| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 5 ᠳ᠋ᠤᠭᠠᠷ ᠰᠠᠷ᠎ᠠ ᠶᠢᠨ 23 ᠤ ᠡᠳᠦᠷ ᠤᠨ | ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠴᠠᠭ ᠮᠥᠴᠡ ᠶᠢ ᠠᠯᠳᠠᠯ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠴᠢᠩᠭ᠎ᠠ ᠨᠢᠮᠪᠠᠢ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠣᠶᠢᠯᠠᠭᠠᠵᠠᠭᠠᠶ᠎ᠠ — | ᠬᠢᠵᠢᠭ ᠤᠨ ᠪᠠᠶᠢᠳᠠᠯ ᠤᠨ ᠲᠤᠬᠠᠢ ᠬᠠᠮᠤᠭ ᠤᠨ ᠰᠢᠨ᠎ᠡ ᠮᠡᠳᠡᠭᠡᠯᠡᠯ | ᠣᠶᠢᠷ᠎ᠠ ᠳᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠢᠶᠠᠷ ᠪᠠᠭᠤᠷᠠᠬᠤ ᠬᠠᠨᠳᠤᠰᠢ ᠲᠠᠢ ᠪᠠᠶᠢᠨ᠎ᠠ᠃ ᠣᠶᠢᠷ᠎ᠠ ᠶᠢᠨ ᠨᠢᠭᠡ | ᠭᠠᠷᠠᠭ ᠠᠴᠠ ᠨᠠᠭᠠᠰᠢ᠂ ᠪᠥᠬᠦ ᠤᠯᠤᠰ ᠲᠤ ᠡᠳᠦᠷ ᠪᠦᠷᠢ ᠰᠢᠨ᠎ᠡ ᠪᠠᠷ ᠨᠡᠮᠡᠭᠳᠡᠭᠰᠡᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠢᠭᠡᠨᠲᠡ | 1200 ᠠᠴᠠ ᠳᠣᠷᠣᠭᠰᠢ ᠪᠣᠯᠵᠤ᠂ ᠨᠥᠯᠥᠭᠡᠯᠡᠬᠦ ᠬᠡᠪᠴᠢᠶ᠎ᠡ ᠨᠢ ᠤᠯᠠᠮ ᠨᠢᠭᠡ ᠠᠯᠬᠤᠮ ᠪᠠᠭᠠᠰᠤᠭᠰᠠᠨ ᠪᠠᠶᠢᠨ᠎ᠠ᠃ | ᠣᠳᠣᠬᠠᠨ ᠳᠤ᠂ ᠱᠠᠩᠬᠠᠢ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠵᠤ᠂ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠰᠠᠨ | ᠬᠥᠮᠥᠨ ᠤ ᠲᠤᠭ᠎ᠠ ᠦᠷᠭᠦᠯᠵᠢᠯᠡᠨ ᠪᠠᠭᠠᠰᠴᠤ᠂ 8 ᠡᠳᠦᠷ ᠳᠠᠷᠠᠭᠠᠯᠠᠨ ᠡᠳᠦᠷ ᠪᠦᠷᠢ ᠶᠢᠨ ᠨᠡᠮᠡᠭᠳᠡᠭᠰᠡᠨ ᠲᠤᠭ᠎ᠠ 1000 ᠬᠥᠮᠥᠨ ᠠᠴᠠ ᠪᠠᠭ᠎ᠠ ᠪᠣᠯᠪᠠ᠂ ᠭᠡᠪᠡᠴᠦ | ᠳᠠᠭᠢᠵᠤ ᠰᠡᠷᠭᠦᠬᠦ ᠶᠢ ᠰᠡᠷᠭᠡᠶᠢᠯᠡᠬᠦ ᠳᠠᠷᠤᠯᠲᠠ ᠮᠥᠨ ᠬᠦ ᠨᠡᠯᠢᠶᠡᠳ ᠶᠡᠭᠡ ᠪᠠᠶᠢᠵᠤ᠂ ᠣᠨᠴᠠ ᠵᠠᠷᠢᠮ ᠴᠡᠭ ᠪᠠ ᠨᠡᠶᠢᠭᠡᠮ ᠲᠣᠭᠤᠷᠢᠭ ᠤᠨ ᠠᠶᠤᠯ ᠲᠦᠭᠰᠢᠭᠦᠷᠢ ᠮᠥᠨ | ᠬᠦ ᠬᠡᠯᠪᠡᠯᠵᠡᠯ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠮᠥᠨ ᠬᠦ ᠤᠯᠠᠮ ᠨᠢᠭᠡ ᠠᠯᠬᠤᠮ ᠪᠠᠬᠢᠵᠢᠭᠦᠯᠬᠦ ᠴᠢᠬᠤᠯᠠᠲᠠᠢ | ᠪᠠᠶᠢᠨ᠎ᠠ᠃ | ᠪᠡᠭᠡᠵᠢᠩ ᠤᠨ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠪᠠ ᠬᠡᠰᠡᠭ ᠪᠤᠰᠠᠭ ᠢᠶᠠᠷ ᠲᠠᠷᠬᠠᠵᠤ ᠪᠠᠶᠢᠭ᠎ᠠ ᠡᠪᠡᠳᠴᠢᠨ ᠤ ᠵᠢᠱᠢᠶ᠎ᠡ ᠰᠣᠯᠪᠢᠴᠠᠵᠤ᠂ ᠬᠡᠰᠡᠭ | ᠭᠠᠵᠠᠷ ᠣᠷᠣᠨ ᠪᠠ ᠭᠤᠣᠯᠳᠠᠯᠭ᠎ᠠ ᠲᠠᠢ ᠬᠥᠮᠥᠰ ᠲᠤ ᠮᠥᠨ ᠬᠦ ᠬᠠᠯᠳᠠᠪᠤᠷᠢᠯᠠᠬᠤ ᠠᠶᠤᠯ ᠲᠦᠭᠰᠢᠭᠦᠷᠢ ᠣᠷᠣᠰᠢᠵᠤ ᠪᠠᠶᠢᠨ᠎ᠠ᠃ | ᠰᠧᠴᠤᠸᠠᠨ ᠮᠤᠵᠢ ᠶᠢᠨ ᠭᠤᠸᠠᠩ ᠠᠨ ᠤ ᠯᠢᠨᠱᠦ᠋ᠢ ᠶᠢᠨ ᠬᠢᠵᠢᠭ ᠤᠨ ᠪᠠᠶᠢᠳᠠᠯ ᠬᠡᠯᠪᠡᠯᠵᠡᠨ ᠪᠠᠭᠤᠷᠠᠬᠤ ᠬᠤᠭᠤᠴᠠᠭᠠᠨ ᠳᠤ ᠣᠷᠣᠰᠢᠵᠤ᠂ ᠬᠢᠵᠢᠭ ᠤᠨ | ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠡᠮᠦᠨᠡᠬᠢ ᠬᠤᠭᠤᠴᠠᠭᠠᠨ ᠤ ᠬᠢ ᠠᠴᠠ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ | ᠲᠢᠶᠠᠨᠵᠢᠨ᠂ ᠭᠢᠷᠢᠨ ᠳᠤ ᠣᠶᠢᠷ᠎ᠠ ᠶᠢᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠭᠠᠷᠤᠭᠰᠠᠨ ᠪᠣᠯᠬᠤᠷ ᠪᠠᠶᠢᠴᠠᠭᠠᠨ ᠰᠢᠯᠭᠠᠬᠤ ᠪᠠ | ᠲᠦᠭᠰᠢᠭᠦᠷᠢ ᠶᠢᠨ ᠴᠡᠭ ᠪᠠᠶᠢᠷᠢ ᠶᠢᠨ ᠪᠠᠶᠢᠴᠠᠭᠠᠯᠲᠠ ᠶᠢ ᠲᠦᠷᠭᠡᠳᠬᠡᠬᠦ ᠴᠢᠬᠤᠯᠠᠲᠠᠢ ᠪᠠᠶᠢᠨ᠎ᠠ᠃ | ᠾᠧᠨᠠᠨ᠂ ᠠᠨᠾᠦ᠋ᠢ᠂ ᠵᠢᠶᠠᠩᠰᠢ᠂ ᠯᠢᠶᠣᠤᠨᠢᠩ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠪᠠᠷ ᠡᠵᠡᠮᠳᠡᠵᠦ᠂ ᠬᠢᠵᠢᠭ ᠤᠨ ᠪᠠᠶᠢᠳᠠᠯ | ᠲᠣᠭᠲᠠᠭᠤᠨ ᠪᠣᠯᠵᠤ ᠪᠤᠢ᠃ | ᠣᠯᠠᠨ ᠲᠦᠮᠡᠨ ᠤ ᠦᠨᠳᠦᠰᠦᠨ ᠡᠮᠴᠢᠯᠡᠭᠡ ᠪᠠ ᠠᠮᠢᠳᠤᠷᠠᠯ ᠢ ᠨᠥᠯᠥᠭᠡᠯᠡᠬᠦ ᠦᠭᠡᠢ ᠪᠠᠶᠢᠳᠠᠯ ᠳᠣᠣᠷ᠎ᠠ ᠬᠢᠵᠢᠭ ᠤᠨ ᠪᠠᠶᠢᠳᠠᠯ ᠢ ᠡᠵᠡᠮᠳᠡᠬᠦ ᠳᠤ ᠨᠢᠭᠡ ᠯᠡ | ᠪᠠᠷᠢᠮᠵᠢᠶ᠎ᠠ ᠪᠠᠷ ᠱᠠᠭᠠᠷᠳᠠᠵᠤ ᠪᠣᠯᠬᠤ ᠦᠭᠡᠢ | ᠤᠯᠠᠨ ᠲᠦᠮᠡᠨ ᠤ ᠦᠨᠳᠦᠰᠦᠨ ᠡᠮᠴᠢᠯᠡᠭᠡ ᠪᠠ ᠠᠮᠢᠳᠤᠷᠠᠯ ᠢ ᠨᠥᠯᠥᠭᠡᠯᠡᠬᠦ ᠦᠭᠡᠢ ᠪᠠᠶᠢᠳᠠᠯ ᠳᠣᠣᠷ᠎ᠠ ᠬᠢᠵᠢᠭ ᠤᠨ ᠪᠠᠶᠢᠳᠠᠯ ᠢ ᠴᠢᠷᠮᠠᠶᠢᠨ ᠡᠵᠡᠮᠳᠡᠵᠦ᠂ ᠡᠯ᠎ᠡ | ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠬᠢᠯᠪᠠᠷᠴᠢᠯᠠᠬᠤ ᠪᠠ ᠨᠢᠭᠡ ᠯᠡ ᠪᠠᠷᠢᠮᠵᠢᠶ᠎ᠠ ᠪᠠᠷ | ᠱᠠᠭᠠᠷᠳᠠᠵᠤ ᠪᠣᠯᠬᠤ ᠦᠭᠡᠢ᠃ | ᠬᠠᠭᠤᠷᠮᠠᠭ ᠠᠷᠭ᠎ᠠ ᠴᠢᠨᠠᠷ ᠢᠯᠡᠷᠡᠬᠦ ᠨᠢ ᠪᠥᠭᠡᠮ ᠬᠦᠴᠢᠯ ᠤᠨ ᠪᠠᠶᠢᠴᠠᠭᠠᠯᠲᠠ ᠶᠢᠨ ᠣᠮᠢᠺᠷᠦᠨ ᠬᠤᠣᠷᠲᠤ ᠸᠢᠷᠦ᠋ᠰ ᠤᠨ ᠪᠠᠶᠢᠴᠠᠭᠠᠯᠲᠠ ᠳᠠᠬᠢ ᠰᠡᠷᠭᠡᠭ ᠴᠢᠨᠠᠷ | ᠨᠢ ᠪᠠᠭᠤᠷᠠᠭᠰᠠᠨ ᠢ ᠬᠠᠷᠠᠭᠤᠯᠵᠤ ᠪᠠᠶᠢᠬᠤ ᠪᠢᠰᠢ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠬᠡᠳᠦᠶᠢᠪᠡᠷ ᠮᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠣᠨᠴᠠᠭᠠᠶ ᠴᠢᠨᠠᠷ ᠨᠢ 100% ᠳᠤ | ᠬᠦᠷᠴᠦ ᠪᠠᠶᠢᠳᠠᠭ ᠪᠣᠯᠪᠠᠴᠤ ᠪᠣᠳᠠᠲᠠᠢ ᠠᠵᠢᠯ ᠤᠨ ᠳᠤᠮᠳᠠ ᠲᠤᠷᠰᠢᠯᠲᠠ ᠶᠢᠨ ᠲᠡᠰᠤᠬ ᠲᠠᠬᠢ ᠲᠤᠷᠰᠢᠯᠲᠠ ᠶᠢᠨ ᠶᠠᠪᠤᠴᠠ ᠵᠢᠴᠢ ᠠᠵᠢᠯᠯᠠᠭ᠎ᠠ ᠠᠴᠠ ᠪᠣᠯᠤᠭᠰᠠᠨ | ᠵᠠᠷᠢᠮ ᠪᠣᠬᠢᠷᠳᠤᠯ ᠠᠴᠠ ᠪᠣᠯᠵᠤ ᠬᠠᠭᠤᠷᠮᠠᠭ ᠠᠷᠭ᠎ᠠ ᠴᠢᠨᠠᠷ ᠢ ᠪᠤᠢ ᠪᠣᠯᠭᠠᠵᠤ ᠮᠡᠳᠡᠨ᠎ᠡ᠃ ᠪᠢᠳᠡ ᠡᠨᠡ ᠲᠤᠬᠠᠢ ᠡᠳᠦᠢ ᠲᠡᠳᠦᠢ ᠵᠠᠳᠠᠯᠤᠯᠲᠠ ᠬᠢᠪᠡ᠃ | ᠪᠣᠬᠢᠷᠳᠤᠯ ᠠᠴᠠ ᠪᠣᠯᠤᠭᠰᠠᠨ ᠬᠠᠭᠤᠷᠮᠠᠭ ᠠᠷᠭ᠎ᠠ ᠴᠢᠨᠠᠷ ᠤᠨ ᠪᠣᠬᠢᠷᠳᠤᠯ ᠤᠨ ᠢᠷᠡᠯᠲᠡ ᠶᠢ ᠶᠡᠷᠦ ᠳᠤ ᠪᠠᠨ ᠬᠤᠶᠠᠷ ᠵᠦᠢᠯ ᠳᠤ ᠬᠤᠪᠢᠶᠠᠳᠠᠭ᠂ ᠨᠢᠭᠡ ᠨᠢ | ᠦᠢᠯᠡᠳᠬᠦᠨ ᠤ ᠦᠯᠡᠳᠡᠭᠳᠡᠯ ᠪᠣᠬᠢᠷᠳᠤᠯ ᠪᠣᠯᠣᠨ᠎ᠠ᠂ ᠶᠡᠭᠡ ᠬᠡᠪᠴᠢᠶᠡᠨ ᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ᠂ ᠲᠤᠭ᠎ᠠ ᠬᠡᠮᠵᠢᠶ᠎ᠡ ᠨᠢ ᠶᠡᠭᠡ | ᠮᠥᠷᠲᠡᠭᠡᠨ ᠪᠠᠰᠠ ︽ᠬᠥᠮᠥᠨ ᠨᠢ ᠠᠮᠠᠷᠠᠪᠠᠴᠤ ᠮᠠᠰᠢᠨ ᠨᠢ ᠠᠮᠠᠷᠠᠬᠤ ᠦᠭᠡᠢ︾ ᠦᠷᠭᠦᠯᠵᠢᠯᠡᠨ ᠠᠵᠢᠯᠯᠠᠬᠤ ᠠᠷᠭ᠎ᠠ ᠮᠠᠶ᠋ᠢᠭ ᠠᠪᠴᠤ ᠪᠠᠶᠢᠭ᠎ᠠ ᠤᠴᠢᠷ ᠠᠴᠠ ᠡᠭᠡᠯᠵᠢ | ᠪᠦᠷᠢ ᠶᠢᠨ ᠥᠷᠭᠡᠳᠬᠡᠨ ᠨᠡᠮᠡᠭᠳᠡᠭᠦᠯᠬᠦ ᠪᠠᠶᠢᠴᠠᠭᠠᠯᠲᠠ ᠶᠢᠨ ᠬᠤᠭᠤᠷᠣᠨᠳᠣᠬᠢ ᠠᠷᠢᠭᠤᠨ ᠴᠡᠪᠡᠷ ᠨᠢ ᠪᠠᠷᠢᠮᠵᠢᠶ᠎ᠠ ᠳᠤ ᠬᠦᠷᠬᠦ ᠦᠭᠡᠢ ᠪᠠᠶᠢᠵᠤ ᠮᠡᠳᠡᠨ᠎ᠠ᠃ ᠡᠭᠦᠨ ᠤ | ᠬᠠᠮᠲᠤ ᠥᠷᠭᠡᠳᠬᠡᠨ ᠨᠡᠮᠡᠭᠳᠡᠭᠦᠯᠬᠦ ᠬᠤᠭᠤᠯᠠᠢ ᠨᠢᠭᠡᠪᠦᠷᠢ ᠶᠢ ᠴᠥᠮ ᠨᠢᠭᠲᠠ ᠪᠢᠲᠡᠭᠦᠮᠵᠢᠯᠡᠭᠰᠡᠨ ᠢ ᠪᠠᠲᠤᠯᠠᠬᠤ ᠶᠢᠨ ᠠᠷᠭ᠎ᠠ ᠦᠭᠡᠢ ᠪᠣᠯᠬᠤᠷ ᠬᠠᠭᠤᠷᠮᠠᠭ ᠠᠷᠭ᠎ᠠ | ᠴᠢᠨᠠᠷ ᠢ ᠪᠤᠢ ᠪᠣᠯᠭᠠᠵᠤ ᠮᠡᠳᠡᠨ᠎ᠡ᠃ ᠡᠭᠦᠨ ᠠᠴᠠ ᠭᠠᠳᠠᠨ᠎ᠠ᠂ ᠪᠠᠶᠢᠴᠠᠭᠠᠨ ᠰᠢᠯᠭᠠᠬᠤ ᠶᠠᠪᠤᠴᠠ ᠳᠤ ᠥᠯᠢᠭᠡᠷ ᠤᠨ ᠬᠤᠭᠤᠷᠣᠨᠳᠤ ᠰᠣᠯᠪᠢᠴᠠᠨ ᠪᠣᠬᠢᠷᠲᠤᠬᠤ ᠪᠠᠶᠢᠳᠠᠯ | ᠭᠠᠷᠴᠤ ᠮᠡᠳᠡᠨ᠎ᠡ᠂ ᠵᠢᠱᠢᠶᠡᠯᠡᠪᠡᠯ ᠠᠷᠭ᠎ᠠ ᠴᠢᠨᠠᠷᠲᠠᠢ ᠥᠯᠢᠭᠡᠷ ᠪᠤᠶᠤ ᠮᠠᠨ ᠤ ᠬᠡᠷᠡᠭᠯᠡᠵᠦ ᠪᠠᠶᠢᠭ᠎ᠠ ᠶᠠᠰᠤ ᠴᠢᠨᠠᠷ ᠤᠨ ᠡᠵᠡᠮᠳᠡᠯ ᠤᠨ ᠡᠳ᠋ ᠨᠢ ᠤᠤᠯ ᠤᠨ ᠪᠢᠯᠢᠭ | ᠴᠢᠨᠠᠷᠲᠠᠢ ᠥᠯᠢᠭᠡᠷ ᠢ ᠪᠣᠬᠢᠷᠳᠤᠭᠤᠯᠵᠤ ᠮᠡᠳᠡᠨ᠎ᠡ᠃ ᠡᠶᠢᠮᠦ ᠠᠴᠠ ᠰᠤᠯᠪᠢᠴᠠᠭ᠎ᠠ ᠪᠣᠬᠢᠷᠳᠤᠯ ᠠᠴᠠ ᠪᠣᠯᠤᠭᠰᠠᠨ ᠬᠠᠭᠤᠷᠮᠠᠭ ᠠᠷᠭ᠎ᠠ ᠴᠢᠨᠠᠷ ᠪᠣᠯᠣᠨ᠎ᠠ᠃ ᠡᠭᠦᠨ ᠠᠴᠠ | ᠭᠠᠳᠠᠨ᠎ᠠ᠂ ᠣᠨᠴᠠ ᠵᠠᠷᠢᠮ ᠲᠤᠷᠰᠢᠯᠲᠠ ᠶᠢᠨ ᠲᠠᠰᠤᠭ ᠪᠠ ᠮᠡᠷᠭᠡᠵᠢᠯ ᠤᠨ ᠠᠵᠢᠯᠲᠠᠨ ᠲᠣᠭᠲᠠᠭᠰᠠᠨ ᠠᠵᠢᠯ ᠤᠨ ᠵᠢᠷᠤᠮ ᠢ ᠴᠢᠩᠭ᠎ᠠ ᠵᠢᠷᠤᠮᠯᠠᠬᠤ ᠦᠭᠡᠢ ᠠᠴᠠ ᠪᠣᠯᠵᠤ | ᠬᠠᠭᠤᠷᠮᠠᠭ ᠠᠷᠭ᠎ᠠ ᠴᠢᠨᠠᠷ ᠲᠠᠢ ᠦᠷ᠎ᠡ ᠳ᠋ᠦᠩ ᠢ ᠪᠣᠢ ᠪᠣᠯᠭᠠᠳᠠᠭ᠃ | ᠡᠲᠡᠭᠡᠷ ᠪᠠᠶᠢᠳᠠᠯ ᠨᠢ ᠦᠨᠡᠨ ᠳᠤ ᠪᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠣᠮᠢᠺᠷᠣᠨ ᠬᠤᠣᠷᠲᠤ ᠸᠢᠷᠦ᠋ᠰ ᠲᠠᠬᠢ ᠰᠡᠷᠭᠡᠭ ᠴᠢᠨᠠᠷ ᠨᠢ ᠡᠳᠦᠢ ᠲᠡᠳᠦᠢ | ᠪᠠᠭᠤᠷᠠᠭᠰᠠᠨ ᠢ ᠬᠠᠷᠠᠭᠤᠯᠵᠤ ᠪᠠᠶᠢᠭ᠎ᠠ ᠪᠢᠰᠢ ᠶᠤᠮ᠃ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠮᠥᠨ ᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠸᠢᠷᠦ᠋ᠰ ᠢ ᠪᠠᠶᠢᠴᠠᠭᠠᠨ ᠢᠯᠡᠷᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠠᠷᠭ᠎ᠠ ᠪᠠᠷᠢᠯ ᠪᠣᠯᠣᠨ᠎ᠠ᠃ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠪᠠᠶᠢᠭᠤᠯᠬᠤ ᠨᠢ ᠬᠢᠵᠢᠭ ᠤᠨ ᠪᠠᠶᠢᠳᠠᠯ ᠬᠦᠨᠳᠦ ᠨᠣᠴᠢᠲᠠᠢ ᠪᠣᠯᠣᠭᠰᠠᠨ ᠤ ᠳᠣᠬᠢᠶ᠎ᠠ ᠣᠭᠲᠣ ᠪᠢᠰᠢ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠪᠠᠶᠢᠭᠤᠯᠬᠤ ᠨᠢ ᠬᠢᠵᠢᠭ ᠤᠨ ᠪᠠᠶᠢᠳᠠᠯ ᠬᠦᠨᠳᠦ ᠨᠣᠴᠢᠲᠠᠢ ᠪᠣᠯᠣᠭᠰᠠᠨ ᠤ ᠳᠣᠬᠢᠶ᠎ᠠ ᠣᠭᠲᠣ ᠪᠢᠰᠢ ᠶᠤᠮ᠃ ᠬᠠᠷᠢᠨ | ᠣᠮᠢᠺᠷᠤᠨ ᠣᠨᠳᠣᠣᠰᠢᠭᠰᠠᠨ ᠸᠢᠷᠦ᠋ᠰ ᠤᠨ ᠣᠨᠴᠠᠯᠢᠭ ᠢ ᠦᠨᠳᠦᠰᠦᠯᠡᠨ᠂ ᠠᠷᠭᠠᠴᠠᠭᠠᠬᠤ ᠶᠠᠪᠤᠴᠠ ᠳᠤ ᠲᠦᠷᠭᠡᠨ ᠢᠶᠠᠷ ᠲᠦᠷᠭᠡᠨ ᠢ ᠢᠯᠠᠵᠤ᠂ ᠪᠡᠯᠡᠳᠬᠡᠯ ᠲᠠᠢ | ᠪᠠᠶᠢᠪᠠᠯ ᠪᠠᠯᠠᠳᠠᠬᠤ ᠦᠭᠡᠢ ᠪᠠᠶᠢᠬᠤ ᠶᠢᠨ ᠲᠥᠯᠥᠭᠡ ᠶᠤᠮ᠃ ᠣᠮᠢᠺᠷᠦᠨ ᠣᠨᠳᠣᠣᠰᠢᠭᠰᠠᠨ ᠸᠢᠷᠦ᠋ᠰ ᠤᠨ ᠲᠠᠷᠬᠠᠬᠤ ᠬᠤᠷᠳᠤᠴᠠ ᠨᠢ ᠨᠡᠩ ᠲᠦᠷᠭᠡᠨ᠂ | ᠬᠠᠯᠳᠠᠪᠤᠷᠢᠲᠤ ᠴᠢᠨᠠᠷ ᠨᠢ ᠨᠡᠩ ᠴᠢᠩᠭ᠎ᠠ᠂ ᠡᠭᠦᠨ ᠤ ᠳᠡᠭᠡᠷ᠎ᠡ ᠬᠠᠯᠳᠠᠪᠤᠷᠢᠯᠠᠭᠰᠠᠳ ᠤᠨ ᠡᠪᠡᠳᠴᠢᠨ ᠤ ᠪᠠᠶᠢᠳᠠᠯ ᠨᠢ ᠶᠡᠷᠦᠩᠬᠡᠢ ᠳᠤ ᠪᠠᠨ ᠨᠡᠯᠢᠶᠡᠳ ᠬᠥᠩᠭᠡᠨ | ᠮᠥᠷᠲᠡᠭᠡᠨ ᠵᠣᠬᠢᠬᠤ ᠲᠣᠭᠠᠨ ᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠵᠤ᠂ ᠬᠠᠯᠳᠠᠪᠤᠷᠢᠯᠠᠭᠰᠠᠳ ᠤᠨ ᠲᠤᠭ᠎ᠠ ᠣᠬᠤᠷᠬᠠᠨ ᠬᠤᠭᠤᠴᠠᠭᠠᠨ ᠳᠤ | ᠶᠡᠭᠡ ᠬᠡᠮᠵᠢᠶ᠎ᠡ ᠪᠠᠷ ᠨᠡᠮᠡᠭᠳᠡᠳᠡᠭ᠃ ᠡᠶᠢᠮᠦ ᠠᠴᠠ ᠬᠠᠯᠳᠠᠪᠤᠷᠢᠯᠠᠭᠰᠠᠳ ᠢ ᠲᠡᠷᠡ ᠳᠠᠷᠤᠢ ᠳᠤ ᠨᠢ ᠠᠯᠢ ᠲᠦᠷᠭᠡᠨ ᠢᠶᠠᠷ ᠡᠮᠨᠡᠨ ᠵᠠᠰᠠᠬᠤ ᠪᠣᠯ ᠬᠠᠯᠳᠠᠪᠤᠷᠢᠯᠠᠬᠤ ᠠᠷᠭ᠎ᠠ | ᠵᠠᠮ ᠢ ᠲᠠᠰᠤᠯᠬᠤ ᠪᠠ ᠤᠯᠠᠮ ᠨᠢᠭᠡ ᠠᠯᠬᠤᠮ ᠦᠷᠪᠢᠰᠦᠨ ᠬᠠᠯᠳᠠᠪᠤᠷᠢᠯᠠᠬᠤ ᠶᠢ ᠰᠡᠷᠭᠡᠶᠢᠯᠡᠬᠦ ᠵᠠᠩᠭᠢᠯᠠᠭ᠎ᠠ ᠶᠢᠨ ᠠᠷᠭ᠎ᠠ ᠪᠠᠷᠢᠯ ᠪᠣᠯᠬᠤ ᠶᠤᠮ᠃ | ᠡᠶᠢᠮᠦ ᠠᠴᠠ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ᠂ ᠡᠮᠴᠢᠯᠡᠪᠡᠰᠦ ᠵᠣᠬᠢᠬᠤ ᠶᠢ ᠨᠢ ᠪᠦᠬᠦᠨ ᠢ ᠡᠮᠴᠢᠯᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠠᠵᠢᠯ ᠪᠣᠯᠣᠨ ᠬᠡᠪ ᠤᠨ ᠡᠮᠴᠢᠯᠡᠭᠡᠨ ᠤ ᠠᠵᠢᠯ ᠤᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠬᠦ ᠶᠢᠨ ᠲᠥᠯᠥᠭᠡ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠢ ᠠᠪᠤᠷᠠᠨ ᠵᠠᠰᠠᠬᠤ ᠳᠤ ᠡᠩ ᠤᠨ ᠪᠠ ᠪᠠᠴᠢᠮ ᠪᠠᠶᠢᠳᠠᠯ ᠢ ᠤᠶᠠᠯᠳᠤᠭᠤᠯᠤᠭᠰᠠᠨ ᠡᠮᠴᠢᠯᠡᠭᠡᠨ ᠤ ᠠᠪᠤᠷᠠᠨ ᠵᠠᠰᠠᠬᠤ | ᠲᠣᠭᠲᠠᠯᠴᠠᠭ᠎ᠠ ᠶᠢ ᠢᠳᠡᠪᠬᠢᠲᠡᠢ ᠪᠦᠷᠢᠯᠳᠦᠭᠦᠯᠵᠦ᠂ ᠲᠥᠷᠥᠯ ᠬᠤᠪᠢᠶᠠᠨ ᠠᠪᠤᠷᠠᠨ ᠵᠠᠰᠠᠬᠤ ᠠᠷᠭ᠎ᠠ ᠶᠢ ᠬᠡᠷᠡᠭᠵᠢᠭᠦᠯᠵᠦ ᠪᠠᠶᠢᠨ᠎ᠠ᠃ ᠣᠮᠢᠺᠷᠦᠨ ᠤ ᠣᠨᠴᠠᠯᠢᠭ ᠢ | ᠦᠨᠳᠦᠰᠦᠯᠡᠨ ᠲᠥᠷᠥᠯ ᠬᠤᠪᠢᠶᠠᠨ ᠡᠮᠨᠡᠨ ᠵᠠᠰᠠᠬᠤ᠂ ᠲᠤᠬᠠᠶᠢᠯᠠᠪᠠᠯ ᠬᠥᠩᠭᠡᠨ ᠡᠪᠡᠳᠴᠢᠲᠡᠨ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠢ | ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠭᠥᠯᠢᠶᠡᠨ ᠠᠪᠴᠤ ᠡᠮᠨᠡᠨ᠎ᠡ᠃ ᠣᠯᠠᠩᠬᠢ ᠡᠪᠡᠳᠴᠢᠲᠡᠨ ᠤ ᠡᠪᠡᠳᠴᠢᠨ ᠤ ᠪᠠᠶᠢᠳᠠᠯ ᠨᠢ ᠨᠡᠯᠢᠶᠡᠳ ᠬᠥᠩᠭᠡᠨ ᠮᠥᠷᠲᠡᠭᠡᠨ | ᠪᠠᠰᠠ ᠨᠢᠭᠡ ᠪᠦᠯᠦᠭ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠵᠤ᠂ ᠡᠳᠡᠭᠡᠷ ᠬᠦᠮᠦᠰ ᠢ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ ᠰᠠᠭᠤᠯᠭᠠᠬᠤ ᠨᠢ | ᠨᠢᠭᠡ ᠲᠠᠯ᠎ᠠ ᠪᠠᠷ ᠡᠮᠴᠢᠯᠡᠭᠡᠨ ᠤ ᠠᠵᠢᠭᠯᠠᠯᠲᠠ ᠬᠢᠵᠦ ᠡᠮᠨᠡᠨ ᠵᠠᠰᠠᠵᠤ᠂ ᠨᠠᠩ ᠴᠢᠬᠤᠯᠠ ᠨᠢ ᠤᠯᠠᠮ ᠨᠢᠭᠡ ᠠᠯᠬᠤᠮ ᠬᠠᠯᠳᠠᠪᠤᠷᠢᠯᠠᠵᠤ ᠨᠠᠩ ᠶᠡᠭᠡ ᠬᠡᠪᠴᠢᠶᠡᠨ ᠤ | ᠬᠠᠯᠳᠠᠪᠤᠷᠢᠯᠠᠯ ᠡᠭᠦᠰᠬᠦ ᠠᠴᠠ ᠰᠡᠷᠭᠡᠶᠢᠯᠡᠵᠦ ᠴᠢᠳᠠᠨ᠎ᠠ᠃ ᠨᠥᠭᠦᠭᠡ ᠲᠠᠯ᠎ᠠ ᠪᠠᠷ᠂ ᠡᠩ ᠤᠨ ᠡᠪᠡᠳᠴᠢᠲᠡᠨ᠂ ᠬᠦᠨᠳᠦ ᠡᠪᠡᠳᠴᠢᠲᠡᠨ ᠪᠠ ᠲᠦᠭᠰᠢᠭᠦᠷᠢ ᠶᠢᠨ ᠬᠦᠴᠦᠨ | ᠵᠦᠢᠯ ᠪᠦᠬᠦᠢ ᠬᠠᠯᠳᠠᠪᠤᠷᠢᠯᠠᠭᠰᠠᠳ ᠢ ᠡᠮᠨᠡᠨ ᠵᠠᠰᠠᠬᠤ ᠴᠢᠳᠠᠪᠤᠷᠢ ᠪᠠᠷ ᠨᠡᠯᠢᠶᠡᠳ ᠴᠢᠩᠭ᠎ᠠ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠳᠤ ᠡᠮᠨᠡᠨ ᠵᠠᠰᠠᠵᠤ᠂ | ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠡᠪᠡᠳᠴᠢᠨ ᠢᠶᠠᠷ ᠦᠬᠦᠬᠦ ᠨᠣᠷᠮ᠎ᠠ ᠶᠢ ᠪᠠᠭᠤᠷᠠᠭᠤᠯᠵᠤ᠂ ᠬᠠᠯᠳᠠᠪᠤᠷᠢᠯᠠᠬᠤ ᠨᠣᠷᠮ᠎ᠠ ᠶᠢ ᠪᠠᠭᠤᠷᠠᠭᠤᠯᠤᠨ᠎ᠠ᠃ | ᠫᠠᠰᠫᠣᠷᠲ ᠤᠨ ᠭᠠᠷ ᠭᠦᠢᠴᠡᠳᠬᠡᠯ ᠤᠨ ᠠᠵᠢᠯ ᠢ ᠵᠣᠭᠰᠣᠭᠠᠬᠤ ᠵᠡᠷᠭᠡ ᠮᠡᠳᠡᠭᠡ ᠪᠣᠯ ᠴᠥᠮ ᠬᠤᠳᠠᠯ ᠬᠠᠭᠤᠷᠮᠠᠭ ᠴᠤᠤᠷᠬᠠᠯ ᠪᠣᠯᠣᠨ᠎ᠠ | ᠪᠠᠶᠢᠴᠠᠭᠠᠨ ᠲᠣᠳᠣᠯᠠᠭᠰᠠᠨ ᠤ ᠳ᠋ᠦᠩ ᠳᠤ᠂ ᠰᠦᠯᠵᠢᠶᠡᠨ ᠳᠡᠭᠡᠷᠡᠬᠢ ︽ᠫᠠᠰᠫᠣᠷᠲ ᠤᠨ ᠭᠠᠷ ᠭᠦᠢᠴᠡᠳᠬᠡᠯ ᠤᠨ ᠠᠵᠢᠯ ᠢ ᠵᠣᠭᠰᠣᠭᠠᠬᠤ ᠪᠠ ᠭᠠᠳᠠᠭᠠᠳᠤ ᠶᠢᠨ | ᠣᠷᠣᠰᠢᠨ ᠰᠠᠭᠤᠬᠤ ᠭᠡᠷᠡᠴᠢ ᠲᠡᠮᠳᠡᠭ ᠪᠠ ᠨᠣᠭᠤᠭᠠᠨ ᠺᠠᠷᠲ ᠶᠢ ᠬᠠᠶᠢᠴᠢᠯᠠᠬᠤ︾ ᠵᠡᠷᠭᠡ ᠮᠡᠳᠡᠭᠡ ᠪᠣᠯ ᠴᠥᠮ ᠬᠤᠳᠠᠯ ᠬᠠᠭᠤᠷᠮᠠᠭ ᠴᠤᠤᠷᠬᠠᠯ ᠪᠣᠯᠣᠨ᠎ᠠ᠃ ᠨᠡᠭᠦᠳᠡᠯ | ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠨᠣᠭᠤᠭᠠᠨ ᠺᠠᠷᠲ ᠢ ᠪᠠᠭᠲᠠᠭᠠᠭᠰᠠᠨ ᠭᠠᠳᠠᠭᠠᠳᠤ ᠤᠯᠤᠰ ᠤᠨ ᠭᠠᠷ ᠤᠨ ᠥᠰᠥᠭ ᠵᠢᠷᠤᠵᠤ ᠣᠯᠭᠤᠭᠰᠠᠨ | ᠣᠷᠣᠰᠢᠨ ᠰᠠᠭᠤᠬᠤ ᠦᠨᠡᠮᠯᠡᠯ ᠢ ᠶᠡᠷᠦ ᠠᠴᠠ ᠬᠠᠶᠢᠴᠢᠯᠠᠭᠰᠠᠨ ᠦᠭᠡᠢ᠂ ᠡᠶᠢᠮᠦᠷᠬᠦᠦ ᠳᠠᠮ ᠶᠠᠷᠢᠶ᠎ᠠ ᠳᠤ ᠪᠣᠳᠠᠲᠤ ᠬᠡᠷᠡᠭ ᠤᠨ ᠦᠨᠳᠦᠰᠦ ᠪᠠᠷᠢᠮᠲᠠ ᠣᠭᠲᠣ ᠦᠭᠡᠢ᠂ | ᠬᠠᠮᠢᠶ᠎ᠠ ᠪᠦᠬᠦᠢ ᠬᠠᠷᠢᠭᠤᠴᠠᠯᠭᠠᠲᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠨᠢᠭᠡᠨᠲᠡ ᠬᠠᠤᠯᠢ ᠶᠣᠰᠣᠭᠠᠷ ᠰᠢᠢᠳᠪᠦᠷᠢᠯᠡᠭᠰᠡᠨ ᠪᠠᠶᠢᠨ᠎ᠠ᠃ | ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠤᠶᠤᠴᠢᠯᠠᠯ ᠢ | ᠦᠨᠳᠦᠰᠦᠯᠡᠨ ᠲᠤᠬᠠᠢ ᠶᠢᠨ ᠬᠥᠮᠥᠨ ᠤ ᠬᠢᠯᠢ ᠪᠠᠷ ᠣᠷᠣᠵᠤ ᠭᠠᠷᠬᠤ ᠭᠡᠷᠡᠴᠢ ᠲᠡᠮᠳᠡᠭ ᠢ ᠬᠢᠨᠠᠨ ᠬᠠᠷᠭᠤᠭᠤᠯᠵᠤ ᠭᠠᠷ ᠤᠨ ᠥᠰᠥᠭ ᠵᠢᠷᠤᠵᠤ ᠣᠯᠭᠤᠬᠤ ᠦᠶ᠎ᠡ ᠳᠤ᠂ | ᠡᠰᠡᠬᠦᠯ᠎ᠡ ᠬᠢᠯᠢ ᠪᠠᠷ ᠣᠷᠣᠵᠤ ᠭᠠᠷᠬᠤ ᠬᠢᠯᠢ ᠶᠢᠨ ᠪᠠᠶᠢᠴᠠᠭᠠᠯᠲᠠ ᠶᠢᠨ ᠪᠠᠶᠢᠭᠤᠯᠭ᠎ᠠ ᠨᠢ ᠪᠠᠶᠢᠴᠠᠭᠠᠬᠤ ᠶᠠᠪᠤᠴᠠ ᠳᠤ ᠪᠠᠨ ᠲᠤᠬᠠᠢ ᠶᠢᠨ ᠬᠥᠮᠥᠨ ᠤ ᠳᠤᠮᠳᠠᠳᠤ | ᠤᠯᠤᠰ ᠤᠨ ᠬᠢᠯᠢ ᠪᠠᠷ ᠣᠷᠣᠵᠤ ᠭᠠᠷᠬᠤ ᠭᠡᠷᠡᠴᠢ ᠲᠡᠮᠳᠡᠭ ᠢ ᠨᠢᠭᠡᠨᠲᠡ ᠬᠦᠴᠦᠨ ᠦᠭᠡᠢ ᠪᠣᠯᠭᠠᠬᠤ ᠪᠠᠷ ᠬᠠᠤᠯᠢ ᠶᠣᠰᠣᠭᠠᠷ ᠵᠠᠷᠯᠠᠭᠰᠠᠨ ᠢ ᠣᠯᠵᠤ ᠮᠡᠳᠡᠪᠡᠯ᠂ | ᠨᠢᠭᠡᠨᠲᠡ ᠬᠦᠴᠦᠨ ᠦᠭᠡᠢ ᠪᠣᠯᠤᠭᠰᠠᠨ ᠭᠡᠷᠡᠴᠢ ᠲᠡᠮᠳᠡᠭ ᠢ ︽ᠥᠨᠴᠥᠭ ᠬᠠᠶᠢᠴᠢᠯᠠᠨ︾ ᠰᠢᠢᠳᠪᠦᠷᠢᠯᠡᠵᠦ᠂ ᠬᠠᠤᠯᠢ ᠪᠤᠰᠤ ᠡᠲᠡᠭᠡᠳ ᠲᠤ ᠠᠰᠢᠭᠯᠠᠭᠳᠠᠬᠤ ᠶᠢ | ᠰᠡᠷᠭᠡᠶᠢᠯᠡᠨ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠳᠠᠭ᠃ ᠬᠦᠴᠦᠨ ᠦᠭᠡᠢ ᠪᠣᠯᠤᠭᠰᠠᠨ ᠦᠨᠡᠮᠯᠡᠯ ᠢ ︽ | ᠥᠨᠴᠥᠭ ᠬᠠᠶᠢᠴᠢᠯᠠᠬᠤ︾ ᠠᠷᠭ᠎ᠠ ᠪᠠᠷ ᠰᠢᠢᠳᠪᠦᠷᠢᠯᠡᠬᠦ ᠪᠣᠯ ᠪᠠᠰᠠ ᠴᠤ ᠳᠡᠯᠡᠬᠡᠢ ᠳᠡᠭᠡᠷᠡᠬᠢ ᠮᠠᠰᠢ ᠣᠯᠠᠨ ᠤᠯᠤᠰ ᠤᠨ ᠶᠡᠷᠦᠳᠡ ᠶᠢᠨ ᠬᠡᠷᠡᠭᠯᠡᠳᠡᠭ ᠠᠷᠭ᠎ᠠ ᠮᠥᠨ᠃ | ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠳᠤ ᠶᠠᠭᠠᠬᠢᠭᠰᠠᠨ ᠴᠦ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ ᠪᠣᠯᠬᠤ ᠦᠭᠡᠢ | ᠪᠠᠶᠢᠩᠭᠤᠵᠢᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ | ᠦᠨᠳᠦᠰᠦᠯᠡᠨ ᠲᠣᠭᠲᠠᠭᠠᠬᠤ ᠬᠡᠷᠡᠭᠲᠡᠢ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠵᠤ ᠶᠠᠭᠠᠬᠢᠭᠰᠠᠨ ᠴᠤ ᠪᠣᠯᠬᠤ ᠦᠭᠡᠢ᠃ ᠡᠶᠢᠮᠦ ᠠᠴᠠ᠂ ᠪᠢᠳᠡ ᠪᠣᠶ ᠪᠦᠬᠦᠢ | ᠬᠤᠲᠠ ᠳᠤ ᠴᠥᠮ 15 ᠮᠢᠨᠦ᠋ᠲ ᠤᠨ ᠪᠥᠭᠡᠮ ᠬᠦᠴᠢᠯ ᠤᠨ ᠥᠯᠢᠭᠡᠷ ᠠᠪᠬᠤ ᠴᠠᠭᠠᠷᠢᠭ ᠪᠠᠶᠢᠭᠤᠯᠬᠤ ᠪᠠᠷ ᠱᠠᠭᠠᠷᠳᠠᠵᠤ ᠪᠠᠶᠢᠭ᠎ᠠ ᠪᠢᠰᠢ᠂ ᠬᠠᠷᠢᠨ ᠭᠤᠣᠯᠳᠠᠭᠤ | ᠡᠪᠡᠳᠴᠢᠨ ᠬᠠᠯᠳᠠᠪᠤᠷᠢᠯᠠᠬᠤ ᠲᠦᠭᠰᠢᠭᠦᠷᠢ ᠪᠠᠷ ᠨᠡᠯᠢᠶᠡᠳ ᠥᠨᠳᠥᠷ ᠮᠤᠵᠢ ᠶᠢᠨ ᠲᠥᠪ ᠬᠤᠲᠠ ᠵᠢᠴᠢ ᠬᠥᠮᠥᠨ ᠠᠮᠠ ᠶᠢᠨ ᠲᠤᠭ᠎ᠠ ᠮᠢᠩᠭᠠᠨ ᠲᠦᠮᠡᠨ ᠲᠠᠰ ᠤᠨ | ᠬᠤᠲᠠ ᠳᠤ ᠲᠦᠪᠯᠡᠷᠡᠭᠦᠯᠵᠦ ᠪᠠᠶᠢᠭ᠎ᠠ ᠶᠤᠮ᠃ ᠪᠠᠶᠢᠴᠠᠭᠠᠯᠲᠠ ᠶᠢᠨ ᠳᠠᠪᠲᠠᠮᠵᠢ ᠶᠢᠨ ᠲᠠᠯ᠎ᠠ ᠪᠠᠷ ᠴᠤ ᠪᠣᠶ ᠪᠦᠬᠦᠢ ᠬᠥᠮᠥᠰ ᠢ ᠴᠥᠮ 48 ᠴᠠᠭ ᠤᠨ ᠳᠣᠲᠣᠷ᠎ᠠ ᠨᠢᠭᠡ | ᠤᠳᠠᠭ᠎ᠠ ᠪᠠᠶᠢᠴᠠᠭᠠᠨ ᠰᠢᠯᠭᠠᠬᠤ ᠪᠠᠷ ᠱᠠᠭᠠᠷᠳᠠᠬᠤ ᠪᠢᠰᠢ᠂ ᠪᠣᠳᠠᠲᠠᠢ ᠪᠠᠶᠢᠴᠠᠭᠠᠨ ᠰᠢᠯᠭᠠᠬᠤ ᠳᠠᠪᠲᠠᠮᠵᠢ ᠤᠳᠠᠭ᠎ᠠ ᠶᠢ ᠴᠤ ᠲᠤᠬᠠᠢ ᠶᠢᠨ ᠭᠠᠵᠠᠷ ᠤᠨ ᠬᠢᠵᠢᠭ ᠤᠨ | ᠪᠠᠶᠢᠳᠠᠯ ᠤᠨ ᠬᠥᠭᠵᠢᠯᠲᠡ ᠶᠢᠨ ᠪᠠᠶᠢᠳᠠᠯ ᠪᠠ ᠰᠡᠷᠭᠡᠶᠢᠯᠡᠨ ᠡᠵᠡᠮᠳᠡᠬᠦ ᠬᠡᠷᠡᠭᠴᠡᠭᠡ ᠪᠠᠷ ᠴᠠᠭ ᠪᠠ ᠪᠠᠶᠢᠳᠠᠯ ᠢ ᠦᠨᠳᠦᠰᠦᠯᠡᠨ ᠲᠣᠭᠲᠠᠭᠠᠬᠤ ᠬᠡᠷᠡᠭᠲᠡᠢ᠃ | |