| ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 10 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠵᠠᠯᠠᠭᠤ ᠨᠠᠰᠤ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ | ᠬᠦᠪᠦᠷᠡᠬᠦᠯᠵᠥ᠂ ᠵᠠᠯᠠᠭᠤᠴᠤᠳ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠴᠠᠭ ᠲᠠᠭᠠᠨ | ᠲᠤᠬᠢᠶᠠᠵᠤ᠂ ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠭᠳᠠᠵᠤ᠂ ᠡᠷᠳᠡᠮ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ | ᠪᠠᠶᠢᠵᠤ᠂ ᠬᠦᠰᠡᠯ ᠵᠡᠭᠦᠳᠦ ᠪᠠᠨ ᠲᠡᠷᠭᠡᠯᠰᠢᠬᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠪᠣᠯ | ᠲᠡᠦᠬᠡ ᠶᠢᠨ ᠪᠤᠤᠬᠢᠶ᠎ᠠ ᠲᠠᠮᠵᠢᠭᠤᠯᠬᠤ ᠤᠷᠤᠯᠳᠤᠭᠠᠨ ᠮᠥᠨ᠂ ᠤᠳᠤ ᠦᠶ᠎ᠡ ᠶᠢᠨ ᠵᠠᠯᠠᠭᠤᠴᠤᠳ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ | ᠤᠷᠤᠯᠳᠤᠭᠠᠨ ᠤ ᠵᠠᠮ ᠳᠡᠭᠡᠷ᠎ᠡ ᠡᠷᠡᠮᠡᠭᠡᠶᠢᠯᠡᠨ ᠲᠡᠮᠡᠴᠡᠬᠦ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ | ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠬᠦ᠂ ᠥᠷᠭᠡᠨ ᠤᠯᠠᠨ ᠵᠠᠯᠠᠭᠤᠴᠤᠳ ᠲᠠᠢ ᠰᠡᠳᠭᠢᠯ ᠵᠢᠷᠦᠬᠡ ᠪᠠᠨ ᠬᠤᠯᠪᠣᠬᠤ᠂ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠪᠠᠷᠢᠮᠳᠠᠯᠠᠵᠤ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ | ᠳᠠᠭᠠᠭᠤᠯᠵᠤ ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠬᠦ ᠰᠢᠨ᠎ᠡ ᠴᠠᠭ ᠦᠶ᠎ᠡ ᠶᠢᠨ | ᠰᠠᠶᠢᠨ ᠵᠠᠯᠠᠭᠤᠴᠤᠳ ᠪᠣᠯᠤᠨ ᠦᠰᠦᠨ ᠪᠤᠶᠢᠵᠢᠵᠤ᠂ ᠵᠠᠯᠠᠭᠤ ᠨᠠᠰᠤᠨ ᠤ ᠬᠥᠳᠡᠯᠭᠡᠬᠦ ᠬᠦᠴᠦᠨ ᠪᠣᠯᠤᠨ ᠡᠭᠦᠳᠦᠨ ᠪᠦᠲᠦᠭᠡᠬᠦ ᠬᠦᠴᠦᠨ ᠢᠶᠠᠷ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠬᠦᠴᠦᠲᠦ ᠤᠷᠤᠰᠬᠠᠯ ᠢ ᠬᠥᠭᠵᠢᠭᠡᠵᠦ᠂ ᠵᠠᠯᠠᠭᠤ ᠨᠠᠰᠤᠨ ᠤ ᠤᠶᠤᠨ ᠤᠬᠠᠭᠠᠨ ᠪᠣᠯᠤᠨ ᠬᠦᠴᠦ ᠬᠥᠯᠥᠰᠥ ᠪᠠᠷ ᠢᠶᠠᠨ ᠨᠡᠩ | ᠦᠵᠡᠰᠭᠦᠯᠡᠩᠳᠤ ᠰᠠᠶᠢᠬᠠᠨ ᠳᠤᠮᠳᠠᠳᠤ ᠤᠯᠤᠰ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠸᠠᠩ ᠬᠣ᠋ | ᠨᠢᠩ᠂ ᠵᠤᠤ ᠯᠧ ᠵᠶᠢ᠂ ᠬᠠᠨ ᠵᠧᠩ ᠶᠡᠭᠡ ᠬᠤᠷᠠᠯ ᠳᠤ ᠣᠷᠣᠯᠴᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠠᠳᠤᠭᠠᠷ ᠳᠠᠪᠬᠤᠷᠭ᠎ᠠ ᠶᠢᠨ ᠳᠠᠶᠢᠯᠠᠯᠭ᠎ᠠ ᠶᠢᠨ ᠲᠢᠩᠬᠢᠮ ᠳᠤ ᠬᠥᠷ ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ | ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ | ᠤᠢ ᠶᠢ ᠪᠡᠯᠭᠡᠯᠡᠬᠦ ᠶᠡᠭᠡ ᠬᠤᠷᠠᠯ︾ ᠭᠡᠬᠦ ᠬᠤᠷᠠᠯ ᠤᠨ ᠢᠯᠡᠷᠬᠡᠶᠢᠯᠡᠯ ᠢ ᠡᠯᠭᠦᠵᠦ᠂ ᠠᠷᠤ ᠬᠥᠰᠢᠭᠡ ᠶᠢᠨ ᠲᠦᠪ ᠳᠤᠮᠳᠠ ᠨᠢ ᠡᠪᠯᠡᠯ ᠤᠨ ᠰᠦᠯᠳᠡ ᠶᠢ ᠡᠯᠭᠦᠵᠦ᠂ | ᠡᠪᠯᠡᠯ ᠤᠨ ᠰᠦᠯᠳᠡ ᠶᠢᠨ ᠳᠣᠣᠷ᠎ᠠ ᠲᠠᠯ᠎ᠠ ᠳᠤ ︽1922 — 2022︾ ᠭᠡᠬᠦ ᠪᠢᠴᠢᠭᠡᠰᠦ ᠲᠠᠢ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ ᠳᠤ ᠨᠠᠮ ᠤᠨ ᠲᠥᠪ ᠬᠤᠷᠢᠶᠠᠨ ᠤ | ᠡᠮᠦᠨ᠎ᠡ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠭᠡᠰᠢᠭᠦᠨ ᠪᠣᠯᠤᠨ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ | ᠪᠠᠶᠢᠭᠤᠯᠤᠯᠲᠠ᠂ ᠡᠪᠯᠡᠯ ᠤᠨ ᠺᠠᠳ᠋ᠷ ᠲᠤ ᠬᠠᠯᠠᠭᠤᠨ ᠪᠠᠶᠠᠷ ᠬᠦᠷᠭᠡᠵᠦ᠂ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠵᠠᠯᠠᠭᠤᠴᠤᠳ ᠲᠤ ᠠᠩᠬᠠᠷᠤᠯ ᠢᠶᠠᠨ ᠬᠠᠨᠳᠤᠭᠤᠯᠵᠤ᠂ ᠬᠤᠪᠢᠰᠬᠠᠯ ᠤᠨ ᠬᠦᠰᠡᠯ | ᠡᠷᠡᠮᠡᠯᠵᠡᠯ ᠢᠶᠠᠨ ᠵᠠᠯᠠᠭᠤᠴᠤᠳ ᠲᠤ ᠲᠠᠯᠪᠢᠪᠠ᠃ ᠵᠠᠭᠤᠨ ᠵᠢᠯ ᠤᠨ ᠲᠤᠷᠰᠢ᠂ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠪ ᠬᠠᠮᠲᠤ ᠵᠠᠯᠠᠭᠤᠴᠤᠳ ᠤᠨ | ᠡᠪᠯᠡᠯ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠯᠠᠭᠤᠴᠤᠳ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ | ᠦᠶ᠎ᠡ ᠦᠶ᠎ᠡ ᠶᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠦᠳᠦᠯᠥᠨ ᠳᠠᠭᠠᠭᠤᠯᠵᠤ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠢᠶᠠᠨ ᠰᠠᠯᠤᠯ ᠦᠭᠡᠢ ᠲᠠᠭᠠᠵᠤ᠂ | ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ | ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠠᠬᠢᠴᠠ ᠳᠤᠮᠳᠠᠬᠢ ᠤᠮᠤᠭ ᠪᠠᠭ᠋ᠠᠳᠤᠮ᠎ᠠ ᠵᠠᠯᠠᠭᠤ ᠨᠠᠰᠤᠨ ᠤ ᠳᠠᠭᠤᠯᠠᠯ ᠢ ᠪᠢᠴᠢᠭᠯᠡᠭᠰᠡᠨ ᠪᠠᠶᠢᠨ᠎ᠠ᠃ ᠵᠠᠭᠤᠨ ᠵᠢᠯ ᠤᠨ ᠲᠤᠷᠰᠢ᠂ ᠳᠤᠮᠳᠠᠳᠤ | ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠢᠮᠠᠭᠲᠠ ᠨᠠᠮ ᠲᠠᠢ ᠪᠠᠨ ᠰᠡᠳᠭᠢᠯ ᠨᠢᠭᠡᠳᠴᠦ᠂ ᠨᠠᠮ ᠢᠶᠠᠨ ᠲᠠᠭᠠᠨ ᠲᠡᠮᠡᠴᠡᠵᠦ᠂ ᠥᠷᠭᠡᠨ ᠤᠯᠠᠨ ᠡᠪᠯᠡᠯ ᠤᠨ | ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠦᠨᠡᠨᠴᠢ ᠰᠢᠳᠤᠷᠭᠤ ᠪᠠᠶᠢᠬᠤ ᠪᠠᠨ ᠨᠠᠮ ᠪᠣᠯᠤᠨ ᠠᠷᠠᠳ ᠲᠦᠮᠡᠨ ᠤ ᠠᠵᠢᠯ ᠦᠢᠯᠡᠰ ᠳᠤᠮᠳᠠ | ᠪᠢᠴᠢᠭᠯᠡᠵᠦ᠂ ᠵᠠᠯᠠᠭᠤ ᠨᠠᠰᠤ ᠪᠠᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠶᠠᠨ ᠳᠤ ᠦᠷᠡᠯᠡᠭᠦᠯᠦᠨ ᠰᠠᠴᠤᠵᠤ᠂ ᠢᠷᠠᠭᠤ ᠠᠯᠳᠠᠷ ᠢᠶᠠᠨ ᠲᠡᠦᠬᠡ ᠶᠢᠨ | ᠤᠷᠤᠭᠰᠢᠯᠠᠯᠲᠠ ᠶᠢᠨ ᠲᠡᠦᠬᠡᠨ ᠬᠠᠭᠤᠳᠠᠰᠤᠨ᠎ᠠ ᠰᠡᠶᠢᠯᠪᠡ᠃ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠡᠷ᠎ᠡ ᠨᠢᠳᠡᠷ ᠲᠡᠭᠡᠨ ᠲᠤᠬᠢᠷᠠᠭᠰᠠᠨ | ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠬᠤᠰᠢᠭᠤᠴᠢ ᠠᠩᠭᠢ ᠮᠥᠨ᠂ ᠨᠠᠮ ᠤᠨ ᠰᠢᠳᠤᠷᠭᠤ ᠬᠠᠪᠰᠤᠷᠤᠭᠴᠢ ᠪᠠ ᠨᠠᠶᠢᠳᠠᠪᠤᠷᠢᠲᠠᠢ ᠪᠡᠯᠡᠳᠭᠡᠯ | ᠴᠡᠷᠢᠭ ᠮᠥᠨ ᠭᠡᠳᠡᠭ ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠡᠪ ᠬᠠᠮᠲᠤ ᠵᠠᠯᠠᠭᠤᠴᠤᠳ ᠤᠨ ᠡᠪᠯᠡᠯ ᠬᠦᠰᠡᠯᠡᠩ ᠢᠶᠠᠨ ᠪᠠᠲᠤᠳᠬᠠᠵᠤ᠂ ᠴᠥᠬᠦᠷᠡᠰᠢ ᠦᠭᠡᠢ ᠲᠡᠮᠡᠴᠡᠵᠦ᠂ | ᠡᠷᠬᠢᠮ ᠨᠠᠨᠳᠢᠨ ᠲᠤᠷᠰᠢᠯᠭ᠎ᠠ ᠶᠢ ᠪᠦᠷᠢᠯᠳᠦᠭᠦᠯᠵᠡᠢ᠃ ᠵᠠᠭᠤᠨ ᠵᠢᠯ ᠤᠨ ᠠᠶᠠᠨ ᠵᠠᠮ ᠳᠤ᠂ ᠡᠪ ᠬᠠᠮᠲᠤ ᠵᠠᠯᠠᠭᠤᠴᠤᠳ ᠤᠨ ᠡᠪᠯᠡᠯ ᠨᠠᠮ ᠤᠨ ᠤᠳᠤᠷᠢᠳᠤᠯᠭ᠎ᠠ ᠶᠢ | ᠪᠠᠷᠢᠮᠲᠠᠯᠠᠬᠤ ᠶᠢᠨ ᠣᠷᠣᠰᠢᠨ ᠲᠣᠭᠲᠠᠨᠢᠬᠤ ᠦᠨᠳᠦᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ | ᠰᠠᠬᠢᠬᠤ ᠤᠯᠤᠰ ᠲᠦᠷᠦ ᠶᠢᠨ ᠰᠦᠭ ᠰᠦᠨᠡᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠲᠡᠨ ᠤ ᠰᠡᠷᠭᠦᠨ ᠮᠠᠨᠳᠤᠯᠲᠠ ᠳᠤ | ᠣᠷᠣᠯᠴᠠᠬᠤ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠥᠷᠭᠡᠨ ᠤᠯᠠᠨ ᠵᠠᠯᠠᠭᠤᠴᠤᠳ ᠤᠨ ᠳᠤᠮᠳᠠ | ᠦᠨᠳᠦᠰᠦᠯᠡᠬᠦ ᠠᠮᠢᠵᠢᠷᠠᠯ ᠤᠨ ᠬᠦᠴᠦᠨ ᠤ ᠡᠬᠢ ᠪᠤᠯᠠᠭ ᠢ ᠱᠤᠭᠤᠵᠠᠢ᠃ ᠡᠨᠡ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠢᠷᠡᠭᠡᠳᠦᠢ ᠳᠤ ᠬᠠᠨᠳᠤᠵᠤ᠂ ᠲᠠᠬᠢᠨ | ᠰᠢᠨ᠎ᠡ ᠭᠠᠪᠢᠶ᠎ᠠ ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠵᠠᠮ ᠳᠤ᠂ ᠵᠠᠯᠠᠭᠤᠴᠤᠳ ᠢ ᠬᠡᠷᠬᠢᠨ ᠨᠡᠩ ᠰᠠᠶᠢᠲᠤᠷ ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠶᠢᠨ ᠲᠦᠯᠦᠭᠡ ᠲᠡᠮᠡᠴᠡᠬᠦ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠤᠨ | ᠵᠠᠯᠠᠭᠤᠴᠤᠳ ᠤᠨ ᠠᠵᠢᠯ ᠳᠤ ᠡᠷᠬᠡᠪᠰᠢ ᠬᠠᠷᠢᠭᠤᠯᠬᠤ ᠴᠢᠬᠤᠯᠠ ᠶᠡᠭᠡ ᠰᠡᠳᠦᠪ ᠪᠣᠯᠤᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ ᠡᠪ ᠬᠠᠮᠲᠤ | ᠵᠠᠯᠠᠭᠤᠴᠤᠳ ᠤᠨ ᠡᠪᠯᠡᠯ ᠳᠤ 4 ᠬᠦᠰᠡᠯ ᠳᠤᠷᠠᠳᠴᠠᠢ᠄ ᠨᠢᠭᠡᠳᠦᠭᠡᠷ ᠲᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂ ᠢᠮᠠᠭᠲᠠ ᠳᠤᠮᠳᠠᠳᠤ | ᠤᠯᠤᠰ ᠤᠨ ᠵᠠᠯᠠᠭᠤᠴᠤᠳ ᠤᠨ ᠦᠵᠡᠯ ᠰᠠᠨᠠᠭᠠᠨ ᠤ ᠲᠠᠪᠰᠢᠯᠳᠠ ᠶᠢ ᠬᠦᠳᠦᠯᠦᠨ ᠳᠠᠭᠠᠭᠤᠯᠬᠤ ᠤᠯᠤᠰ ᠲᠦᠷᠦ ᠶᠢᠨ ᠰᠤᠷᠭᠠᠭᠤᠯᠢ ᠪᠣᠯᠬᠤ ᠬᠡᠷᠡᠭᠲᠡᠢ᠃ ᠤᠯᠤᠰ | ᠲᠦᠷᠦ ᠶᠢᠨ ᠲᠠᠯ᠎ᠠ ᠠᠴᠠ ᠪᠣᠳᠣᠯᠬᠢᠯᠠᠵᠤ᠂ ᠦᠵᠡᠯ ᠰᠠᠨᠠᠭᠠᠨ ᠤ ᠲᠠᠯ᠎ᠠ ᠠᠴᠠ ᠭᠠᠷᠳᠠᠨ᠂ ᠵᠠᠯᠠᠭᠤᠴᠤᠳ ᠤᠨ ᠣᠨᠴᠠᠯᠢᠭ ᠠᠴᠠ ᠡᠭᠦᠰᠴᠦ᠂ ᠲᠡᠳᠡᠨ ᠢ ᠬᠠᠪᠰᠤᠷᠤᠨ | ᠡᠷᠲᠡ ᠬᠦᠰᠡᠯᠡᠩ ᠬᠦᠭᠡᠭᠡᠴᠡᠯᠳᠦᠯ ᠲᠠᠢ ᠪᠤᠯᠭᠠᠵᠤ᠂ ᠠᠯᠤᠰ ᠬᠤᠯᠠ ᠶᠢᠨ ᠲᠠᠮᠠᠤᠯᠤᠯ ᠲᠠᠢ ᠪᠤᠯᠭᠠᠵᠤ᠂ ᠨᠠᠮ ᠤᠨ ᠲᠤᠬᠠᠢ ᠢᠲᠡᠭᠡᠯ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ᠂ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ ᠢ ᠨᠢ ᠰᠡᠳᠭᠢᠯ ᠤᠨ ᠭᠦᠨ ᠠᠴᠠ ᠨᠢ ᠵᠤᠵᠠᠭᠠᠳᠬᠠᠬᠤ | ᠬᠡᠷᠡᠭᠲᠡᠢ᠃ ᠨᠠᠮ ᠤᠨ ᠦᠢᠯᠡᠰ ᠤᠨ ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠤᠳᠤᠯᠭ᠎ᠠ ᠳᠤ ᠰᠠᠭᠤᠷᠢᠯᠠᠵᠤ᠂ ᠨᠡᠶᠢᠭᠡᠮ ᠵᠢᠷᠤᠮ ᠤᠨ ᠪᠦᠳᠦᠭᠡᠨ | ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠬᠥᠮᠦᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠥᠷᠭᠡᠨ ᠤᠯᠠᠨ ᠵᠠᠯᠠᠭᠤᠴᠤᠳ ᠢ ᠬᠦᠳᠦᠯᠥᠨ | ᠳᠠᠭᠠᠭᠤᠯᠵᠤ ᠪᠠᠶᠢᠭᠠᠳ ᠦᠵᠡᠯ ᠰᠠᠨᠠᠭᠠᠨ ᠤ ᠲᠠᠯ᠎ᠠ ᠪᠠᠷ ᠠᠷᠢᠭᠤᠳᠬᠠᠯ ᠬᠦᠷᠳᠡᠭᠡᠵᠤ᠂ ᠦᠢᠯᠡᠳᠦᠯᠭᠡ ᠶᠢᠨ ᠳᠠᠪᠲᠠᠯᠲᠠ ᠳᠤᠮᠳᠠ ᠳᠤᠮᠳᠠᠳᠤ ᠤᠯᠤᠰ ᠤᠨ ᠬᠥᠮᠦᠨ | ᠪᠣᠯᠬᠤ ᠡᠷᠴᠢ ᠵᠣᠷᠢᠭ᠂ ᠰᠥᠰᠥ ᠵᠣᠷᠢᠭ᠂ ᠢᠲᠡᠭᠡᠯ ᠵᠣᠷᠢᠭ ᠢ ᠨᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠠᠢ᠃ ᠬᠤᠶᠠᠳᠤᠭᠠᠷ ᠲᠤ᠂ ᠤᠬᠠᠮᠰᠠᠷ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠢ ᠵᠣᠬᠢᠶᠠᠨ ᠪᠠᠶᠢᠭᠤᠯᠵᠤ ᠡᠭᠦᠷᠢᠳᠡ | ᠲᠡᠮᠡᠴᠡᠭᠦᠯᠬᠦ ᠬᠤᠰᠢᠭᠤᠴᠢ ᠬᠦᠴᠦᠨ ᠪᠣᠯᠬᠤ ᠬᠡᠷᠡᠭᠲᠡᠢ᠃ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ | ᠤᠬᠠᠮᠰᠠᠷ ᠠᠴᠠ ᠪᠠᠨ ᠨᠠᠮ ᠪᠣᠯᠤᠨ ᠠᠷᠠᠳ ᠲᠦᠮᠡᠨ ᠤ ᠤᠷᠢᠶᠠᠯᠠᠭ᠎ᠠ ᠶᠢ ᠲᠠᠭᠠᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ | ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠰᠢᠨ᠎ᠡ ᠤᠷᠴᠢᠨ ᠨᠦᠬᠦᠴᠡᠯ ᠳᠤ ᠬᠦᠷᠴᠦ ᠬᠦᠰᠡᠯ ᠵᠣᠷᠢᠭ ᠢᠶᠠᠨ ᠢᠯᠡᠷᠡᠭᠦᠯᠵᠦ᠂ ᠭᠠᠪᠢᠶ᠎ᠠ | ᠪᠠᠶᠢᠭᠤᠯᠤᠨ ᠦᠢᠯᠡᠰ ᠪᠤᠰᠬᠠᠵᠦ᠂ ᠠᠭᠤᠤ ᠶᠡᠭᠡ ᠬᠦᠰᠡᠯᠡᠩ ᠢᠶᠠᠨ ᠪᠠᠶᠠᠯᠡᠬᠦᠯᠬᠦ ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠵᠤ᠂ ᠠᠭᠤᠤ ᠶᠡᠭᠡ ᠦᠢᠯᠡᠰ ᠤᠨ ᠰᠢᠨ᠎ᠡ | ᠬᠦᠴᠦᠨ ᠪᠣᠯᠬᠤ ᠪᠠᠷ ᠴᠢᠷᠮᠠᠶᠢᠬᠤ ᠬᠡᠷᠡᠭᠳᠠᠢ᠃ ᠭᠤᠷᠪᠠᠳᠤᠭᠠᠷ ᠲᠤ᠂ ᠥᠷᠭᠡᠨ ᠤᠯᠠᠨ ᠵᠠᠯᠠᠭᠤᠴᠤᠳ ᠲᠠᠢ ᠰᠡᠳᠭᠢᠯ ᠵᠢᠷᠦᠬᠡ ᠪᠠᠨ ᠬᠤᠯᠪᠣᠵᠤ᠂ ᠢᠮᠠᠭᠲᠠ ᠨᠠᠮ ᠤᠨ | ᠵᠠᠯᠠᠭᠤᠴᠤᠳ ᠲᠠᠢ ᠬᠠᠷᠢᠯᠴᠠᠬᠤ ᠬᠠᠮᠤᠭ ᠤᠨ ᠪᠠᠲᠤ ᠪᠠᠬᠢ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ᠃ ᠵᠠᠯᠠᠭᠤᠴᠤᠳ ᠲᠤ ᠦᠢᠯᠡᠴᠢᠯᠡᠬᠦ ᠠᠵᠢᠯ ᠤᠨ ᠠᠮᠢᠨ | ᠰᠤᠳᠠᠰᠤ ᠲᠠᠢ ᠨᠢᠭᠲᠠ ᠤᠶᠠᠯᠳᠤᠭᠤᠯᠤᠨ᠂ ᠨᠠᠮ ᠤᠨ ᠲᠦᠷᠦ ᠪᠠᠷᠢᠬᠤ ᠵᠠᠯᠠᠭᠤᠴᠤᠳ ᠤᠨ ᠰᠠᠭᠤᠷᠢ ᠶᠢ ᠪᠠᠬᠢᠵᠢᠭᠦᠯᠦᠨ ᠥᠷᠭᠡᠳᠭᠡᠬᠦ ᠡᠨᠡ ᠬᠦ ᠤᠯᠤᠰ ᠲᠦᠷᠦ ᠶᠢᠨ | ᠬᠠᠷᠢᠭᠤᠴᠠᠯᠭ᠎ᠠ ᠪᠠᠨ ᠭᠦᠢᠴᠡᠳᠭᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠯᠠᠭᠤᠴᠤᠳ ᠲᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ | ᠰᠢᠢᠳᠪᠦᠷᠢᠯᠡᠨ ᠥᠭᠴᠦ᠂ ᠰᠠᠨᠠᠭᠠᠴᠢᠯᠠᠭ᠎ᠠ ᠠᠴᠠ ᠪᠠᠨ ᠵᠠᠯᠠᠭᠤᠴᠤᠳ ᠤᠨ ᠪᠤᠳᠤᠵᠦ ᠪᠠᠶᠢᠭ᠎ᠠ ᠵᠦᠢᠯ ᠢ ᠪᠤᠳᠤᠵᠦ᠂ ᠵᠠᠯᠠᠭᠤᠴᠤᠳ ᠤᠨ ᠪᠠᠴᠢᠮᠳᠠᠵᠤ ᠪᠠᠶᠢᠭ᠎ᠠ | ᠵᠦᠢᠯ ᠳᠤ ᠪᠠᠴᠢᠮᠳᠠᠵᠤ᠂ ᠵᠠᠯᠠᠭᠤᠴᠤᠳ ᠲᠤ ᠦᠨᠡᠨ ᠪᠣᠳᠠᠲᠠᠢ ᠬᠠᠪᠰᠤᠷᠤᠯᠭ᠎ᠠ ᠬᠠᠩᠭᠠᠬᠤ ᠬᠡᠷᠡᠭᠲᠡᠢ᠃ ᠳᠥᠷᠪᠡᠳᠦᠭᠡᠷ ᠲᠤ᠂ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠵᠦ᠂ ᠢᠮᠠᠭᠲᠠ ᠨᠠᠮ ᠢ ᠳᠠᠭᠠᠵᠤ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠲᠡᠷᠢᠭᠦᠨ ᠤ ᠵᠣᠬᠢᠶᠠᠨ ᠪᠠᠶᠢᠭᠤᠯᠤᠯᠲᠠ ᠪᠣᠯᠬᠤ | ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠠᠵᠢᠯ ᠤᠨ ᠪᠥᠬᠦ ᠶᠠᠪᠤᠴᠠ ᠡᠯ᠎ᠡ ᠬᠦᠷᠢᠶᠡᠨ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠣᠯᠠᠨ ᠲᠦᠮᠡᠨ ᠤ ᠪᠦᠯᠬᠦᠮ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠶ᠃ ᠵᠠᠯᠠᠭᠤᠴᠤᠳ ᠤᠨ ᠪᠠᠶᠢᠳᠠᠯ ᠢ ᠰᠡᠷᠭᠡᠭ ᠢᠶᠠᠷ ᠡᠵᠡᠮᠰᠢᠵᠦ᠂ ᠵᠠᠯᠠᠭᠤᠴᠤᠳ ᠤᠨ ᠠᠵᠢᠯ | ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ ᠦᠨᠳᠦᠰᠦᠯᠡᠨ᠂ ᠡᠪᠯᠡᠯ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠰᠡᠳᠭᠢᠴᠡ ᠰᠢᠨ᠎ᠡ ᠵᠠᠭᠪᠤᠷ ᠢ ᠰᠦᠪᠡᠭᠴᠢᠯᠡᠵᠦ᠂ ᠵᠠᠯᠠᠭᠤᠴᠤᠳ ᠤᠨ ᠬᠤᠯᠪᠣᠭ᠎ᠠ᠂ ᠰᠤᠷᠤᠭᠴᠢᠳ ᠤᠨ | ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠶᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ ᠮᠠᠨᠳᠤᠭᠤᠯᠵᠤ᠂ | ᠵᠠᠯᠠᠭᠤᠴᠤᠳ ᠤᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠲᠤᠷᠰᠢᠯᠭ᠎ᠠ ᠠᠷᠭ᠎ᠠ ᠬᠢᠳᠡᠯ ᠲᠠᠢ ᠤᠬᠠᠮᠰᠠᠷ ᠠᠴᠠ ᠪᠠᠨ ᠪᠠᠷᠢᠮᠵᠢᠶᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠤᠨ | ᠴᠢᠩᠭ᠎ᠠ ᠪᠣᠳᠠᠲᠠᠢ ᠪᠠᠶᠢᠬᠤ ᠰᠤᠷᠲᠠᠯ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠯᠬᠦᠮ ᠢᠶᠠᠨ ᠴᠢᠩᠭ᠎ᠠ ᠬᠠᠮᠢᠶᠠᠷᠤᠨ ᠵᠠᠰᠠᠵᠤ᠂ ᠪᠦᠬᠦ | ᠲᠠᠯ᠎ᠠ ᠶᠢᠨ᠂ ᠥᠨᠳᠥᠷ ᠪᠠᠷᠢᠮᠵᠢᠶ᠎ᠠ ᠪᠠᠷ ᠳᠠᠪᠲᠠᠨ ᠪᠣᠯᠪᠠᠰᠤᠷᠠᠭᠤᠯᠬᠤ ᠳᠤᠮᠳᠠ ᠡᠪ ᠬᠠᠮᠲᠤ ᠵᠠᠯᠠᠭᠤᠴᠤᠳ ᠤᠨ ᠡᠪᠯᠡᠯ ᠤᠨ ᠴᠤᠭ ᠪᠠᠳᠠᠷᠠᠩᠭᠤᠢ ᠥᠭᠡᠳᠡᠯᠡᠨ ᠳᠠᠪᠰᠢᠬᠤ | ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠪᠠ᠃ | ᠰᠢ ᠶᠢᠨ ᠫᠢᠩ᠂ ᠲᠠᠪᠰᠢᠯᠳᠠ ᠶᠢ ᠬᠥᠭᠡᠭᠡᠴᠡᠯᠳᠦᠬᠦ ᠪᠣᠯ ᠵᠠᠯᠠᠭᠤᠴᠤᠳ ᠤᠨ ᠬᠠᠮᠤᠭ ᠤᠨ ᠡᠷᠬᠢᠮ ᠨᠠᠨᠳᠢᠨ ᠣᠨᠴᠠᠯᠢᠭ ᠮᠥᠨ᠂ ᠪᠠᠰᠠ ᠴᠤ ᠨᠠᠮ ᠪᠠ ᠠᠷᠠᠳ | ᠲᠦᠮᠡᠨ ᠤ ᠬᠠᠮᠤᠭ ᠤᠨ ᠨᠠᠨᠳᠢᠨ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ ᠶᠢᠨ ᠥᠷᠭᠡᠨ ᠣᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ | ᠠᠯᠤᠰ ᠬᠡᠲᠦ ᠶᠢᠨ ᠬᠦᠰᠡᠯᠡᠩ ᠲᠠᠢ᠂ ᠢᠲᠡᠭᠡᠯ ᠪᠢᠰᠢᠷᠡᠯ ᠪᠠᠲᠤ ᠴᠢᠩᠭ᠎ᠠ ᠵᠢᠱᠢᠶᠡᠴᠢ ᠪᠣᠯᠵᠣ᠂ ᠮᠠᠷᠺᠰ ᠤᠨ ᠦᠵᠡᠯ ᠤᠨ ᠣᠨᠣᠯ ᠢ ᠲᠦᠷᠦᠭᠦᠯᠡᠨ ᠰᠤᠷᠤᠯᠴᠠᠵᠤ᠂ ᠡᠪ | ᠬᠠᠮᠲᠤ ᠶᠣᠰᠣᠨ ᠤ ᠠᠯᠤᠰ ᠬᠡᠲᠦ ᠶᠢᠨ ᠬᠦᠰᠡᠯᠡᠩ ᠪᠣᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠣᠶ ᠪᠣᠯᠭᠠᠵᠤ᠂ | ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠶ᠋ᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠶ︔ ᠰᠢᠷᠭᠠᠭᠤ ᠬᠠᠲᠠᠭᠤᠵᠢᠯᠲᠠᠢ ᠰᠤᠷᠤᠯᠴᠠᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠵᠢᠱᠢᠶᠡᠴᠢ ᠪᠤᠯᠵᠤ᠂ | ᠲᠦᠷᠦᠭᠦᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ ᠲᠡᠷᠢᠭᠦᠨ ᠤ ᠬᠢ ᠶᠢ ᠡᠭᠦᠳᠴᠦ ᠰᠢᠯᠢᠳᠡᠭ | ᠪᠣᠯᠬᠤ ᠪᠠᠷ ᠴᠢᠷᠮᠠᠶᠢᠵᠤ᠂ ᠠᠵᠢᠯ ᠲᠦᠷᠦᠯ ᠤᠨ ᠭᠤᠣᠯᠯᠠᠭᠴᠢ᠂ ᠵᠠᠯᠠᠭᠤᠴᠤᠳ ᠤᠨ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠵᠣᠷᠢᠭᠲᠠᠢ ᠲᠡᠮᠡᠴᠡᠬᠦ᠂ | ᠴᠢᠳᠠᠮᠠᠭᠠᠢ ᠲᠡᠮᠡᠴᠡᠬᠦ ᠵᠢᠱᠢᠶᠡᠴᠢ ᠪᠤᠯᠵᠤ᠂ ᠲᠦᠷᠦᠭᠦᠯᠡᠨ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠠᠵᠢᠭᠤ ᠶᠢ | ᠢᠲᠡᠭᠡᠬᠦ ᠦᠭᠡᠢ᠂ ᠴᠢᠳᠬᠦᠷ ᠰᠢᠮᠨᠤᠰ ᠠᠴᠠ ᠠᠶᠤᠬᠤ ᠦᠭᠡᠢ᠂ ᠶᠠᠰᠤ ᠬᠠᠲᠠᠭᠤ ᠪᠠᠶᠢᠬᠤ ᠬᠡᠷᠡᠭᠲᠡᠢ︔ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠭᠤᠶᠠᠴᠢ ᠦᠭᠡᠢ | ᠵᠢᠳᠬᠦᠬᠦ ᠵᠢᠱᠢᠶᠡᠴᠢ ᠪᠤᠯᠵᠤ᠂ ᠲᠦᠷᠦᠭᠦᠯᠡᠨ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠬᠢᠮᠯᠡᠵᠦ᠂ ᠵᠣᠪᠠᠭᠤᠷᠢ ᠵᠦᠳᠡᠭᠦᠷᠢ ᠶᠢ ᠤᠷᠢᠳ ᠢᠶᠠᠷ ᠠᠮᠰᠠᠵᠤ᠂ ᠵᠣᠯ ᠵᠢᠷᠭᠠᠯ ᠢ ᠬᠤᠶᠢᠨ᠎ᠠ ᠨᠢ ᠡᠳ᠋ᠯᠡᠵᠦ᠂ ᠬᠡᠵᠢᠶᠡᠳᠡ ᠵᠢᠪᠡᠷᠡᠬᠦ ᠦᠭᠡᠢ ᠡᠷᠬᠢ | ᠱᠤᠷᠠᠭ ᠪᠣᠯᠬᠤ ᠬᠡᠷᠡᠭᠲᠡᠢ︔ ᠶᠣᠰᠣ ᠮᠣᠷᠠᠯ ᠢ ᠡᠷᠬᠢᠮᠯᠡᠨ ᠰᠠᠶᠢᠨ ᠶᠠᠪᠤᠳᠠᠯ ᠢ ᠡᠷᠬᠢᠮᠯᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠢᠱᠢᠶᠡᠴᠢ ᠪᠤᠯᠵᠤ᠂ ᠲᠦᠷᠦᠭᠦᠯᠡᠨ | ᠶᠡᠭᠡ ᠶᠣᠰᠣ ᠶᠢ ᠮᠡᠳᠡᠵᠤ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠮᠣᠷᠠᠯ ᠢ ᠴᠢᠩᠳᠠᠯᠠᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ | ᠵᠢᠷᠤᠮᠯᠠᠵᠤ᠂ ᠡᠪᠯᠡᠯ ᠤᠨ ᠭᠡᠰᠢᠭᠦᠨ ᠤ ᠡᠭᠦᠷᠭᠡ ᠪᠠᠨ ᠴᠢᠩᠭ᠎ᠠ ᠭᠦᠢᠴᠡᠳᠭᠡᠬᠦ ᠬᠡᠷᠡᠭᠲᠡᠢ᠃ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ | ᠤᠯᠤᠰ ᠲᠦᠷᠦ ᠶᠢᠨ ᠪᠣᠯᠪᠠᠰᠤᠷᠠᠯ ᠢ ᠨᠠᠷᠢᠨ ᠬᠢᠨᠠᠮᠠᠭᠠᠢ ᠬᠦᠯᠢᠶᠡᠵᠦ᠂ ᠤᠯᠤᠰ ᠲᠦᠷᠦ ᠶᠢᠨ ᠳᠠᠪᠲᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ ᠲᠠᠪᠰᠢᠯᠳᠠ ᠶᠢ | ᠬᠥᠭᠡᠭᠡᠴᠡᠯᠳᠦᠵᠦ᠂ ᠨᠠᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠣᠶᠢᠷᠠᠲᠤᠵᠤ᠂ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠣᠯᠬᠤ ᠪᠠᠷ | ᠬᠠᠷᠠᠯᠲᠠ᠂ ᠢᠷᠠᠭᠤ ᠠᠯᠳᠠᠷ ᠢᠶᠠᠨ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠪᠯᠡᠯ ᠤᠨ ᠺᠠᠳ᠋ᠷᠴᠤᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠵᠠᠩ ᠴᠢᠨᠠᠷ ᠢ ᠪᠠᠲᠤ ᠪᠠᠬᠢ ᠪᠤᠢ ᠪᠣᠯᠭᠠᠵᠤ᠂ | ᠬᠦᠰᠡᠯᠡᠩᠴᠢ ᠦᠵᠡᠯ ᠤᠨ ᠤᠶᠤᠨ ᠰᠠᠨᠠᠭᠠᠨ ᠤ ᠴᠤᠭ ᠰᠦᠯᠳᠡ ᠶᠢ ᠥᠨᠳᠥᠷ ᠮᠠᠨᠳᠤᠭᠤᠯᠬᠤ ᠭᠡᠷᠡᠭᠳᠠᠢ᠃ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ ᠲᠠᠢ ᠨᠢᠭᠲᠠᠷᠠᠨ ᠪᠦᠯᠬᠦᠮᠳᠡᠵᠦ᠂ | ᠵᠠᠯᠠᠭᠤᠴᠤᠳ ᠤᠨ ᠨᠠᠶᠢᠵᠠ ᠪᠤᠯᠵᠤ᠂ ᠵᠠᠯᠠᠭᠤᠴᠤᠳ ᠤᠨ ︽ᠨᠣᠶᠠᠨ︾ ᠪᠣᠯᠬᠤ ᠦᠭᠡᠢ ᠪᠠᠶᠢᠵᠤ᠂ ᠵᠠᠯᠠᠭᠤᠴᠤᠳ ᠤᠨ ᠲᠥᠯᠥᠭᠡ ᠢᠯᠡᠭᠦᠬᠡᠨ ᠪᠣᠳᠣᠯᠬᠢᠯᠠᠵᠤ᠂ | ᠥᠪᠡᠷ ᠤᠨ ᠢᠶᠠᠨ ᠲᠥᠯᠥᠭᠡ ᠳᠤᠲᠠᠭᠤ ᠪᠣᠳᠣᠯᠬᠢᠯᠠᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠤᠢ | ᠪᠣᠯᠭᠠᠵᠤ᠂ ᠬᠤᠭᠤᠰᠣᠨ ᠦᠭᠡ ᠶᠠᠷᠢᠬᠤ ᠦᠭᠡᠢ᠂ ᠢᠯᠡᠭᠦᠬᠡᠨ ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠪᠠ | ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠷᠴᠦ ᠵᠣᠪᠠᠭᠤᠷᠢ ᠵᠦᠳᠡᠭᠦᠷᠢ ᠶᠢ ᠡᠭᠦᠷᠭᠡᠯᠡᠵᠦ᠂ ᠬᠦᠴᠢᠷ ᠪᠡᠷᠬᠡᠰᠢᠶᠡᠯ ᠢ ᠡᠭᠦᠷᠭᠡᠯᠡᠵᠦ᠂ ᠬᠦᠨᠳᠦ ᠡᠭᠦᠷᠭᠡ ᠶᠢ | ᠡᠭᠦᠷᠭᠡᠯᠡᠵᠦ᠂ ᠠᠶᠤᠯ ᠲᠦᠭᠰᠢᠭᠦᠷᠢ ᠶᠢ ᠡᠭᠦᠷᠭᠡᠯᠡᠵᠦ᠂ ᠨᠣᠮᠣᠬᠠᠨ ᠰᠢᠳᠤᠷᠭᠤ ᠪᠠᠷ ᠬᠥᠮᠦᠨ ᠪᠤᠯᠵᠤ᠂ ᠯᠠᠪᠳᠠᠭᠤᠨ ᠪᠠᠲᠤᠲᠠᠢ ᠪᠠᠷ ᠠᠵᠢᠯ ᠬᠢᠬᠦ ᠬᠡᠷᠡᠭᠲᠡᠢ᠃ ᠠᠷᠢᠭᠤᠨ | ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠣᠰᠣ ᠰᠤᠷᠲᠠᠬᠤᠨ ᠤ ᠬᠡᠪ ᠪᠣᠯᠪᠠᠰᠤᠷᠠᠯ ᠢ ᠬᠥᠮᠦᠵᠢᠭᠦᠯᠵᠦ᠂ ᠰᠡᠳᠭᠢᠯ ᠳᠡᠭᠡᠨ ᠵᠢᠷᠦᠬᠡᠰᠢᠶᠡᠯ ᠲᠠᠢ᠂ ᠦᠭᠡ ᠶᠠᠷᠢᠶᠠᠨ ᠳᠠᠭᠠᠨ | ᠴᠡᠭᠡᠷᠯᠡᠯ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠴᠡᠭᠡᠷ ᠲᠠᠢ ᠪᠠᠶᠢᠵᠤ᠂ ᠰᠥᠰᠥ ᠵᠣᠷᠢᠭ᠂ ᠲᠡᠰᠪᠦᠷᠢ ᠲᠡᠪᠴᠢᠶᠡᠷᠢ᠂ ᠪᠡᠶ᠎ᠡ ᠪᠠᠨ ᠪᠠᠷᠢᠬᠤ ᠴᠢᠳᠠᠪᠤᠷᠢ ᠪᠠᠨ | ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠨᠢᠭᠡ ᠰᠡᠳᠭᠢᠯ ᠢᠶᠠᠷ ᠲᠥᠪ ᠭᠤᠣᠯᠴᠢ᠂ ᠲᠥᠪ ᠴᠢᠬᠡᠴᠢ᠂ ᠠᠷᠢᠭᠤᠨ ᠴᠢᠬᠡᠴᠢ ᠬᠥᠮᠦᠨ ᠪᠣᠯᠬᠤ ᠬᠡᠷᠡᠭᠲᠡᠢ ᠬᠡᠵᠤ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ | ᠪᠣᠯ ᠬᠤᠰᠢᠭᠤᠴᠢ ᠠᠩᠬᠢ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠭᠠᠪᠰᠢᠭᠠᠢ ᠠᠩᠬᠢ᠂ ᠪᠠᠭᠠᠴᠤᠳ ᠤᠨ ᠬᠤᠰᠢᠭᠤᠴᠢ ᠠᠩᠬᠢ ᠪᠣᠯ ᠪᠡᠯᠡᠳᠭᠡᠯ ᠠᠩᠬᠢ | ᠪᠣᠯᠤᠨ᠎ᠠ᠃ ᠪᠠᠭᠠᠴᠤᠳ ᠤᠨ ᠬᠤᠰᠢᠭᠤᠴᠢ ᠠᠩᠭᠢ ᠳᠤ ᠣᠷᠣᠬᠤ᠂ ᠡᠪᠯᠡᠯ ᠳᠤ ᠣᠷᠣᠬᠤ᠂ ᠨᠠᠮ ᠳᠤ ᠣᠷᠣᠬᠤ ᠪᠣᠯ ᠵᠠᠯᠠᠭᠤᠴᠤᠳ ᠤᠨ ᠤᠯᠤᠰ ᠲᠦᠷᠦ ᠶᠢᠨ | ᠲᠠᠪᠰᠢᠯᠳᠠ ᠶᠢ ᠬᠥᠭᠡᠭᠡᠴᠡᠯᠳᠦᠬᠦ ︽ᠬᠥᠮᠦᠨ ᠤ ᠠᠮᠢᠳᠤᠷᠠᠯ ᠤᠨ ᠭᠤᠷᠪᠠᠨ ᠠᠯᠬᠤᠮ︾ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ ᠪᠥᠬᠦ ᠡᠪᠯᠡᠯ ᠢᠶᠠᠷ ᠢᠶᠠᠨ | ᠡᠩᠨᠡᠭᠡ ᠳᠠᠭᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠭᠦᠶ᠋ᠴᠡᠳᠭᠡᠵᠦ᠂ ᠪᠠᠭᠠᠴᠤᠳ ᠤᠨ ᠬᠤᠰᠢᠭᠤᠴᠢ ᠠᠩᠭᠢ ᠠᠴᠠ ᠡᠪᠯᠡᠯ ᠳᠤ ᠰᠢᠯᠢᠳᠡᠭ | ᠬᠡᠰᠢᠭᠦᠳ ᠢ ᠨᠢ ᠰᠢᠭᠤᠳ ᠲᠠᠨᠢᠯᠴᠠᠭᠤᠯᠬᠤ᠂ ᠡᠪ ᠬᠠᠮᠲᠤ ᠵᠠᠯᠠᠭᠤᠴᠤᠳ ᠤᠨ ᠡᠪᠯᠡᠯ ᠠᠴᠠ ᠨᠠᠮ ᠳᠤ ᠰᠢᠯᠢᠳᠡᠭ ᠡᠪᠯᠡᠯ ᠤᠨ ᠭᠡᠰᠢᠭᠦᠳ ᠢ ᠰᠢᠭᠤᠳ ᠲᠠᠨᠢᠯᠴᠠᠭᠤᠯᠬᠤ | ᠠᠵᠢᠯ ᠤᠨ ᠲᠣᠭᠲᠠᠴᠠ ᠶᠢ ᠵᠢᠷᠤᠮᠵᠢᠭᠤᠯᠤᠨ ᠴᠢᠩᠭᠠᠳᠬᠠᠵᠤ᠂ ᠨᠠᠮ᠂ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠬᠥᠮᠦᠨ ᠬᠥᠮᠦᠵᠢᠭᠦᠯᠬᠦ ᠬᠡᠯᠬᠢᠶ᠎ᠡ ᠶᠢ | ᠬᠠᠷᠢᠯᠴᠠᠨ ᠵᠤᠯᠭᠠᠭᠤᠯᠵᠤ ᠬᠠᠷᠢᠯᠴᠠᠨ ᠨᠡᠪᠲᠡᠷᠡᠯᠴᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠯᠠᠭᠤ | ᠨᠠᠮ ᠤᠨ ᠭᠡᠰᠢᠭᠦᠨ ᠢ ᠬᠥᠮᠦᠵᠢᠭᠦᠯᠦᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠰᠢᠯᠢᠳᠡᠭ ᠡᠪ ᠬᠠᠮᠲᠤ ᠵᠠᠯᠠᠭᠤᠴᠤᠳ ᠤᠨ | ᠡᠪᠯᠡᠯ ᠤᠨ ᠭᠡᠰᠢᠭᠦᠨ ᠤ ᠳᠤᠮᠳᠠ ᠠᠴᠠ ᠨᠠᠮ ᠤᠨ ᠭᠡᠰᠢᠭᠦᠨ ᠢ ᠬᠥᠮᠦᠵᠢᠭᠦᠯᠦᠨ ᠡᠯᠰᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠲᠦᠷᠦ ᠵᠠᠰᠠᠭ ᠡᠭᠦᠷᠢᠳᠡ ᠦᠡᠭᠭᠡ | ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠦᠢᠯ ᠤᠨ ᠶᠡᠭᠡ ᠬᠠᠯᠠᠭᠤᠨ ᠰᠡᠳᠭᠢᠯᠭᠡ ᠪᠠᠷ | ᠵᠠᠯᠠᠭᠤᠴᠤᠳ ᠤᠨ ᠦᠰᠦᠨ ᠪᠤᠶᠢᠵᠢᠯᠲᠠ ᠶᠢᠨ ᠵᠢᠮ᠎ᠡ ᠶᠣᠰᠣ ᠪᠣᠯᠤᠨ ᠴᠠᠭ ᠦᠶ᠎ᠡ ᠶᠢᠨ ᠣᠨᠴᠠᠯᠢᠭ ᠢ ᠰᠤᠳᠤᠯᠵᠤ᠂ ᠲᠦᠢᠯ ᠤᠨ ᠶᠡᠭᠡ ᠤᠶᠤᠨ ᠴᠢᠳᠠᠯ ᠢᠶᠠᠷ | ᠵᠠᠯᠠᠭᠤᠴᠤᠳ ᠤᠨ ᠠᠵᠢᠯ ᠢ ᠠᠳᠬᠤᠵᠤ᠂ ᠵᠠᠯᠠᠭᠤ ᠨᠠᠶᠢᠵᠠ ᠨᠠᠷ ᠤᠨ ᠰᠡᠳᠭᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠭᠢᠯᠲᠡᠨ᠂ | ᠵᠠᠯᠠᠭᠤᠴᠤᠳ ᠤᠨ ᠵᠠᠮᠴᠢᠯᠠᠭᠴᠢ ᠪᠣᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ ᠡᠪᠯᠡᠯ ᠤᠨ | ᠪᠠᠶᠢᠭᠤᠯᠤᠯᠲᠠ ᠶᠢ ᠳᠠᠶᠢᠴᠢᠯᠠᠬᠤ ᠲᠦᠷᠢᠮ ᠲᠣᠭᠲᠠᠴᠠ ᠶᠢ ᠨᠠᠶᠢᠳᠠᠪᠤᠷᠢᠵᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠳᠤᠮᠳᠠᠬᠢ ᠴᠢᠬᠤᠯᠠ | ᠶᠡᠭᠡ ᠠᠰᠠᠭᠤᠳᠠᠯ ᠢ ᠦᠷᠭᠦᠯᠵᠢ ᠰᠤᠳᠤᠯᠤᠨ ᠰᠢᠢᠳᠪᠦᠷᠢᠯᠡᠵᠦ᠂ ᠡᠪᠯᠡᠯ ᠤᠨ ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ ᠱᠠᠭᠠᠷᠳᠠᠵᠤ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠤᠯᠠᠨ ᠲᠦᠮᠡᠨ ᠤ ᠪᠦᠯᠬᠦᠮ ᠤᠨ ᠠᠵᠢᠯ ᠤᠨ ᠣᠨᠴᠠᠯᠢᠭ ᠪᠠ ᠵᠢᠮ᠎ᠡ ᠶᠣᠰᠣ ᠪᠠᠷ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠶᠢ | ᠳᠡᠮᠵᠢᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠪᠠ ᠤᠯᠤᠰ ᠲᠤ ᠠᠪᠴᠤ ᠬᠡᠯᠡᠪᠡᠯ ᠵᠠᠯᠠᠭᠤᠴᠤᠳ ᠪᠣᠯ ᠬᠠᠮᠤᠭ ᠠᠴᠠ ᠢᠯᠡᠭᠦᠦ ᠬᠠᠶᠢᠷᠠᠯᠠᠨ ᠬᠠᠮᠠᠭᠠᠯᠠᠭᠤᠰᠢᠲᠠᠢ᠂ ᠬᠠᠮᠤᠭ ᠠᠴᠠ ᠢᠯᠡᠭᠦᠦ | ᠬᠦᠰᠡᠨ ᠬᠦᠯᠢᠶᠡᠭᠦᠰᠢᠲᠡᠢ ᠶᠤᠮ᠃ ᠵᠠᠯᠠᠭᠤᠴᠤᠳ ᠡᠬᠡ ᠭᠠᠵᠠᠷ ᠳᠡᠭᠡᠷ᠎ᠠ ᠢᠳᠡᠷᠡᠭᠦᠨ ᠤᠷᠭᠤᠭᠰᠠᠨ ᠵᠢᠵᠢᠭ ᠮᠣᠳᠣ ᠰᠢᠭ᠋᠂ ᠠᠯᠢ ᠨᠢᠭᠡᠨ ᠡᠳᠦᠷ ᠲᠩᠷᠢ ᠲᠤᠯᠤᠮ᠎ᠠ | ᠲᠣᠮᠣ ᠮᠣᠳᠣ ᠪᠣᠯᠵᠤ ᠲᠩᠷᠢ ᠶᠢ ᠪᠠᠭᠠᠨᠠᠳᠠᠬᠤ ᠶᠤᠮ᠃ ᠵᠠᠯᠠᠭᠤᠴᠤᠳ ᠪᠠᠰᠠ ᠮᠠᠨᠳᠤᠬᠤ ᠨᠡᠷᠡᠨ ᠰᠢᠭ᠋᠂ ᠲᠠᠰᠤᠷᠠᠯᠲᠠ ᠦᠭᠡᠢ ᠡᠨᠧᠷᠭᠢ ᠬᠤᠷᠠᠮᠳᠤᠭᠤᠯᠵᠤ᠂ ᠢᠷᠡᠭᠡᠳᠦᠢ | ᠳᠤ ᠭᠡᠷᠡᠯ ᠪᠠ ᠢᠯᠴᠢ ᠪᠠᠨ ᠡᠭᠡ ᠭᠠᠵᠠᠷ ᠲᠤ ᠬᠠᠷᠠᠮ ᠦᠭᠡᠢ ᠲᠦᠭᠡᠭᠡᠬᠦ ᠶᠤᠮ᠃ ᠨᠠᠮ ᠪᠣᠯᠤᠨ ᠤᠯᠤᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ | ᠪᠤᠢ ᠬᠡᠵᠤ ᠴᠢᠬᠤᠯᠠᠴᠢᠯᠠᠪᠠ᠃ ᠸᠠᠩ ᠬᠤ᠋ ᠨᠢᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 ᠵᠢᠯ ᠤᠨ | ᠲᠤᠷᠰᠢᠬᠢ ᠡᠪ ᠬᠠᠮᠲᠤ ᠵᠠᠯᠠᠭᠤᠴᠤᠳ ᠤᠨ ᠡᠪᠯᠡᠯ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ ᠶᠠᠪᠤᠭᠰᠠᠨ ᠵᠠᠯᠠᠭᠤ | ᠨᠠᠰᠤᠨ ᠤ ᠥᠩᠭᠡᠷᠡᠯᠲᠡ ᠶᠢ ᠪᠦᠬᠦ ᠲᠠᠯ᠎ᠠ ᠪᠠᠷ ᠡᠷᠭᠢᠴᠡᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠨᠠᠮ ᠤᠨ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ ᠶᠢᠨ | ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ | ᠵᠠᠯᠠᠭᠤᠴᠤᠳ ᠤᠨ ᠠᠵᠢᠯ ᠤᠨ ᠲᠡᠦᠬᠡᠨ ᠲᠤᠷᠰᠢᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ | ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ | ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠣᠭᠤᠳᠬᠤ ᠴᠢᠨᠠᠷ ᠲᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ ᠬᠡᠵᠤ ᠢᠯᠡᠳᠬᠡᠪᠡ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠾᠧ ᠵᠢᠶᠦ᠋ᠨ ᠺᠧ᠂ ᠳᠤᠮᠳᠠᠳᠤ ᠶᠢᠨ ᠪᠦᠬᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠱᠦᠵᠢ ᠨᠡᠷ ᠤᠨ ᠭᠠᠵᠠᠷ ᠤᠨ ᠨᠢᠭᠡᠳᠦᠭᠡᠷ ᠱᠦᠵᠢ ᠴᠧᠨ ᠭᠠᠩ ᠶᠡᠭᠡ ᠬᠤᠷᠠᠯ ᠳᠡᠭᠡᠷ᠎ᠡ ᠦᠭᠡ ᠶᠠᠷᠢᠵᠠᠢ᠃ | ᠨᠠᠮ ᠤᠨ ᠲᠥᠪ ᠬᠤᠷᠢᠶᠠᠨ ᠤ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠨᠡᠶᠢᠰᠯᠡᠯ ᠤᠨ ᠡᠯ᠎ᠡ | ᠡᠲᠡᠭᠡᠳ ᠤᠨ ᠡᠪᠯᠡᠯ ᠤᠨ ᠭᠡᠰᠢᠭᠦᠨ ᠵᠠᠯᠠᠭᠤᠴᠤᠳ ᠤᠨ ᠲᠥᠯᠥᠭᠡᠯᠡᠭᠴᠢ ᠵᠢᠴᠢ ᠳᠤᠮᠳᠠᠳᠤ ᠤᠯᠤᠰ ᠲᠤ ᠰᠠᠭᠤᠭ᠎ᠠ ᠬᠡᠰᠡᠭ ᠤᠯᠤᠰ ᠤᠨ ᠡᠯᠴᠢᠨ ᠰᠠᠶᠢᠳ ᠵᠡᠷᠭᠡ | 1000 ᠰᠢᠬᠠᠮ ᠬᠥᠮᠦᠨ ᠶᠡᠭᠡ ᠬᠤᠷᠠᠯ ᠳᠤ ᠣᠷᠣᠯᠴᠠᠪᠠ᠃ | |