| ᠰᠢᠨᠬᠤᠸᠠ ᠬᠤᠷᠢᠶᠠᠨ ᠤ ᠪᠡᠭᠡᠵᠢᠩ ᠤᠨ 5 ᠳ᠋ᠤᠭᠠᠷ ᠰᠠᠷ᠎ᠠ ᠶᠢᠨ 5 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ | ᠴᠢᠶᠠᠩ 5 ᠳ᠋ᠤᠭᠠᠷ ᠰᠠᠷ᠎ᠠ ᠶᠢᠨ 5 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠬᠦ ᠠᠷᠭ᠎ᠠ | ᠬᠡᠮᠵᠢᠶ᠎ᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠲᠠᠭᠤᠨ ᠠᠵᠢᠯ ᠣᠯᠭᠤᠯᠲᠠ ᠶᠢ ᠪᠠᠲᠤᠯᠠᠬᠤ︔ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ ᠪᠠᠲᠤᠯᠠᠵᠤ | ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ᠂ ᠠᠵᠤ ᠠᠬᠤᠢ ᠶᠢ ᠲᠣᠭᠲᠠᠪᠤᠷᠢᠵᠢᠭᠤᠯᠵᠤ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠶᠢ ᠪᠠᠶᠢᠷᠢᠯᠠᠭᠤᠯᠪᠠ᠃ | ᠬᠤᠷᠠᠯ ᠠᠴᠠ ᠵᠢᠭᠠᠭᠰᠠᠨ ᠨᠢ᠂ ᠬᠡᠮᠵᠢᠶ᠎ᠡ ᠪᠠᠷ ᠶᠡᠭᠡ ᠬᠡᠪᠴᠢᠶ᠎ᠡ ᠪᠠᠷ ᠥᠷᠭᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠪᠣᠯ ᠠᠵᠤ ᠠᠬᠤᠢ ᠶᠢ ᠲᠣᠭᠲᠠᠪᠤᠷᠢᠵᠢᠭᠤᠯᠬᠤ ᠴᠢᠬᠤᠯᠠ ᠰᠠᠭᠤᠷᠢ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠭᠤᠣᠯ | ᠲᠤᠯᠭᠠᠭᠤᠷᠢᠯᠠᠯ ᠪᠣᠯᠣᠨ᠎ᠠ᠃ ᠣᠳᠣᠬᠠᠨ ᠳᠤ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢᠯᠡᠳᠲᠡ ᠨᠡᠮᠡᠭᠳᠡᠵᠦ ᠪᠠᠶᠢᠨ᠎ᠠ᠂ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠨᠢᠭᠡᠨᠲᠡ ᠲᠣᠭᠲᠠᠭᠠᠭᠰᠠᠨ ᠭᠠᠶᠢᠯᠢ ᠪᠤᠴᠠᠭᠠᠬᠤ ᠭᠠᠶᠢᠯᠢ ᠬᠥᠩᠭᠡᠯᠡᠬᠦ ᠰᠦᠢᠳᠬᠡᠯ ᠪᠠᠭᠤᠷᠠᠭᠤᠯᠬᠤ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠡᠳ᠋ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠤᠨ ᠬᠡᠮᠵᠢᠶᠡᠨ ᠳᠤ ᠬᠦᠷᠦᠭᠦᠯᠬᠦ ᠶᠢ ᠠᠬᠢᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠱᠠᠯᠠᠪᠬᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠵᠢᠵᠢᠭ ᠪᠢᠴᠢᠯ ᠠᠵᠤ ᠠᠬᠤᠶᠢᠯᠠᠯ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠷᠲᠡᠭ ᠨᠡᠮᠡᠭᠳᠡᠯ ᠤᠨ ᠭᠠᠶᠢᠯᠢ ᠶᠢᠨ ᠬᠠᠳᠠᠭᠠᠯᠠᠮᠵᠢᠲᠤ ᠪᠠᠷᠢᠴᠠᠭ᠎ᠠ ᠦᠯᠡᠳᠡᠭᠡᠭᠰᠡᠨ ᠭᠠᠶᠢᠯᠢ ᠢ | ᠪᠥᠬᠦᠨ ᠢ ᠨᠢ ᠪᠤᠴᠠᠭᠠᠬᠤ ᠶᠢ ᠦᠨᠡᠨ ᠬᠦ ᠪᠠᠲᠤᠯᠠᠵᠤ᠂ ᠨᠥᠬᠦᠴᠡᠯ ᠳᠤ ᠨᠡᠶᠢᠴᠡᠬᠦ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠭᠠᠶᠢᠯᠢ ᠪᠤᠴᠠᠭᠠᠯᠲᠠ ᠶᠢ ᠴᠤ ᠡᠨᠡ | ᠬᠦ ᠬᠤᠭᠤᠴᠠᠭᠠᠨ ᠠᠴᠠ ᠤᠷᠢᠳᠴᠢᠯᠠᠨ ᠳᠠᠭᠤᠰᠬᠠᠬᠤ ᠬᠡᠷᠡᠭᠲᠡᠢ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠢᠯᠠᠩᠭᠤᠶ᠎ᠠ ᠮᠥᠩᠭᠦᠨ ᠭᠦᠢᠯᠭᠡᠭᠡᠨ ᠤ | ᠳᠡᠮᠵᠢᠯᠭᠡ ᠶᠢ ᠨᠡᠮᠡᠭᠳᠡᠭᠦᠯᠬᠦ ᠬᠡᠷᠡᠭᠲᠡᠢ᠃ ᠡᠨᠡ ᠵᠢᠯ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠪᠠᠩᠬᠢ ᠶᠢᠨ ᠨᠡᠶᠢᠳᠡᠮ ᠬᠠᠷᠠᠭᠠᠯᠵᠠᠯᠲᠤ ᠵᠢᠵᠢᠭ ᠪᠢᠴᠢᠯ | ᠵᠢᠭᠡᠯᠡᠯᠭᠡ ᠶᠢ 1.6 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠪᠠᠩᠬᠢ ᠶᠢ ᠵᠢᠯᠤᠭᠤᠳᠴᠤ ᠪᠠᠶᠢᠭᠠᠳ ᠰᠠᠨᠠᠭᠠᠴᠢᠯᠠᠭᠠᠲᠤ ᠦᠢᠯᠡᠴᠢᠯᠡᠭᠡ ᠶᠢ ᠨᠢ | ᠴᠢᠩᠭᠠᠳᠬᠠᠬᠤ ᠬᠡᠷᠡᠭᠲᠡᠢ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠵᠢᠭᠡᠯᠡᠯᠭᠡ ᠪᠠᠨ ᠵᠣᠬᠢᠰᠲᠠᠢ | ᠦᠷᠭᠦᠯᠵᠢᠯᠡᠭᠦᠯᠬᠦ᠂ ᠬᠤᠭᠤᠴᠠᠭ᠎ᠠ ᠪᠠᠨ ᠤᠷᠲᠤᠳᠬᠠᠬᠤ᠂ ᠵᠣᠭᠤᠰ ᠢᠶᠠᠨ ᠪᠤᠴᠠᠭᠠᠬᠤ ᠲᠣᠬᠢᠷᠠᠭᠤᠯᠤᠯᠲᠠ ᠬᠢᠬᠦ ᠨᠢ ᠢᠲᠡᠭᠡᠮᠵᠢ ᠶᠢᠨ ᠲᠡᠮᠳᠡᠭᠯᠡᠯ ᠢ ᠨᠥᠯᠥᠭᠡᠯᠡᠬᠦ ᠦᠭᠡᠢ | ᠲᠤᠯᠠ ᠲᠣᠷᠭᠠᠭᠤᠯᠢ ᠶᠢᠨ ᠬᠦᠦ ᠮᠥᠩᠭᠦ ᠬᠤᠷᠢᠶᠠᠬᠤ ᠠᠴᠠ ᠬᠡᠯᠲᠦᠷᠢᠭᠦᠯᠦᠨ᠎ᠡ᠃ ᠤᠯᠤᠰ ᠤᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠠᠭᠤᠷᠢ ᠮᠥᠩᠭᠦ᠂ | ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠳᠠᠬᠢ ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠲᠠᠪᠴᠠᠩ ᠤᠨ ᠠᠵᠤ ᠠᠬᠤᠢ ᠶᠢᠨ | ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠬᠦ ᠪᠣᠳᠠᠲᠠᠢ ᠠᠷᠭ᠎ᠠ ᠬᠡᠮᠵᠢᠶ᠎ᠡ ᠶᠢ ᠲᠦᠷᠭᠡᠳᠬᠡᠨ ᠨᠡᠶᠢᠲᠡᠯᠡᠬᠦ ᠬᠡᠷᠡᠭᠲᠡᠢ᠃ ᠡᠯ᠎ᠡ ᠭᠠᠵᠠᠷ ᠤᠳ ᠳᠤᠮᠳᠠ | ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠥᠭᠡ ᠶᠢᠨ ᠬᠦᠴᠢᠷᠳᠡᠯ ᠢ ᠲᠠᠶᠢᠯᠬᠤ ᠲᠤᠰᠬᠠᠢ ᠪᠡᠯᠡ ᠮᠥᠩᠭᠦ ᠶᠢ | ᠲᠣᠬᠢᠷᠠᠭᠤᠯᠵᠤ᠂ ᠡᠵᠡᠩᠨᠡᠯᠲᠡ ᠨᠢ ᠬᠦᠴᠢᠷᠳᠡᠯᠲᠡᠢ ᠳᠤ ᠨᠢ ᠭᠡᠷ ᠤᠨ ᠲᠦᠷᠢᠶᠡᠰᠦ᠂ ᠳᠠᠭᠠᠭᠠᠯᠲᠠ ᠶᠢᠨ ᠵᠠᠷᠤᠳᠠᠯ᠂ ᠵᠢᠭᠡᠯᠡᠯᠭᠡ ᠶᠢᠨ ᠬᠦᠦ ᠮᠥᠩᠭᠦ ᠵᠡᠷᠭᠡ ᠶᠢᠨ | ᠨᠥᠬᠦᠪᠦᠷᠢ ᠣᠯᠭᠤᠬᠤ ᠬᠡᠷᠡᠭᠲᠡᠢ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠵᠢᠵᠢᠭ ᠪᠢᠴᠢᠯ ᠠᠵᠤ ᠠᠬᠤᠶᠢᠯᠠᠯ ᠪᠣᠯᠣᠨ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠳᠤ ᠱᠠᠲᠤ ᠦᠶ᠎ᠡ ᠶᠢᠨ ᠴᠢᠨᠠᠷᠲᠠᠢ ᠬᠠᠷᠠᠭᠠᠯᠵᠠᠯᠲᠤ ᠴᠠᠬᠢᠯᠭᠠᠨ ᠤ ᠦᠨ᠎ᠡ ᠪᠣᠯᠣᠨ ᠤᠰᠤ ᠴᠠᠬᠢᠯᠭᠠᠨ ᠬᠡᠢ ᠬᠡᠷᠡᠭᠯᠡᠬᠦ ᠳᠤ ︽ᠥᠷᠢᠲᠦᠪᠡᠴᠦ | ᠬᠠᠩᠭᠠᠬᠤ ᠶᠢ ᠲᠠᠰᠤᠯᠬᠤ ᠦᠭᠡᠢ︾ ᠪᠠᠶᠢᠵᠤ᠂ 6 ᠰᠠᠷ᠎ᠠ ᠶᠢᠨ ᠳᠣᠲᠣᠷ᠎ᠠ ᠨᠥᠬᠦᠵᠦ ᠲᠤᠰᠢᠶᠠᠯᠭᠠᠬᠤ ᠶᠢ ᠬᠡᠷᠡᠭᠵᠢᠭᠦᠯᠬᠦ ᠬᠡᠷᠡᠭᠲᠡᠢ᠃ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠥᠷᠭᠡᠨ ᠪᠦᠰᠡ ᠪᠠ ᠲᠤᠰᠬᠠᠢ ᠱᠤᠭᠤᠮ ᠤᠨ ᠳᠤᠮᠳᠠᠴᠢ ᠵᠠᠷᠤᠳᠠᠯ ᠢ ᠳᠠᠬᠢᠨ 10% ᠪᠠᠷ ᠪᠠᠭᠤᠷᠠᠭᠤᠯᠬᠤ ᠬᠡᠷᠡᠭᠲᠡᠢ᠃ ᠭᠤᠷᠪᠠ ᠳᠤ᠂ 5 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠤᠮᠳᠠ ᠵᠢᠵᠢᠭ ᠠᠵᠤ | ᠠᠬᠤᠶᠢᠯᠠᠯ ᠳᠤ ᠥᠷᠢᠲᠦᠭᠰᠡᠨ ᠲᠠᠩᠰᠠᠨ ᠵᠣᠭᠤᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠥᠷᠢᠯᠳᠦᠭᠡᠨ ᠦᠭᠡᠢ ᠥᠷᠢᠲᠦᠭᠰᠡᠨ ᠵᠣᠭᠤᠰ ᠢ ᠨᠢᠭᠡ ᠶᠢ ᠮᠡᠳᠡᠪᠡᠯ | ᠨᠢᠭᠡ ᠶᠢ ᠨᠢ ᠲᠥᠯᠥᠭᠦᠯᠵᠦ ᠳᠠᠭᠤᠰᠬᠠᠬᠤ ᠬᠡᠷᠡᠭᠲᠡᠢ᠃ ᠦᠨᠡᠬᠡᠷ ᠳᠥᠯᠥᠬᠦ ᠳᠤ ᠬᠦᠴᠢᠷᠲᠡᠢ ᠪᠠᠶᠢᠪᠠᠯ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠤᠴᠠᠭᠠᠬᠤ | ᠲᠥᠯᠥᠪᠯᠡᠭᠡ ᠶᠢ ᠲᠣᠳᠣᠷᠬᠠᠶᠢᠯᠠᠭᠤᠯᠬᠤ ᠬᠡᠷᠡᠭᠲᠡᠢ᠃ ᠥᠷᠢ ᠥᠭᠴᠡᠭᠡ ᠶᠢ ᠢᠯᠭᠠᠷᠠᠭᠤᠯᠬᠤ ᠶᠠᠪᠤᠳᠠᠯ ᠢ ᠡᠨᠡ ᠵᠢᠯ ᠤᠨ ᠬᠢᠨᠠᠨ ᠪᠤᠳᠤᠬᠤ ᠪᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠶᠡᠭᠡ ᠰᠢᠮᠳᠠᠭᠤᠯᠤᠨ ᠪᠠᠶᠢᠴᠠᠭᠠᠬᠤ ᠶᠢᠨ ᠭᠤᠣᠯᠳᠠᠯᠭ᠎ᠠ ᠳᠤ ᠵᠢᠭᠰᠠᠭᠠᠨ ᠣᠷᠣᠭᠤᠯᠵᠤ᠂ ᠬᠡᠯᠪᠡᠷᠢ ᠶᠢ ᠨᠢ ᠥᠭᠡᠷᠡᠳᠡᠭᠦᠯᠦᠨ ᠥᠷᠢᠲᠦᠬᠦ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠤᠳᠠᠯᠳᠤᠭᠠᠨ ᠤ ᠭᠤᠪᠢᠭᠤᠯᠤᠮᠲᠠ ᠶᠢᠨ ᠭᠤᠪᠢᠭᠤᠯᠭ᠎ᠠ ᠳᠠᠭᠠᠭᠠᠬᠤ ᠬᠤᠭᠤᠴᠠᠭ᠎ᠠ ᠶᠢ | ᠪᠣᠭᠤᠨᠢᠰᠬᠠᠬᠤ ᠠᠷᠭ᠎ᠠ ᠬᠡᠮᠵᠢᠶ᠎ᠡ ᠶᠢ ᠱᠠᠯᠠᠪᠬᠠᠨ ᠨᠡᠶᠢᠲᠡᠯᠡᠬᠦ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠢᠯᠠᠩᠭᠤᠶ᠎ᠠ ᠣᠷᠣᠨ | ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠲᠦᠭᠵᠢᠷᠡᠯ ᠤᠨ | ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠵᠡᠢ᠃ | ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠪᠠ ᠥᠷᠢᠰᠦᠯᠳᠦᠭᠡᠨ ᠢ ᠠᠷᠭᠠᠴᠠᠭᠠᠬᠤ ᠶᠢᠨ ᠲᠤᠰᠠᠳᠠ᠂ ᠬᠤᠷᠠᠯ ᠠᠴᠠ | ᠲᠣᠭᠲᠠᠭᠠᠭᠰᠠᠨ ᠨᠢ᠂ ᠨᠢᠭᠡ ᠳᠤ᠂ ᠵᠠᠬᠢᠶᠠᠯᠠᠭ᠎ᠠ ᠶᠢᠨ ᠬᠠᠭᠤᠳᠠᠰᠤ ᠶᠢ ᠪᠠᠲᠤᠯᠠᠬᠤ ᠪᠠ ᠭᠤᠣᠯᠳᠠᠯᠭ᠎ᠠ ᠲᠠᠢ ᠠᠵᠢᠯ ᠲᠦᠷᠦᠯ᠂ ᠬᠥᠳᠡᠯᠮᠦᠷᠢ ᠨᠢᠭᠲᠠᠷᠠᠭᠰᠠᠨ | ᠬᠡᠯᠪᠡᠷᠢ ᠶᠢᠨ ᠠᠵᠢᠯ ᠲᠦᠷᠦᠯ ᠤᠨ ᠭᠠᠳᠠᠭᠠᠳᠤ ᠣᠷᠤᠭᠤᠯᠤᠯᠲᠠ ᠭᠠᠳᠠᠭᠠᠳᠤ ᠭᠠᠷᠭᠠᠯᠲᠠ ᠶᠢ ᠬᠦᠴᠦᠯᠡᠨ ᠪᠠᠲᠤᠯᠠᠬᠤ ᠬᠡᠷᠡᠭᠲᠡᠢ᠃ ᠭᠠᠳᠠᠭᠠᠳᠤ ᠠᠷᠠᠯᠵᠢᠶᠠᠨ ᠤ | ᠬᠦᠷᠢᠶᠡᠨ ᠳᠠᠬᠢ ᠦᠢᠯᠡᠳᠪᠦᠷᠢᠯᠡᠯ ᠭᠦᠢᠯᠭᠡᠭᠡᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ | ᠵᠡᠷᠭᠡ ᠶᠢᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠶᠢᠨ ᠬᠠᠮᠲᠤ ᠦᠢᠯᠡᠳᠪᠦᠷᠢᠯᠡᠯ᠂ ᠪᠠᠷᠠᠭᠠᠨ ᠤ ᠭᠦᠢᠯᠭᠡᠭᠡ᠂ ᠠᠵᠢᠯᠴᠢᠨ ᠬᠡᠷᠡᠭᠯᠡᠬᠦ ᠲᠠᠯ᠎ᠠ ᠪᠠᠷ ᠪᠠᠲᠤᠯᠠᠬᠤ | ᠬᠡᠷᠡᠭᠲᠡᠢ᠃ ᠬᠤᠶᠠᠷ ᠲᠤ᠂ ᠲᠠᠯᠠᠢ ᠠᠭᠠᠷ ᠤᠨ ᠭᠠᠷᠠᠮ ᠵᠡᠷᠭᠡ ᠲᠥᠪᠯᠡᠷᠡᠭᠦᠯᠵᠦ ᠲᠠᠷᠬᠠᠭᠠᠬᠤ ᠲᠡᠭᠡᠭᠡᠪᠦᠷᠢ ᠶᠢ ᠬᠦᠴᠦᠲᠡᠢ ᠪᠥᠭᠡᠳ ᠡᠮᠬᠢ ᠵᠢᠷᠤᠮ ᠲᠠᠢ ᠪᠠᠷ | ᠨᠠᠪᠲᠠᠷᠡᠭᠦᠯᠵᠦ᠂ ᠠᠵᠢᠯᠯᠠᠬᠤ ᠪᠠ ᠪᠣᠭᠤᠮᠲᠠ ᠪᠠᠷ ᠥᠩᠭᠡᠷᠡᠬᠦ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠠᠭᠠᠷ ᠤᠨ ᠲᠡᠭᠡᠭᠡᠪᠦᠷᠢ ᠶᠢᠨ ᠪᠠᠷᠠᠭ᠎ᠠ ᠲᠡᠭᠡᠭᠡᠪᠦᠷᠢᠯᠡᠬᠦ | ᠬᠦᠴᠦᠨ ᠢ ᠰᠠᠶᠢᠲᠤᠷ ᠬᠡᠷᠡᠭᠯᠡᠵᠦ᠂ ᠴᠢᠬᠤᠯᠠ ᠰᠡᠯᠪᠢᠭ ᠲᠤᠨᠤᠭ᠂ ᠲᠣᠨᠣᠭᠯᠠᠯ ᠪᠠ ᠦᠢᠯᠡᠳᠬᠦᠨ ᠤ ᠲᠡᠭᠡᠭᠡᠪᠦᠷᠢ ᠶᠢ ᠪᠠᠲᠤᠯᠠᠬᠤ ᠬᠡᠷᠡᠭᠲᠡᠢ᠃ ᠭᠠᠳᠠᠭᠠᠳᠤ | ᠠᠷᠠᠯᠵᠢᠶᠠᠨ ᠤ ᠪᠠᠷᠠᠭᠠᠨ ᠤ ᠲᠡᠭᠡᠭᠡᠪᠦᠷᠢ ᠶᠢᠨ ᠦᠨ᠎ᠡ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ | ᠃ ᠭᠤᠷᠪᠠ ᠳᠤ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢᠨ ᠪᠠᠷᠠᠭ᠎ᠠ ᠪᠤᠴᠠᠭᠠᠬᠤ ᠪᠠ ᠰᠣᠯᠢᠬᠤ ᠳᠤ ᠲᠦᠬᠦᠮ ᠦᠵᠡᠭᠦᠯᠬᠦ | ᠲᠦᠷᠦ ᠶᠢᠨ ᠪᠣᠳᠣᠯᠭ᠎ᠠ ᠶᠢ ᠲᠦᠷᠭᠡᠨ ᠲᠣᠭᠲᠠᠭᠠᠵᠤ᠂ ᠨᠥᠬᠦᠴᠡᠯ ᠳᠤ ᠨᠡᠶᠢᠴᠡᠬᠦ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠡᠳᠡᠭᠦᠯᠬᠦ ᠶᠢ ᠳᠡᠮᠵᠢᠬᠦ ᠬᠡᠷᠡᠭᠲᠡᠢ᠃ ᠡᠳ᠋ᠰᠢᠭᠦᠯᠬᠦ ᠠᠷᠠᠯᠵᠢᠶ᠎ᠠ ᠶᠢᠨ ᠲᠣᠭᠲᠠᠭᠤᠨ ᠢᠶᠠᠷ ᠬᠥᠭᠵᠢᠬᠦ ᠶᠢ ᠲᠡᠮᠵᠢᠵᠤ᠂ | ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠪᠠ ᠵᠡᠭᠦᠨ ᠬᠤᠶᠢᠲᠤ ᠣᠷᠣᠨ ᠤ ᠬᠥᠳᠡᠯᠮᠦᠷᠢ ᠬᠤᠷᠠᠭᠰᠠᠨ ᠬᠡᠯᠪᠡᠷᠢ ᠶᠢᠨ ᠡᠳ᠋ᠰᠢᠭᠦᠯᠬᠦ ᠠᠷᠠᠯᠵᠢᠶ᠎ᠠ ᠶᠢ | ᠤᠯᠤᠰ ᠤᠨ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠲᠤ ᠣᠷᠣᠭᠤᠯᠬᠤ ᠬᠡᠷᠡᠭᠲᠡᠢ᠃ ᠲᠣᠮᠣ ᠬᠡᠯᠪᠡᠷᠢ ᠶᠢᠨ ᠡᠮᠴᠢᠯᠡᠭᠡᠨ ᠤ ᠲᠥᠬᠦᠭᠡᠷᠦᠮᠵᠢ᠂ ᠮᠠᠰᠢᠨ ᠬᠥᠮᠥᠨ | ᠵᠡᠷᠭᠡ ᠶᠢ ᠭᠠᠶᠢᠯᠢ ᠪᠠᠲᠤᠯᠠᠬᠤ ᠰᠡᠯᠪᠢᠨ ᠵᠠᠰᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠶᠢ ᠰᠦᠪᠡᠭᠴᠢᠯᠡᠵᠦ᠂ ᠮᠠᠰᠢᠨ ᠲᠡᠷᠭᠡᠨ ᠤ ᠬᠥᠳᠡᠯᠭᠡᠭᠦᠷ ᠵᠡᠷᠭᠡ ᠭᠠᠶᠢᠯᠢ | ᠪᠠᠲᠤᠯᠠᠬᠤ ᠳᠠᠬᠢᠨ ᠦᠶ᠋ᠯᠡᠳᠬᠦ ᠲᠤᠷᠰᠢᠯᠲᠠ ᠶᠢ ᠥᠷᠨᠢᠭᠦᠯᠬᠦ ᠬᠡᠷᠡᠭᠲᠡᠢ᠃ ᠳᠥᠷᠪᠡ ᠳᠤ᠂ ᠳᠤᠮᠳᠠ ᠵᠢᠵᠢᠭ ᠪᠢᠴᠢᠯ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ | ᠢᠲᠡᠭᠡᠮᠵᠢᠲᠦ ᠵᠢᠭᠡᠯᠡᠯᠭᠡ ᠲᠠᠯᠪᠢᠬᠤ ᠶᠢ ᠴᠢᠩᠭᠠᠳᠬᠠᠵᠤ᠂ ᠪᠠᠩᠬᠢ ᠠᠴᠠ ᠲᠦᠷ ᠴᠠᠭ ᠬᠦᠴᠢᠷᠳᠡᠯ ᠳᠤ ᠲᠤᠯᠭᠠᠷᠠᠭᠰᠠᠳ ᠠᠴᠠ ᠰᠣᠬᠤᠷ ᠪᠠᠯᠠᠢ ᠪᠠᠷ ᠵᠢᠭᠡᠯᠡᠯᠭᠡ ᠲᠠᠲᠠᠬᠤ | ᠦᠭᠡᠢ᠂ ᠵᠢᠭᠡᠯᠡᠯᠭᠡ ᠲᠠᠰᠤᠯᠬᠤ ᠦᠭᠡᠢ᠂ ᠵᠢᠭᠡᠯᠡᠯᠭᠡ ᠳᠠᠷᠤᠬᠤ ᠦᠭᠡᠢ ᠪᠠᠶᠢᠬᠤ ᠶᠢ ᠨᠢ ᠳᠡᠮᠵᠢᠵᠦ᠂ ᠨᠢᠭᠡ ᠪᠦᠯᠦᠭ ᠪᠡᠯᠡ ᠮᠥᠩᠭᠦ ᠪᠠᠴᠢᠮ ᠬᠡᠷᠡᠭᠰᠡᠭᠰᠡᠳ ᠢ ᠡᠮᠬᠢᠯᠡᠨ | ᠳᠢᠭᠯᠡᠵᠦ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠬᠦ ᠬᠡᠷᠡᠭᠲᠡᠢ᠃ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠣᠬᠤᠷ ᠬᠤᠭᠤᠴᠠᠭᠠᠨ ᠤ | ᠳᠠᠭᠠᠳᠬᠠᠯ ᠤᠨ ᠬᠡᠪᠴᠢᠶ᠎ᠡ ᠶᠢ ᠥᠷᠭᠡᠳᠬᠡᠵᠦ᠂ ᠲᠦᠯᠦᠬᠦ ᠴᠠᠭ ᠢ ᠨᠢ ᠪᠣᠭᠤᠨᠢᠰᠬᠠᠬᠤ ᠬᠡᠷᠡᠭᠲᠡᠢ᠃ ᠢᠲᠡᠭᠡᠮᠵᠢ ᠶᠢᠨ ᠳᠠᠭᠠᠳᠬᠠᠯ ᠤᠨ ᠬᠠᠭᠤᠳᠠᠰᠤ ᠪᠠᠷ ᠪᠡᠯᠡ | ᠲᠣᠬᠢᠷᠠᠭᠤᠯᠬᠤ ᠶᠢ ᠨᠡᠮᠡᠭᠳᠡᠭᠦᠯᠬᠦ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢ ᠵᠣᠬᠢᠰᠲᠠᠢ ᠪᠥᠭᠡᠳ ᠲᠡᠩᠴᠡᠭᠦᠷᠢᠲᠡᠢ ᠬᠡᠮᠵᠢᠶᠡᠨ ᠳᠤ | ᠦᠨᠳᠦᠰᠦᠨ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠠᠪᠤ ᠳᠤ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ ᠵᠡᠷᠭᠡ ᠲᠠᠪᠴᠠᠩ ᠤᠨ | ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ ᠯᠤᠭ᠎ᠠ ᠬᠤᠯᠪᠤᠭᠠᠯᠠᠨ ᠬᠥᠳᠡᠯᠦᠯᠴᠡᠵᠦ ᠬᠠᠷᠢᠯᠴᠠᠨ ᠠᠬᠢᠭᠤᠯᠬᠤ ᠶᠢ | ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠦᠵᠡᠰᠬᠦᠯᠡᠩ ᠳᠤ ᠣᠷᠤᠯᠴᠠᠬᠤ ᠶᠢ ᠳᠡᠮᠵᠢᠬᠦ ᠬᠡᠷᠡᠭᠲᠡᠢ᠃ ᠭᠠᠳᠠᠭᠠᠳᠤ ᠣᠷᠤᠭᠤᠯᠤᠯᠲᠠ ᠶᠢᠨ | ᠠᠷᠠᠯᠵᠢᠶ᠎ᠠ ᠶᠢᠨ ᠰᠢᠨ᠎ᠡ ᠶᠢ ᠡᠭᠦᠳᠦᠭᠰᠡᠨ ᠨᠢᠭᠡ ᠪᠦᠯᠦᠭ ᠰᠢᠨ᠎ᠡ ᠵᠢᠱᠢᠶ᠎ᠡ ᠦᠵᠡᠭᠦᠯᠬᠦ ᠣᠷᠣᠨ ᠢ ᠪᠤᠶᠢᠵᠢᠭᠤᠯᠬᠤ ᠬᠡᠷᠡᠭᠲᠡᠢ᠃ | ᠬᠤᠷᠠᠯ ᠳᠤ ᠪᠤᠰᠤᠳ ᠵᠦᠢᠯ ᠢ ᠰᠤᠳᠤᠯᠪᠠ᠃ | |