠴᠠ ᠣᠲᠣ ᠪᠣᠯᠲᠠᠯ᠎ᠠ ᠣᠯᠠᠨ ᠠᠯᠪᠠᠨ ᠵᠠᠷ ᠨᠡᠶᠢᠲᠡᠯᠡᠵᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠪᠠᠷᠠᠭ᠎ᠠ ᠪᠤᠴᠠᠭᠠᠬᠤ ᠴᠤᠪᠤᠷᠠᠯ ᠢ ᠰᠢᠯᠢᠳᠡᠭᠵᠢᠭᠦᠯᠪᠡ᠃ 2021 ᠣᠨ ᠤ 9 ᠳ᠋ᠦ᠋ᠭᠡᠷ | ᠰᠠᠷ᠎ᠠ ᠳᠤ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠪᠠᠰᠠ ︽ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠵᠢᠭᠯᠡᠨ ᠬᠤᠳᠠᠯᠳᠤᠬᠤ ᠭᠠᠳᠠᠭᠠᠳᠤ | ᠣᠷᠤᠭᠤᠯᠤᠯᠲᠠ ᠭᠠᠷᠭᠠᠯᠲᠠ ᠶᠢᠨ ᠪᠠᠷᠠᠭ᠎ᠠ ᠪᠤᠴᠠᠭᠠᠬᠤ ᠲᠥᠪ ᠬᠥᠮᠥᠷᠭᠡ ᠶᠢᠨ ᠵᠠᠭᠪᠤᠷ ᠢ ᠪᠥᠬᠦ ᠲᠠᠯ᠎ᠠ ᠪᠠᠷ ᠳᠡᠯᠭᠡᠷᠡᠭᠦᠯᠬᠦ ᠲᠤᠬᠠᠢ ᠠᠯᠪᠠᠨ ᠵᠠᠷ︾ ᠢ ᠨᠡᠶᠢᠲᠡᠯᠡᠨ | ᠬᠡᠷᠡᠭᠵᠢᠭᠦᠯᠵᠦ᠂ ᠪᠠᠷᠠᠭ᠎ᠠ ᠪᠤᠴᠠᠭᠠᠬᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ | ᠪᠠᠷᠠᠭ᠎ᠠ ᠪᠤᠴᠠᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠷᠲᠡᠭ ᠪᠠ ᠴᠠᠭ ᠤᠨ ᠥᠷᠲᠡᠭ ᠢ | ᠪᠠᠭᠤᠷᠠᠭᠤᠯᠤᠨ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ ᠠᠴᠠ ᠣᠷᠣᠭᠤᠯᠬᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠪᠠ᠃ | ᠠᠳᠡ ᠬᠡᠯᠡᠵᠦ ᠪᠠᠶᠢᠭ᠎ᠠ ︽ᠪᠠᠷᠠᠭ᠎ᠠ ᠪᠤᠴᠠᠭᠠᠬᠤ ᠲᠥᠪ ᠬᠥᠮᠥᠷᠭᠡ︾ ᠭᠡᠳᠡᠭ ᠨᠢ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠤᠨ | ᠬᠢᠯᠢ ᠶᠢᠨ ᠳᠣᠲᠣᠷᠠᠬᠢ ᠣᠷᠣᠯᠠᠭᠴᠢ ᠪᠤᠶᠤ ᠲᠡᠭᠦᠨ ᠤ ᠨᠠᠶᠢᠳᠠᠭᠰᠠᠨ ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠶᠢᠨ ᠳᠣᠲᠣᠷᠠᠬᠢ ᠬᠥᠮᠥᠷᠭᠡᠯᠡᠨ | ᠬᠠᠳᠠᠭᠠᠯᠠᠬᠤ ᠠᠵᠤ ᠠᠬᠤᠶᠢᠯᠠᠯ ᠢ ᠵᠢᠭᠠᠵᠤ ᠪᠣᠶ᠃ ᠪᠣᠭᠤᠮᠲᠠ ᠶᠢᠨ ᠣᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠬᠢᠯᠢ ᠠᠯᠤᠰᠯᠠᠭᠰᠠᠨ | ᠡᠯᠧᠺᠳ᠋ᠷᠣᠨ ᠬᠤᠳᠠᠯᠳᠤᠭᠠᠨ ᠤ ᠵᠢᠵᠢᠭᠯᠡᠨ ᠬᠤᠳᠠᠯᠳᠤᠬᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠬᠠᠳᠠᠭᠠᠯᠠᠬᠤ ᠳᠤ ᠲᠤᠰᠬᠠᠢ ᠬᠡᠷᠡᠭᠯᠡᠬᠦ ᠪᠠᠷᠠᠭ᠎ᠠ ᠪᠤᠴᠠᠭᠠᠬᠤ | ᠲᠤᠰᠬᠠᠢ ᠬᠡᠷᠡᠭᠯᠡᠭᠡᠨ ᠤ ᠬᠠᠳᠠᠭᠠᠯᠠᠬᠤ ᠭᠠᠵᠠᠷ ᠢ ᠪᠠᠶᠢᠭᠤᠯᠵᠤ᠂ ᠪᠤᠴᠠᠭᠠᠭᠰᠠᠨ ᠲᠠᠸᠠᠷ ᠢ ᠭᠥᠯᠢᠶᠡᠨ ᠠᠪᠬᠤ ᠪᠠ ᠢᠯᠭᠠᠬᠤ ᠵᠡᠷᠭᠡ ᠴᠤᠪᠤᠷᠠᠯ ᠢ ᠪᠣᠭᠤᠮᠲᠠ ᠶᠢᠨ | ᠣᠨᠴᠠᠭᠠᠢ ᠬᠢᠨᠠᠯᠲᠠ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷ᠎ᠠ ᠥᠷᠨᠢᠭᠦᠯᠵᠦ᠂ ᠭᠠᠳᠠᠭᠠᠳᠤ ᠠᠴᠠ ᠬᠤᠳᠠᠯᠳᠤᠨ ᠠᠪᠤᠭᠰᠠᠨ ᠪᠠᠷᠠᠭ᠎ᠠ ᠶᠢ ᠪᠤᠴᠠᠭᠠᠬᠤ ᠳᠤ | ᠪᠣᠭᠤᠮᠲᠠ ᠪᠠᠷ ᠳᠥᠭᠦᠮ ᠳᠥᠲᠡ ᠥᠩᠭᠡᠷᠡᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ᠃ | Q4 | Q᠄ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠤ ᠳᠥᠭᠦᠮ ᠦᠵᠡᠭᠦᠯᠬᠦ ᠬᠡᠮᠵᠢᠶ᠎ᠡ ᠶᠢ ᠬᠡᠷᠬᠢᠨ ᠳᠡᠭᠡᠭᠰᠢᠯᠡᠭᠦᠯᠬᠦ ᠪᠤᠢ︖ | A᠄ ᠡᠨᠡ ᠵᠢᠯ ︽ᠭᠤᠷᠪᠠ ᠶᠢ ᠬᠠᠰᠤᠬᠤ᠂ ᠭᠤᠷᠪᠠ ᠶᠢ ᠨᠡᠮᠡᠬᠦ᠂ ᠭᠤᠷᠪᠠ ᠶᠢ ᠲᠦᠷᠭᠡᠳᠬᠡᠬᠦ︾ ᠰᠢᠨ᠎ᠡ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠳᠠᠭᠠᠳᠤ | ᠭᠠᠷᠭᠠᠯᠲᠠ ᠶᠢᠨ ᠭᠠᠶᠢᠯᠢ ᠪᠤᠴᠠᠭᠠᠯᠲᠠ ᠶᠢ ᠭᠦᠢᠴᠡᠳᠬᠡᠬᠦ ᠳᠤ ᠲᠥᠬᠦᠮ ᠦᠵᠡᠭᠦᠯᠬᠦ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︽ᠭᠤᠷᠪᠠ ᠶᠢ ᠬᠠᠰᠤᠬᠤ︾ ᠭᠡᠳᠡᠭ ᠨᠢ ᠮᠠᠲ᠋ᠧᠷᠢᠶᠠᠯ ᠢ ᠬᠠᠰᠤᠬᠤ᠂ ᠤᠴᠢᠷ ᠶᠠᠪᠤᠳᠠᠯ ᠢ ᠬᠠᠰᠤᠬᠤ᠂ ᠴᠠᠭᠠᠰᠤᠨ ᠭᠡᠷᠡᠴᠢᠯᠡᠭᠡ ᠶᠢ ᠬᠠᠰᠤᠬᠤ ᠶᠢ ᠵᠢᠭᠠᠵᠤ ᠪᠠᠶᠢᠨ᠎ᠠ᠃ | | · ᠮᠠᠲ᠋ᠧᠷᠢᠶᠠᠯ ᠢ ᠬᠠᠰᠤᠬᠤ ᠭᠡᠳᠡᠭ ᠨᠢ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠪᠠᠷ ᠲᠦᠰᠢᠭ ᠪᠣᠯᠭᠠᠵᠤ᠂ ᠭᠠᠳᠠᠭᠠᠳᠤ ᠳᠤ ᠭᠠᠷᠭᠠᠭᠰᠠᠨ ᠦᠢᠯᠡᠳᠬᠦᠨ ᠤ | ᠭᠠᠶᠢᠯᠢ ᠪᠤᠴᠠᠭᠠᠯᠲᠠ ᠪᠠᠷ ᠮᠡᠳᠡᠭᠦᠯᠬᠦ᠂ ᠭᠡᠷᠡᠴᠢᠯᠡᠭᠦᠯᠬᠦ ᠵᠡᠷᠭᠡ ᠤᠴᠢᠷ ᠶᠠᠪᠤᠳᠠᠯ ᠳᠤ ᠮᠡᠳᠡᠭᠦᠯᠦᠨ ᠬᠦᠷᠭᠡᠬᠦ ᠴᠢᠬᠤᠯᠠᠲᠠᠢ ᠣᠯᠠᠨ ᠵᠦᠢᠯ ᠤᠨ ᠴᠠᠭᠠᠰᠤᠨ ᠮᠠᠲ᠋ᠧᠷᠢᠶᠠᠯ ᠢ | ᠬᠦᠴᠦᠨ ᠦᠭᠡᠢ ᠪᠣᠯᠭᠠᠬᠤ ᠪᠤᠶᠤ ᠲᠣᠬᠢᠷᠠᠭᠤᠯᠬᠤ ᠶᠠᠪᠤᠳᠠᠯ ᠪᠣᠯᠣᠨ᠎ᠠ᠃ | · ᠤᠴᠢᠷ ᠶᠠᠪᠤᠳᠠᠯ ᠢ ᠬᠠᠰᠤᠬᠤ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠭᠰᠠᠨ ᠪᠠᠷᠠᠭ᠎ᠠ ᠶᠢ ᠬᠤᠷᠢᠶᠠᠨ ᠭᠤᠪᠢᠭᠤᠯᠬᠤ ᠶᠢᠨ ᠠᠷᠭ᠎ᠠ ᠦᠭᠡᠢ | ᠦᠶᠡᠰ ᠳᠠᠭᠢᠵᠤ ᠬᠡᠷᠡᠭ ᠤᠨ ᠡᠮᠦᠨ᠎ᠡ ᠮᠡᠳᠡᠭᠦᠯᠬᠦ ᠶᠢ ᠱᠠᠭᠠᠷᠳᠠᠬᠤ ᠦᠭᠡᠢ᠂ ᠠᠵᠤ ᠠᠬᠤᠶᠢᠯᠠᠯ ᠨᠢ ᠬᠤᠯᠪᠣᠭᠳᠠᠯ ᠪᠦᠬᠦᠢ ᠮᠠᠲ᠋ᠧᠷᠢᠶᠠᠯ ᠢ ᠥᠪᠡᠷᠲᠡᠭᠡᠨ ᠦᠯᠡᠳᠡᠭᠡᠨ | ᠬᠠᠳᠠᠭᠠᠯᠠᠵᠤ᠂ ᠬᠢᠨᠠᠨ ᠪᠠᠶᠢᠴᠠᠭᠠᠬᠤ ᠳᠤ ᠪᠡᠯᠡᠳᠬᠡᠬᠦ ᠶᠢ ᠬᠡᠯᠡᠨ᠎ᠡ᠃ | · ᠴᠠᠭᠠᠰᠤᠨ ᠭᠡᠷᠡᠴᠢᠯᠡᠭᠡ ᠶᠢ ᠬᠠᠰᠤᠬᠤ ᠭᠡᠳᠡᠭ ᠨᠢ ︽ᠪᠠᠷᠠᠭ᠎ᠠ ᠶᠢ ᠭᠠᠳᠠᠭᠠᠳᠤ ᠳᠤ ᠣᠷᠣᠯᠠᠨ ᠭᠠᠷᠭᠠᠬᠤ ᠭᠡᠷᠡᠴᠢᠯᠡᠭᠡ︾ ᠵᠡᠷᠭᠡ 6 ᠲᠥᠷᠥᠯ ᠤᠨ ᠭᠠᠷᠭᠠᠯᠲᠠ ᠶᠢᠨ | ᠭᠠᠶᠢᠯᠢ ᠪᠤᠴᠠᠭᠠᠯᠲᠠ ᠶᠢᠨ ᠭᠡᠷᠡᠴᠢᠯᠡᠭᠡ ᠭᠠᠷᠭᠠᠬᠤ ᠠᠷᠭ᠎ᠠ ᠶᠢ ᠴᠠᠭᠠᠰᠤᠨ ᠭᠡᠷᠡᠴᠢᠯᠡᠭᠡ ᠠᠴᠠ ᠨᠢ ᠡᠯᠧᠺᠳ᠋ᠷᠣᠨ ᠭᠡᠷᠡᠴᠢᠯᠡᠭᠡ ᠪᠣᠯᠭᠠᠵᠤ᠂ ᠠᠵᠤ ᠠᠬᠤᠶᠢᠯᠠᠯ | ᠬᠤᠶᠢᠰᠢᠳᠠ ᠶᠢᠨ ᠭᠠᠶᠢᠯᠢ ᠳᠤ ᠬᠤᠯᠪᠣᠭᠳᠠᠬᠤ ᠤᠴᠢᠷ ᠶᠠᠪᠤᠳᠠᠯ ᠢ ᠰᠢᠢᠳᠪᠦᠷᠢᠯᠡᠬᠦ ᠳᠤ ᠪᠠᠨ ᠴᠠᠭᠠᠰᠤᠨ ᠭᠡᠷᠡᠴᠢᠯᠡᠭᠡ ᠶᠢ ᠠᠰ ᠲᠤ ᠨᠢ ᠮᠡᠳᠡᠭᠦᠯᠦᠨ ᠬᠦᠷᠭᠡᠬᠦ ᠴᠢᠬᠤᠯᠠ | ᠦᠭᠡᠢ᠂ ᠬᠠᠷᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠯᠧᠺᠳ᠋ᠷᠣᠨ ᠭᠡᠷᠡᠴᠢᠯᠡᠭᠡ ᠶᠢᠨ ᠮᠡᠳᠡᠭᠡ ᠵᠠᠩᠭᠢ ᠶᠢ ᠪᠠᠶᠢᠴᠠᠭᠠᠬᠤ ᠶᠢ ᠬᠡᠯᠡᠨ᠎ᠡ᠃ | ︽ᠭᠤᠷᠪᠠ ᠶᠢ ᠨᠡᠮᠡᠬᠦ︾ ᠭᠡᠳᠡᠭ ᠨᠢ ᠡᠷᠴᠢᠮ ᠢ ᠴᠢᠩᠭᠠᠷᠠᠭᠤᠯᠵᠤ᠂ ᠠᠷᠭ᠎ᠠ ᠮᠠᠶ᠋ᠢᠭ ᠨᠡᠮᠡᠬᠦ᠂ ᠳᠥᠭᠦᠮ ᠦᠢᠯᠡᠴᠢᠯᠡᠭᠡ ᠨᠡᠮᠡᠬᠦ ᠶᠢ ᠵᠢᠭᠠᠵᠤ ᠪᠠᠶᠢᠨ᠎ᠠ᠃ | · ᠡᠷᠴᠢᠮ ᠢᠶᠠᠨ ᠴᠢᠩᠭᠠᠷᠠᠭᠤᠯᠬᠤ ᠭᠡᠳᠡᠭ ᠨᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ︽ᠥᠯᠥ ᠣᠶᠢᠷᠠᠲᠤᠯᠴᠠᠬᠤ︾ ᠭᠦᠢᠴᠡᠳᠬᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠭᠠᠷᠭᠠᠯᠲᠠ ᠶᠢᠨ ᠦᠢᠯᠡᠳᠬᠦᠨ ᠤ ᠭᠠᠶᠢᠯᠢ ᠪᠤᠴᠠᠭᠠᠯᠲᠠ ᠶᠢᠨ ᠮᠡᠳᠡᠭᠦᠯᠬᠦ᠂ ᠬᠢᠨᠠᠨ | ᠬᠠᠷᠭᠤᠭᠤᠯᠬᠤ᠂ ᠬᠠᠷᠢᠭᠤ ᠲᠤᠰᠬᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠬᠡᠷᠡᠭᠵᠢᠭᠦᠯᠬᠦ ᠶᠠᠪᠤᠳᠠᠯ ᠪᠣᠯᠣᠨ᠎ᠠ᠃ | · ᠠᠷᠭ᠎ᠠ ᠮᠠᠶ᠋ᠢᠭ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠳᠠᠩᠰᠠᠯᠠᠯᠲᠠ ᠶᠢᠨ ᠪᠢᠴᠢᠭ ᠪᠠᠷᠢᠮᠲᠠ ᠶᠢ ᠦᠯᠡᠳᠡᠭᠡᠨ ᠬᠠᠳᠠᠭᠠᠯᠠᠵᠤ | ᠪᠠᠶᠢᠴᠠᠭᠠᠬᠤ ᠳᠤ ᠪᠡᠯᠡᠳᠬᠡᠬᠦ ᠠᠷᠭ᠎ᠠ ᠮᠠᠶ᠋ᠢᠭ ᠢ ᠨᠡᠮᠡᠭᠳᠡᠭᠦᠯᠵᠦ᠂ ᠠᠵᠤ ᠠᠬᠤᠶᠢᠯᠠᠯ ᠤᠨ ᠥᠪᠡᠷᠰᠡᠳ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ᠴᠠᠭᠠᠰᠤᠵᠢᠭᠤᠯᠬᠤ᠂ ᠳᠦᠷᠢᠴᠢᠯᠡᠬᠦ᠂ ᠲᠣᠭᠠᠴᠢᠯᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠰᠣᠩᠭᠤᠵᠤ ᠳᠠᠩᠰᠠᠯᠠᠯᠲᠠ ᠶᠢᠨ ᠪᠢᠴᠢᠭ ᠪᠠᠷᠢᠮᠲᠠ ᠪᠠᠨ ᠦᠯᠡᠳᠡᠭᠡᠨ | ᠬᠠᠳᠠᠭᠠᠯᠠᠬᠤ ᠶᠢ ᠨᠢ ᠳᠡᠮᠵᠢᠨ᠎ᠡ᠃ | · ᠳᠥᠭᠦᠮ ᠦᠢᠯᠡᠴᠢᠯᠡᠭᠡ ᠨᠡᠮᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠮᠡᠳᠡᠭᠦᠯᠦᠯᠲᠡ ᠶᠢᠨ ︽ᠲᠠᠭᠯᠠᠨ ᠮᠡᠳᠡᠭᠦᠯᠬᠦ ᠠᠴᠠ ᠬᠡᠯᠲᠦᠷᠢᠭᠦᠯᠬᠦ | ︾ ᠵᠦᠢᠯ ᠢ ᠨᠡᠮᠡᠵᠦ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠵᠢᠯ ᠢ ᠭᠦᠢᠴᠡᠳᠬᠡᠬᠦ ᠠᠬᠢᠴᠠ ᠵᠡᠷᠭᠡ ᠳᠤ ᠰᠠᠨᠠᠭᠤᠯᠬᠤ ᠦᠢᠯᠡᠴᠢᠯᠡᠭᠡ ᠨᠡᠮᠡᠬᠦ ᠶᠠᠪᠤᠳᠠᠯ | ᠪᠣᠯᠣᠨ᠎ᠠ᠃ | ︽ᠭᠤᠷᠪᠠ ᠶᠢ ᠲᠦᠷᠭᠡᠳᠬᠡᠬᠦ︾ ᠭᠡᠳᠡᠭ ᠨᠢ ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠵᠦ᠂ ᠪᠤᠴᠠᠭᠠᠨ ᠲᠡᠭᠡᠭᠡᠪᠦᠷᠢᠯᠡᠬᠦ ᠳᠤ | ᠪᠣᠭᠤᠮᠲᠠ ᠪᠠᠷ ᠥᠩᠭᠡᠷᠡᠬᠦ ᠶᠢ ᠲᠦᠷᠭᠡᠳᠬᠡᠵᠦ᠂ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠶᠢ ᠵᠢᠭᠠᠵᠤ ᠪᠣᠶ᠃ | · ᠭᠠᠶᠢᠯᠢ ᠪᠤᠴᠠᠭᠠᠯᠲᠠ ᠶᠢᠨ ᠭᠦᠢᠴᠡᠳᠬᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠡᠯ᠎ᠡ ᠵᠦᠢᠯ ᠤᠨ | ᠳᠡᠮᠵᠢᠯᠭᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠠᠬᠢᠴᠠ ᠶᠢ | ᠦᠷᠭᠦᠯᠵᠢᠯᠡᠭᠦᠯᠦᠨ ᠲᠦᠷᠭᠡᠳᠬᠡᠬᠦ ᠶᠠᠪᠤᠳᠠᠯ ᠪᠣᠯᠣᠨ᠎ᠠ᠃ | · ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠬᠦ ᠭᠡᠳᠡᠭ ᠨᠢ ︽ᠭᠠᠳᠠᠭᠠᠳᠤ ᠳᠤ ᠭᠠᠷᠭᠠᠬᠤ ᠪᠠᠷᠠᠭᠠᠨ ᠤ ᠭᠠᠶᠢᠯᠢ | ᠨᠥᠬᠦᠪᠦᠷᠢᠯᠡᠭᠰᠡᠨ / ᠭᠠᠶᠢᠯᠢ ᠦᠯᠦ ᠪᠤᠴᠠᠭᠠᠭᠰᠠᠨ ᠭᠡᠷᠡᠴᠢᠯᠡᠭᠡ︾ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠢᠳᠡᠪᠬᠢᠲᠡᠢ ᠪᠠᠷ ᠠᠬᠢᠭᠤᠯᠵᠤ᠂ | ᠭᠠᠳᠠᠭᠠᠳᠤ ᠳᠤ ᠭᠠᠷᠭᠠᠬᠤ ᠪᠠᠷᠠᠭᠠᠨ ᠤ ᠪᠤᠴᠠᠭᠠᠨ ᠲᠡᠭᠡᠭᠡᠪᠦᠷᠢᠯᠡᠵᠦ ᠪᠣᠭᠤᠮᠲᠠ ᠪᠠᠷ ᠥᠩᠭᠡᠷᠡᠬᠦ ᠳᠤ ᠮᠡᠳᠡᠭᠡ ᠵᠠᠩᠭᠢ ᠶᠢ ᠪᠠᠶᠢᠴᠠᠭᠠᠨ ᠰᠢᠯᠭᠠᠵᠤ ᠪᠣᠯᠬᠤᠶᠢᠴᠠ | ᠵᠦᠢᠯ ᠳᠤ ᠴᠠᠭᠠᠰᠤᠨ ᠭᠡᠷᠡᠴᠢᠯᠡᠭᠡ ᠶᠢ ᠳᠠᠭᠢᠵᠤ ᠮᠡᠳᠡᠭᠦᠯᠦᠨ ᠬᠦᠷᠭᠡᠭᠦᠯᠬᠦ ᠪᠠᠷ ᠱᠠᠭᠠᠷᠳᠠᠬᠤ ᠦᠭᠡᠢ ᠪᠠᠶᠢᠵᠤ᠂ ᠪᠤᠴᠠᠭᠠᠨ ᠲᠡᠭᠡᠭᠡᠪᠦᠷᠢᠯᠡᠬᠦ ᠳᠤ ᠪᠣᠭᠤᠮᠲᠠ ᠪᠠᠷ | ᠥᠩᠭᠡᠷᠡᠬᠦ ᠶᠢ ᠲᠦᠷᠭᠡᠳᠬᠡᠬᠦ ᠶᠠᠪᠤᠳᠠᠯ ᠪᠣᠯᠣᠨ᠎ᠠ᠃ | · ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠲᠦᠷᠭᠡᠳᠬᠡᠬᠦ ᠭᠡᠳᠡᠭ ᠨᠢ ᠲᠤᠬᠠᠢ ᠶᠢᠨ ᠭᠠᠵᠠᠷ ᠲᠤ ᠨᠢ ︽ᠳᠤᠲᠠᠭᠤ ᠶᠢ ᠨᠢ ᠭᠦᠢᠴᠡᠳᠬᠡᠬᠦ︾ | ᠬᠠᠷᠭᠤᠭᠤᠯᠤᠨ ᠪᠠᠶᠢᠴᠠᠭᠠᠯᠲᠠ ᠶᠢ ᠢᠳᠡᠪᠬᠢᠲᠡᠢ ᠬᠡᠷᠡᠭᠵᠢᠭᠦᠯᠵᠦ᠂ ᠭᠠᠶᠢᠯᠢ ᠪᠤᠴᠠᠭᠠᠯᠲᠠ ᠶᠢ ᠲᠤᠬᠠᠢ ᠶᠢᠨ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ | Q5 | Q᠄ ᠡᠨᠡ ᠵᠢᠯ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠲᠠᠯ᠎ᠠ ᠪᠠᠷ ᠶᠠᠮᠠᠷ | ᠠᠷᠭ᠎ᠠ ᠬᠡᠮᠵᠢᠶ᠎ᠡ ᠪᠠᠶᠢᠬᠤ ᠪᠤᠢ︖ | A᠄ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠭᠤᠪᠢᠭᠤᠯᠭ᠎ᠠ ᠶᠢᠨ ᠠᠮᠤᠷ ᠲᠦᠪᠰᠢᠨ ᠢ ᠪᠠᠲᠤᠯᠠᠨ᠎ᠠ᠃ ᠡᠨᠡ | ᠵᠢᠯ ᠤᠨ 2 ᠳ᠋ᠤᠭᠠᠷ ᠰᠠᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠣᠨ ᠳᠤᠮᠳᠠᠳᠤ ᠤᠯᠤᠰ ᠤᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ | ᠳᠠᠭᠠᠳᠬᠠᠯ ᠤᠨ ᠺᠣᠮᠫᠠᠨᠢ ᠬᠤᠯᠪᠣᠭᠠᠯᠠᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠡᠮᠵᠢᠯᠭᠡ ᠶᠢ ᠨᠡᠮᠡᠭᠳᠡᠭᠦᠯᠵᠦ ᠭᠠᠳᠠᠭᠠᠳᠤ ᠠᠷᠠᠯᠵᠢᠶ᠎ᠠ ᠶᠢᠨ | ᠠᠵᠢᠯ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠬᠤ ᠲᠤᠬᠠᠢ ᠮᠡᠳᠡᠭᠳᠡᠯ ᠳᠠᠷᠤᠮᠠᠯᠯᠠᠨ ᠲᠠᠷᠬᠠᠭᠠᠪᠠ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ | ᠳᠠᠭᠠᠳᠬᠠᠯ ᠤᠨ ᠪᠠᠶᠢᠭᠤᠯᠤᠮᠵᠢ ᠶᠢᠨ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠯ ᠬᠦᠯᠢᠶᠡᠬᠦ ᠪᠠ ᠲᠥᠯᠥᠪᠦᠷᠢ ᠥᠭᠬᠦ ᠨᠥᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | · ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠢ ᠨᠢ ᠥᠷᠭᠡᠳᠬᠡᠨ᠎ᠡ᠃ ᠡᠯ᠎ᠡ ᠭᠠᠵᠠᠷ ᠢ | ᠵᠢᠯᠣᠭᠤᠳᠴᠤ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠵᠤ᠂ | ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ ᠳᠡᠮᠵᠢᠬᠦ ᠪᠠᠷ ᠳᠠᠮᠵᠢᠭᠤᠯᠤᠨ᠂ ᠠᠷᠠᠯᠵᠢᠶᠠᠨ ᠤ ᠲᠣᠭᠠᠴᠢᠯᠠᠭᠰᠠᠨ ᠬᠥᠭᠵᠢᠯᠲᠡ ᠶᠢ ᠲᠦᠷᠭᠡᠳᠬᠡᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠠᠩᠭᠠᠨ ᠪᠣᠷᠣᠯᠠᠭᠤᠯᠬᠤ ᠠᠷᠭ᠎ᠠ ᠵᠠᠮ ᠢ ᠬᠤᠯᠪᠣᠬᠤ ᠵᠡᠷᠭᠡ ᠪᠣᠯᠣᠨ᠎ᠠ᠃ | · ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠨᠡᠶᠢᠯᠡᠭᠦᠯᠵᠦ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠎ᠡ᠃ ᠡᠯ᠎ᠡ ᠭᠠᠵᠠᠷ ᠤᠨ | ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠬᠤ ᠶᠢ ᠨᠢ | ᠵᠢᠯᠤᠭᠤᠳᠴᠤ᠂ ᠵᠣᠯᠭᠠᠭᠤᠯᠬᠤ ᠲᠠᠪᠴᠠᠩ ᠪᠠᠶᠢᠭᠤᠯᠬᠤ᠂ ᠲᠤᠭ᠎ᠠ ᠪᠠᠷᠢᠮᠲᠠ ᠶᠢᠨ ᠢᠲᠡᠭᠡᠮᠵᠢ ᠶᠢ ᠨᠡᠮᠡᠭᠳᠡᠭᠦᠯᠬᠦ ᠳᠡᠮᠵᠢᠯᠭᠡ ᠦᠵᠡᠭᠦᠯᠬᠦ᠂ ᠰᠠᠭᠠᠳ ᠦᠭᠡᠢ ᠨᠡᠪᠲᠡᠷᠡᠬᠦ | ᠵᠠᠮ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ | ᠶᠣᠰᠣᠭᠠᠷ᠂ ᠭᠠᠳᠠᠭᠠᠳᠤ ᠠᠷᠠᠯᠵᠢᠶ᠎ᠠ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠶᠢ ᠨᠢ ᠠᠬᠢᠭᠤᠯᠵᠤ᠂ ᠪᠠᠩᠬᠢ | ᠬᠢᠭᠡᠳ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠪᠠᠶᠢᠭᠤᠯᠤᠮᠵᠢ ᠶᠢᠨ ᠵᠣᠯᠭᠠᠭᠤᠯᠬᠤ ᠪᠠᠨ ᠴᠢᠩᠭᠠᠳᠬᠠᠬᠤ ᠶᠢ ᠵᠣᠷᠢᠭᠵᠢᠭᠤᠯᠤᠨ᠂ | ᠳᠠᠭᠠᠳᠬᠠᠯ ᠤᠨ ᠬᠠᠭᠤᠳᠠᠰᠤ ᠶᠢᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ ᠶᠢ ᠥᠷᠭᠡᠳᠬᠡᠨ᠎ᠡ᠃ | · ᠭᠠᠳᠠᠭᠠᠳᠤ ᠭᠤᠪᠢᠭᠤᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠨᠢᠳᠤᠨᠤᠨ ᠠᠴᠠ ᠨᠠᠭᠠᠰᠢ᠂ ᠬᠤᠳᠠᠯᠳᠤᠭᠠᠨ ᠤ ᠶᠠᠪᠤᠳᠠᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠰᠦᠯᠵᠢᠶᠡᠨ ᠳᠡᠭᠡᠷᠡᠬᠢ ᠪᠣᠯᠪᠠᠰᠤᠷᠠᠯ | ᠡᠷᠬᠢᠯᠡᠵᠦ᠂ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠠᠴᠠ ᠵᠠᠶᠢᠯᠠᠬᠤ ᠭᠠᠷ ᠳᠡᠪᠲᠡᠷ ᠢ ᠨᠠᠶᠢᠷᠠᠭᠤᠯᠤᠨ ᠲᠠᠷᠬᠠᠭᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠤ ᠠᠬᠤᠶᠢᠯᠠᠯ ᠢ ᠬᠠᠪᠰᠤᠷᠤᠨ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠵᠦ᠂ | ᠢᠳᠡᠪᠬᠢᠲᠡᠢ ᠦᠷ᠎ᠡ ᠪᠦᠲᠦᠮᠵᠢ ᠣᠯᠪᠠ᠃ ᠲᠠᠷᠠᠭᠠᠴᠢ ᠶᠢᠨ ᠠᠯᠬᠤᠮ ᠳᠤ ᠠᠶᠤᠯ ᠠᠴᠠ ᠵᠠᠶᠢᠯᠠᠬᠤ ᠦᠢᠯᠡᠳᠬᠦᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ ᠶᠢ | ᠠᠬᠢᠭᠤᠯᠬᠤ᠂ ᠪᠠᠩᠬᠢ ᠪᠠ ᠠᠵᠤ ᠠᠬᠤᠶᠢᠯᠠᠯ ᠤᠨ ᠵᠣᠯᠭᠠᠯᠴᠠᠭ᠎ᠠ ᠶᠢ ᠠᠬᠢᠭᠤᠯᠬᠤ᠂ ᠠᠷᠠᠳ ᠤᠨ ᠵᠣᠭᠤᠰ ᠤᠨ ᠬᠢᠯᠢ ᠠᠯᠤᠰᠯᠠᠨ ᠲᠡᠰᠦᠯᠦᠨ ᠪᠤᠳᠤᠬᠤ ᠶᠢᠨ ᠲᠥᠬᠦᠮ | ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠠᠬᠢᠭᠤᠯᠤᠨ᠎ᠠ᠃ | |