ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠳ᠋ᠠᠶᠢᠲ᠋ᠠ ᠶᠢᠨ ᠰᠠᠭᠤᠷᠢ ᠲᠦᠷᠢᠮ ᠢ ᠲᠦᠷᠭᠡᠳᠭᠡᠨ ᠪᠠᠶᠢᠭᠤᠯᠵᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠳᠠᠢ ᠭᠡᠵᠦ ᠴᠢᠬᠤᠯᠠᠴᠢᠯᠠᠪᠠ    ᠯᠢ ᠺᠧ ᠴᠢᠶᠠᠩ  ᠸᠠᠩ ᠬᠤ᠋ ᠨᠢᠩ  ᠬᠠᠨ ᠵᠧᠩ ᠣᠷᠣᠯᠴᠠᠪᠠ
ᠨᠡᠶᠢᠲᠡᠯᠡᠭᠰᠡᠨ ᠴᠠᠭ᠄
2022/6/24
      ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 22 ᠤᠨ ᠴᠠᠬᠢᠯᠭᠠᠨ ᠮᠡᠳᠡᠭᠡ   ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠡᠷᠬᠢᠯᠡᠭᠴᠢ ᠰᠢ ᠶᠢᠨ ᠫᠢᠩ 6 ᠰᠠᠷ᠎ᠠ ᠶᠢᠨ 22 ᠤᠨ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠳ᠋ᠠᠶᠢᠲ᠋ᠠ ᠶᠢᠨ ᠰᠠᠭᠤᠷᠢ ᠲᠦᠷᠢᠮ ᠢ ᠪᠠᠶᠢᠭᠤᠯᠵᠤ ᠳ᠋ᠠᠶᠢᠲ᠋ᠠ ᠶᠢᠨ ᠡᠯᠧᠮᠧᠨ᠋ᠲ ᠤᠨ ᠦᠶᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠰᠠᠨᠠᠯ︾᠂ ︽ᠵᠠᠰᠠᠭ ᠵᠠᠬᠢᠷᠭᠠᠨ ᠤ ᠬᠤᠪᠢᠶᠠᠷᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠥᠨᠡᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠲᠤᠬᠠᠶ ᠠᠵᠢᠯ ᠤᠨ ᠲᠥᠰᠦᠯ︾᠂ ︽ᠲᠣᠮᠣ ᠬᠡᠯᠪᠡᠷᠢ ᠶᠢᠨ ᠲᠤᠭᠠᠴᠠᠭ᠎ᠠ ᠬᠢᠬᠦ ᠲᠠᠪᠴᠠᠩ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠲᠤᠭᠠᠴᠠᠭ᠎ᠠ ᠬᠢᠬᠦ ᠪᠠ ᠮᠥᠩᠭᠦᠨ ᠭᠦᠶᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠷᠤᠮᠵᠢᠩᠭᠤᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠠᠵᠢᠯ ᠤᠨ ᠲᠥᠰᠦᠯ︾ ᠢ ᠬᠢᠨᠠᠨ ᠵᠦᠪᠯᠡᠵᠤ ᠪᠠᠳᠤᠯᠠᠵᠠᠢ᠃       ᠰᠢ ᠶᠢᠨ ᠫᠢᠩ ᠬᠤᠷᠠᠯ ᠢ ᠡᠷᠬᠢᠯᠡᠬᠦ ᠳᠡᠭᠡᠨ᠂ ᠳ᠋ᠠᠶᠢᠲ᠋ᠠ ᠶᠢᠨ ᠰᠠᠭᠤᠷᠢ ᠲᠦᠷᠢᠮ ᠤᠨ ᠪᠠᠶᠢᠭᠤᠯᠤᠯᠲᠠ ᠨᠢ ᠤᠯᠤᠰ ᠤᠨ ᠬᠥᠭᠵᠢᠯᠲᠡ ᠪᠠ ᠠᠮᠤᠷ ᠲᠦᠪᠰᠢᠨ ᠤ ᠶᠡᠭᠡ ᠲᠠᠯ᠎ᠠ ᠳᠤ ᠬᠤᠯᠪᠣᠭᠳᠠᠨ᠎ᠠ᠂ ᠤᠯᠤᠰ ᠤᠨ ᠳ᠋ᠠᠶᠢᠲ᠋ᠠ ᠶᠢᠨ ᠠᠮᠤᠷ ᠲᠦᠪᠰᠢᠨ ᠢ ᠬᠠᠮᠠᠭᠠᠯᠠᠵᠤ᠂ ᠬᠤᠪᠢ ᠬᠥᠮᠦᠨ ᠤ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢ ᠬᠠᠮᠠᠭᠠᠯᠠᠵᠤ᠂ ᠳ᠋ᠠᠶᠢᠲ᠋ᠠ ᠶᠢᠨ ᠥᠨᠳᠥᠷ ᠪᠦᠲᠦᠮᠵᠢᠲᠡᠢ ᠭᠦᠢᠯᠭᠡᠭᠡ ᠬᠡᠷᠡᠭᠯᠡᠯᠲᠡ ᠶᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠳᠤ ᠬᠦᠴᠦᠨ ᠴᠢᠳᠠᠯ ᠣᠯᠭᠤᠵᠤ᠂ ᠳ᠋ᠠᠶᠢᠲ᠋ᠠ ᠶᠢᠨ ᠥᠮᠴᠢᠯᠡᠯ ᠤᠨ ᠡᠷᠬᠡ᠂ ᠭᠦᠢᠯᠭᠡᠭᠡ ᠶᠢᠨ ᠠᠷᠠᠯᠵᠢᠶ᠎ᠠ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠠᠮᠤᠷ ᠲᠦᠪᠰᠢᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳ᠋ᠠᠶᠢᠲ᠋ᠠ ᠶᠢᠨ ᠰᠠᠭᠤᠷᠢ ᠲᠦᠷᠢᠮ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠤᠪᠢᠶᠠᠷᠢᠯᠠᠯ ᠤᠨ ᠠᠵᠢᠯ ᠳᠠᠬᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠰᠣᠬᠤᠷ ᠪᠠᠯᠠᠢ ᠡᠮᠬᠢ ᠵᠢᠷᠤᠮ ᠦᠭᠡᠢ ᠪᠠᠶᠢᠬᠤ ᠠᠴᠠ ᠵᠠᠶᠢᠯᠠᠰᠭᠢᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠮ᠎ᠡ ᠶᠣᠰᠣ ᠪᠣᠯᠤᠨ ᠴᠢᠳᠠᠪᠤᠷᠢᠲᠠᠨ ᠤ ᠦᠰᠦᠨ ᠪᠣᠶᠢᠵᠢᠬᠤ ᠵᠢᠮ᠎ᠡ ᠶᠣᠰᠣ ᠶᠢ ᠵᠢᠷᠤᠮᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠪᠠᠷ ᠬᠠᠷᠠᠯᠲᠠ ᠪᠣᠯᠭᠠᠵᠤ᠂ ᠰᠢᠨ᠎ᠡ ᠶᠢ ᠡᠭᠦᠳᠬᠦ ᠠᠵᠢᠯᠯᠠᠭ᠎ᠠ ᠶᠢᠨ ᠲᠦᠷᠦᠯ ᠬᠡᠯᠪᠡᠷᠢ ᠶᠢ ᠦᠨᠳᠦᠰᠦᠯᠡᠨ᠂ ᠰᠢᠨ᠎ᠡ ᠶᠢ ᠡᠭᠦᠳᠬᠦ ᠦᠷᠳᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠣᠯᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ᠂ ᠬᠥᠮᠦᠨ ᠪᠤᠯᠭᠠᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠬᠤ᠂ ᠬᠦᠮᠦᠨ ᠪᠦᠬᠦᠨ ᠤ ᠡᠷᠳᠡᠮ ᠴᠢᠳᠠᠪᠤᠷᠢ ᠶᠢ ᠭᠦᠢᠴᠡᠳ ᠬᠡᠷᠡᠭᠯᠡᠬᠦ᠂ ᠡᠷᠳᠡᠮ ᠴᠢᠳᠠᠪᠤᠷᠢ ᠪᠠᠨ ᠬᠡᠷᠡᠭᠯᠡᠵᠤ ᠠᠮᠵᠢᠯᠲᠠ ᠪᠦᠳᠦᠮᠵᠢ ᠭᠠᠷᠭᠠᠬᠤ ᠶᠢ ᠬᠦᠳᠤᠯᠤᠨ ᠵᠢᠯᠣᠭᠤᠳᠬᠤ ᠬᠡᠷᠡᠭᠲᠡᠢ᠃ ᠲᠤᠮᠤ ᠬᠡᠯᠪᠡᠷᠢ ᠶᠢᠨ ᠲᠣᠭᠠᠴᠠᠭ᠎ᠠ ᠬᠢᠬᠦ ᠪᠠ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠤᠨ ᠠᠵᠤ ᠠᠬᠤᠶᠢᠯᠠᠯ ᠤᠨ ᠡᠬᠢᠨ ᠤ ᠴᠢᠳᠠᠮᠵᠢ ᠳᠠᠭᠠᠨ ᠪᠤᠴᠠᠬᠤ ᠶᠢ ᠠᠬᠢᠭᠤᠯᠵᠤ᠂ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠤᠨ᠂ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠲᠣᠭᠠᠴᠠᠭ᠎ᠠ ᠬᠢᠬᠦ ᠪᠠ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠠᠮᠤᠷ ᠲᠦᠪᠰᠢᠨ ᠢ ᠪᠠᠲᠤᠯᠠᠨ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠲᠠᠪᠴᠠᠩ ᠤᠨ ᠠᠵᠤ ᠠᠬᠤᠶᠢᠯᠠᠯ ᠨᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠰᠢᠯᠤᠭᠤᠳᠬᠠᠬᠤ ᠵᠡᠷᠭᠡ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠬᠦ ᠬᠡᠷᠡᠭᠲᠡᠢ ᠭᠡᠵᠤ ᠴᠢᠬᠤᠯᠠᠴᠢᠯᠠᠵᠠᠢ᠃       ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠳᠡᠳ᠋ ᠡᠷᠬᠢᠯᠡᠭᠴᠢ ᠯᠢ ᠺᠧ ᠴᠢᠶᠠᠩ᠂ ᠸᠠᠩ ᠬᠤ᠋ ᠨᠢᠩ᠂ ᠬᠠᠨ ᠵᠧᠩ ᠬᠤᠷᠠᠯ ᠳᠤ ᠣᠷᠣᠯᠴᠠᠪᠠ᠃       ᠬᠤᠷᠠᠯ ᠠᠴᠠ᠂ ᠳ᠋ᠠᠶᠢᠲ᠋ᠠ ᠨᠢ ᠰᠢᠨ᠎ᠡ ᠬᠡᠯᠪᠡᠷᠢ ᠶᠢᠨ ᠦᠶᠯᠡᠳᠪᠦᠷᠢᠯᠡᠯ ᠤᠨ ᠡᠯᠧᠮᠧᠨ᠋ᠲ ᠪᠣᠯᠤᠭᠰᠠᠨ ᠤ ᠬᠤᠪᠢ ᠳᠤ᠂ ᠲᠣᠭᠠᠴᠢᠯᠠᠯᠳᠠ᠂ ᠰᠦᠯᠵᠢᠶᠡᠵᠢᠯᠳᠡ᠂ ᠤᠶᠤᠨᠴᠢᠯᠠᠯᠳᠠ ᠶᠢᠨ ᠰᠠᠭᠤᠷᠢ ᠮᠦᠨ᠂ ᠨᠢᠭᠡᠨᠲᠡ ᠦᠶᠯᠡᠳᠪᠦᠷᠢᠯᠡᠯ᠂ ᠬᠤᠪᠢᠶᠠᠷᠢᠯᠠᠯᠲᠠ᠂ ᠭᠦᠶᠯᠭᠡᠭᠡ᠂ ᠬᠡᠷᠡᠭᠯᠡᠭᠡ ᠪᠠ ᠨᠡᠶᠢᠭᠡᠮ ᠤᠨ ᠦᠶᠯᠡᠴᠢᠯᠡᠭᠡ ᠬᠠᠮᠢᠶᠠᠷᠤᠯᠲᠠ ᠵᠡᠷᠭᠡ ᠡᠯ᠎ᠡ ᠭᠤᠭᠴᠤᠭ᠎ᠠ ᠳᠤ ᠦᠳᠳᠡᠷ ᠲᠦᠷᠭᠡᠨ ᠢᠶᠠᠷ ᠠᠭᠤᠰᠤᠯᠴᠠᠵᠤ᠂ ᠦᠶᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠪᠠ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠶᠢ ᠭᠦᠨᠵᠡᠭᠡᠶ ᠬᠤᠪᠢᠷᠠᠭᠤᠯᠵᠤ ᠪᠠᠶᠢᠨ᠎ᠠ᠃ ᠮᠠᠨ ᠤ ᠤᠯᠤᠰ ᠪᠣᠯ ᠳ᠋ᠠᠶᠢᠲ᠋ᠠ ᠶᠢᠨ ᠬᠡᠪᠴᠢᠶᠡᠵᠢᠯ ᠪᠠ ᠳ᠋ᠠᠶᠢᠲ᠋ᠠ ᠶᠢᠨ ᠬᠡᠷᠡᠭᠯᠡᠭᠡᠨ ᠤ ᠳᠠᠪᠠᠭᠤᠯᠢᠭ ᠲᠠᠢ ᠶᠤᠮ᠂ ᠪᠢᠳᠡ ᠳ᠋ᠠᠶᠢᠲ᠋ᠠ ᠶᠢᠨ ᠠᠮᠤᠷ ᠲᠦᠪᠰᠢᠨ ᠤ ᠬᠠᠤᠯᠢ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠡᠶᠢᠲᠡᠯᠡᠬᠦ ᠶᠢ ᠠᠬᠢᠭᠤᠯᠵᠤ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠯᠲᠡ ᠶᠢ ᠢᠳᠡᠪᠬᠢᠲᠡᠶ ᠰᠦᠪᠡᠭᠴᠢᠯᠡᠨ ᠠᠬᠢᠭᠤᠯᠵᠤ᠂ ᠳ᠋ᠠᠶᠢᠲ᠋ᠠ ᠪᠠᠷ ᠵᠠᠩᠭᠢᠯᠠᠭ᠎ᠠ ᠶᠢᠨ ᠡᠯᠧᠮᠧᠨ᠋ᠲ ᠪᠣᠯᠭᠠᠭᠰᠠᠨ ᠲᠣᠭᠠᠴᠢᠯᠠᠭᠰᠠᠨ ᠠᠵᠤ ᠠᠬᠤᠶ ᠶᠢ ᠲᠦᠷᠭᠡᠳᠭᠡᠨ ᠪᠠᠶᠢᠭᠤᠯᠵᠤ᠂ ᠢᠳᠡᠪᠬᠢᠲᠡᠶ ᠠᠬᠢᠴᠠ ᠲᠠᠢ ᠪᠣᠯᠪᠠ᠃ ᠳ᠋ᠠᠶᠢᠲ᠋ᠠ ᠶᠢᠨ ᠥᠮᠴᠢᠯᠡᠯ ᠤᠨ ᠡᠷᠬᠡ ᠶᠢᠨ ᠲᠦᠷᠢᠮ ᠢ ᠪᠠᠶᠢᠭᠤᠯᠵᠤ᠂ ᠤᠯᠠᠨ ᠨᠡᠶᠢᠲᠡ ᠶᠢᠨ ᠳ᠋ᠠᠶᠢᠲ᠋ᠠ᠂ ᠠᠵᠤ ᠠᠬᠤᠶᠢᠯᠠᠯ ᠤᠨ ᠳ᠋ᠠᠶᠢᠲ᠋ᠠ᠂ ᠬᠤᠪᠢ ᠬᠥᠮᠦᠨ ᠤ ᠳ᠋ᠠᠶᠢᠲ᠋ᠠ ᠶᠢ ᠲᠦᠷᠦᠯ ᠬᠤᠪᠢᠶᠠᠨ ᠲᠡᠰ ᠬᠤᠪᠢᠶᠠᠨ ᠡᠷᠬᠡ ᠶᠢ ᠨᠤᠲᠠᠯᠠᠨ ᠲᠤᠬᠳᠠᠭᠠᠵᠤ ᠡᠷᠬᠡ ᠣᠯᠭᠤᠵᠤ ᠬᠡᠷᠡᠭᠯᠡᠭᠦ ᠶᠢ ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠡᠵᠡᠮᠳᠡᠬᠦ ᠡᠷᠬᠡ᠂ ᠳ᠋ᠠᠶᠢᠲ᠋ᠠ ᠶᠢ ᠪᠤᠯᠪᠠᠰᠤᠷᠠᠭᠤᠯᠤᠨ ᠬᠡᠷᠡᠭᠯᠡᠬᠦ ᠡᠷᠬᠡ᠂ ᠳ᠋ᠠᠶᠢᠲ᠋ᠠ ᠶᠢᠨ ᠪᠦᠲᠦᠭᠡᠭᠳᠡᠭᠦᠨ ᠤ ᠡᠵᠡᠩᠨᠡᠯᠲᠡ ᠶᠢᠨ ᠡᠷᠬᠡ ᠵᠡᠷᠭᠡ ᠶᠢ ᠰᠠᠯᠭᠠᠨ ᠬᠤᠪᠢᠶᠠᠭᠰᠠᠨ ᠥᠮᠴᠢᠯᠡᠯ ᠤᠨ ᠡᠷᠬᠡ ᠶᠢᠨ ᠠᠵᠢᠯᠯᠠᠭᠠᠨ ᠤ ᠲᠣᠭᠲᠡᠴᠡ ᠶᠢ ᠪᠠᠶᠢᠭᠤᠯᠵᠤ᠂ ᠳ᠋ᠠᠶᠢᠲ᠋ᠠ ᠶᠢᠨ ᠡᠯᠧᠮᠧᠨ᠋ᠲ ᠤᠨ ᠡᠷᠬᠡ ᠠᠰᠢᠭ ᠢ ᠬᠠᠮᠠᠭᠠᠯᠠᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ ᠲᠣᠭᠲᠠᠭᠠᠯ ᠳᠤ ᠨᠡᠶᠢᠴᠡᠬᠦ ᠥᠨᠳᠥᠷ ᠪᠦᠲᠦᠮᠵᠢᠲᠡᠶ ᠳ᠋ᠠᠶᠢᠲ᠋ᠠ ᠶᠢᠨ ᠡᠯᠧᠮᠧᠨ᠋ᠲ ᠤᠨ ᠭᠦᠶᠯᠭᠡᠭᠡ ᠪᠠ ᠠᠷᠠᠯᠵᠢᠶᠠᠨ ᠤ ᠲᠦᠷᠢᠮ ᠢ ᠪᠠᠶᠢᠭᠤᠯᠵᠤ᠂ ᠳ᠋ᠠᠶᠢᠲ᠋ᠠ ᠶᠢᠨ ᠪᠥᠬᠦ ᠶᠠᠪᠤᠴᠠ ᠶᠢ ᠲᠣᠭᠲᠠᠭᠠᠯ ᠳᠤ ᠨᠡᠶᠢᠴᠡᠭᠦᠯᠬᠦ ᠪᠠ ᠬᠢᠨᠠᠨ ᠬᠠᠮᠢᠶᠠᠷᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠳ᠋ᠠᠶᠢᠲ᠋ᠠ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠬᠡᠷᠡᠭᠲᠡᠶ᠃ ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠠᠬᠢ ᠵᠠᠰᠠᠭ ᠤᠨ ᠣᠷᠳᠣᠨ ᠤ ᠬᠥᠲᠥᠯᠥᠨ ᠵᠢᠯᠣᠭᠤᠳᠴᠤ ᠲᠣᠬᠢᠷᠠᠭᠤᠯᠬᠤ ᠦᠶᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠦᠷ᠎ᠡ ᠪᠦᠲᠦᠮᠵᠢ ᠶᠢ ᠢᠯᠡᠷᠡᠭᠦᠯᠬᠦ᠂ ᠡᠷᠬᠡ ᠲᠡᠭᠰᠢ ᠶᠢ ᠠᠬᠢᠭᠤᠯᠬᠤ ᠳ᠋ᠠᠶᠢᠲ᠋ᠠ ᠶᠢᠨ ᠡᠯᠧᠮᠧᠨ᠋ᠲ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠢ ᠪᠠᠶᠢᠭᠤᠯᠬᠤ ᠬᠡᠷᠡᠭᠲᠡᠶ᠃ ᠠᠮᠤᠷ ᠲᠦᠪᠰᠢᠨ ᠢ ᠳ᠋ᠠᠶᠢᠲ᠋ᠠ ᠶᠢᠨ ᠵᠠᠰᠠᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠬᠢᠨᠠᠯᠲᠠ ᠬᠠᠮᠢᠶᠠᠷᠤᠯᠲᠠ ᠶᠢᠨ ᠤᠯᠠᠭᠠᠨ ᠱᠤᠭᠤᠮ ᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯ ᠢ ᠴᠢᠩᠭᠠᠳᠬᠠᠵᠤ᠂ ᠡᠷᠬᠡᠪᠰᠢ ᠴᠢᠩᠭ᠎ᠠ ᠬᠠᠮᠢᠶᠠᠷᠬᠤ ᠬᠡᠷᠡᠭᠲᠡᠢ ᠶᠢ ᠨᠢ ᠲᠤᠶᠢᠯᠪᠤᠷᠢᠲᠠᠢ ᠬᠠᠮᠢᠶᠠᠷᠬᠤ ᠬᠡᠷᠡᠭᠲᠡᠢ᠃ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠤᠯᠠᠨ ᠲᠠᠯ᠎ᠠ ᠶᠢᠨ ᠬᠠᠮᠵᠢᠯᠴᠠᠨ ᠵᠠᠰᠠᠬᠤ ᠵᠠᠭᠪᠤᠷ ᠢ ᠪᠠᠶᠢᠭᠤᠯᠵᠤ᠂ ᠠᠵᠢᠯ ᠲᠦᠷᠦᠯ ᠬᠤᠪᠢᠶᠠᠨ ᠬᠢᠨᠠᠨ ᠬᠠᠮᠢᠶᠠᠷᠬᠤ ᠪᠠ ᠠᠵᠢᠯ ᠲᠦᠷᠦᠯ ᠠᠯᠤᠰᠯᠠᠨ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠳ᠋ᠠᠶᠢᠲ᠋ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠤᠯᠤᠰ ᠤᠨ ᠵᠠᠰᠠᠭ ᠵᠠᠬᠢᠷᠭᠠᠨ ᠤ ᠬᠤᠪᠢᠶᠠᠷᠢᠯᠠᠯ ᠤᠨ ᠪᠠᠶᠢᠷᠢᠯᠠᠭᠤᠯᠤᠯᠳᠠ ᠪᠠ ᠲᠤᠬᠢᠷᠠᠭᠤᠯᠤᠯᠳᠠ ᠶᠢᠨ ᠠᠵᠢᠯ ᠶᠡᠷᠦᠩᠬᠡᠢ ᠳᠡᠭᠡᠨ ᠯᠠᠪᠳᠠᠭᠤᠨ ᠪᠣᠯᠭᠤᠮᠵᠢᠲᠠᠢ ᠡᠮᠬᠢ ᠵᠢᠷᠤᠮ ᠲᠠᠢ ᠠᠬᠢᠪᠠ᠃ ᠨᠠᠮ ᠤᠨ ᠲᠥᠪ ᠬᠤᠷᠢᠶᠠᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠲᠤᠬᠢᠷᠠᠭᠤᠯᠤᠯᠳᠠ ᠶᠢ ᠨᠠᠮ ᠤᠨ ᠲᠥᠪ ᠬᠤᠷᠢᠶ᠎ᠠ ᠠᠴᠠ ᠰᠤᠳᠤᠯᠤᠨ ᠰᠢᠢᠳᠪᠦᠷᠢᠲᠦ ᠪᠤᠳᠤᠯᠭ᠎ᠠ ᠲᠤᠭᠲᠠᠭᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠰᠢᠰᠲ᠋ᠧᠮᠲᠦ ᠴᠢᠨᠠᠷᠲᠠᠢ᠂ ᠪᠠᠷᠠᠯᠠᠯᠲᠤ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠶᠡᠷᠦᠩᠬᠡᠢ ᠲᠥᠯᠥᠪᠵᠢᠭᠦᠯᠭᠡ ᠶᠢᠨ ᠰᠡᠳᠭᠢᠴᠡ ᠶᠢ ᠵᠣᠬᠢᠶᠠᠨ ᠪᠠᠶᠢᠭᠤᠯᠤᠨ ᠰᠤᠳᠤᠯᠵᠤ ᠲᠤᠭᠤᠷᠪᠢᠨ ᠲᠣᠭᠲᠠᠭᠠᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠤᠬᠢᠷᠠᠭᠤᠯᠤᠯᠳᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠢᠷᠤᠮᠵᠢᠩᠭᠤᠢ ᠴᠢᠨᠠᠷ᠂ ᠪᠦᠳᠤᠮᠵᠢᠳᠤ ᠴᠢᠨᠠᠷ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠲᠤᠬᠢᠷᠠᠭᠤᠯᠤᠯᠳᠠ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠵᠤ ᠠᠬᠤᠢ ᠨᠡᠶᠢᠭᠡᠮ ᠤᠨ ᠬᠥᠭᠵᠢᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠲᠠᠢ ᠵᠣᠬᠢᠴᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠲᠡᠦᠬᠡ ᠰᠣᠶᠣᠯ ᠢ ᠤᠯᠠᠮᠵᠢᠯᠠᠨ ᠬᠠᠮᠠᠭᠠᠯᠠᠬᠤ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠮᠠᠨ ᠤ ᠤᠯᠤᠰ ᠤᠨ ᠵᠠᠰᠠᠭ ᠵᠠᠬᠢᠷᠭᠠᠨ ᠤ ᠬᠤᠪᠢᠶᠠᠷᠢᠯᠠᠯ ᠢ ᠲᠣᠭᠲᠠᠭᠠᠭᠰᠠᠨ ᠲᠡᠦᠬᠡᠨ ᠲᠤᠷᠰᠢᠯᠭ᠎ᠠ ᠶᠢ ᠭᠦᠨᠵᠡᠭᠡᠢ ᠰᠤᠳᠤᠯᠵᠤ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠨᠡᠷ᠎ᠡ ᠶᠢ ᠬᠠᠯᠠᠬᠤ ᠳᠤ ᠯᠠᠪᠳᠠᠭᠤᠨ ᠪᠣᠯᠭᠤᠮᠵᠢᠲᠠᠢ ᠬᠠᠨᠳᠤᠵᠤ᠂ ᠬᠠᠭᠤᠴᠢᠨ ᠭᠠᠵᠠᠷ ᠤᠨ ᠨᠡᠷ᠎ᠡ ᠶᠢ ᠳᠤᠷ᠎ᠠ ᠪᠠᠷ ᠢᠶᠠᠨ ᠥᠭᠡᠷᠡᠴᠢᠯᠡᠬᠦ ᠦᠭᠡᠢ ᠪᠠᠶᠢᠬᠤ ᠬᠡᠷᠡᠭᠲᠡᠢ᠃ ᠵᠠᠰᠠᠭ ᠵᠠᠬᠢᠷᠭᠠᠨ ᠤ ᠬᠤᠪᠢᠶᠠᠷᠢᠯᠠᠯ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠬᠤ ᠶᠢ ᠪᠠᠷᠢᠮᠲᠠᠯᠠᠵᠤ᠂ ᠴᠢᠬᠤᠯᠠ ᠪᠤᠰᠤ ᠪᠠᠶᠢᠳᠠᠯ ᠳᠤ ᠲᠤᠬᠢᠷᠠᠭᠤᠯᠤᠯᠲᠠ ᠬᠢᠬᠦ ᠦᠭᠡᠢ᠂ ᠣᠨᠣᠪᠴᠢᠲᠠᠢ ᠲᠣᠭᠲᠠᠭᠠᠵᠤ ᠳᠡᠶᠢᠯᠬᠦ ᠦᠭᠡᠢ ᠪᠠᠶᠢᠳᠠᠯ ᠳᠤ ᠲᠤᠬᠢᠷᠠᠭᠤᠯᠤᠯᠲᠠ ᠬᠢᠬᠦ ᠦᠭᠡᠢ᠂ ᠴᠠᠭ ᠲᠣᠬᠢᠶᠠᠯ ᠨᠥᠬᠦᠴᠡᠯ ᠪᠦᠷᠢᠯᠳᠦᠭᠡᠳᠦᠢ ᠪᠣᠯ ᠦᠬᠡᠷᠡᠴᠢᠯᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠤᠪᠢᠶᠠᠷᠢᠯᠠᠯ ᠳᠤ ᠲᠤᠬᠢᠷᠠᠭᠤᠯᠤᠯᠳᠠ ᠬᠢᠬᠦ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠤᠪᠢᠶᠠᠷᠢᠯᠠᠯ ᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ᠂ ᠪᠠᠷᠢᠮᠵᠢᠶ᠎ᠠ ᠯᠤᠭ᠎ᠠ ᠵᠣᠬᠢᠴᠠᠭᠤᠯᠤᠨ ᠵᠣᠯᠭᠠᠭᠤᠯᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠬᠤᠪᠢᠶᠠᠷᠢᠯᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠦᠨᠡᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠳᠤ᠂ ᠮᠣᠷᠠᠯ ᠴᠢᠳᠠᠪᠤᠷᠢ ᠶᠢ ᠬᠤᠣᠰᠯᠠᠭᠤᠯᠬᠤ ᠶᠢ ᠪᠠᠷᠢᠮᠲᠠᠯᠠᠵᠤ᠂ ᠤᠯᠤᠰ ᠤᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠬᠦ ᠵᠢᠴᠢ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠣᠯᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠰᠤᠳᠤᠯᠭᠠᠨ ᠵᠡᠷᠭᠡ ᠲᠦᠷᠦᠯ ᠠᠩᠭᠢᠯᠠᠯ ᠤᠨ ᠴᠢᠳᠠᠪᠤᠷᠢᠲᠠᠨ ᠤ ᠦᠨᠡᠯᠡᠯᠲᠡ ᠶᠢ ᠦᠷᠨᠢᠬᠦᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠣᠨᠴᠠᠯᠢᠭ ᠲᠤ ᠨᠡᠶᠢᠴᠡᠭᠰᠡᠨ ᠦᠨᠡᠯᠡᠯᠲᠡ ᠶᠢᠨ ᠭᠦᠢᠴᠡᠳᠭᠡᠯ ᠲᠤᠭ᠎ᠠ᠂ ᠦᠨᠡᠯᠡᠯᠳᠡ ᠶᠢᠨ ᠠᠷᠭ᠎ᠠ ᠬᠡᠯᠪᠡᠷᠢ ᠶᠢᠨ ᠰᠢᠨ᠎ᠠ ᠶᠢ ᠡᠬᠦᠳᠬᠦ᠂ ᠬᠥᠮᠦᠨ ᠬᠡᠷᠡᠭᠯᠡᠬᠦ ᠨᠢᠭᠡᠴᠢ ᠶᠢᠨ ᠳᠣᠲᠣᠭᠠᠳᠤ ᠶᠢᠨ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠠᠴᠠ ᠲᠤᠷᠰᠢᠯᠲᠠ ᠶᠢᠨ ᠴᠡᠭ ᠤᠨ ᠡᠭᠦᠷᠭᠡ ᠶᠢ ᠳᠤᠷᠠᠳᠴᠤ᠂ ᠬᠡᠷᠡᠭᠵᠢᠭᠦᠯᠵᠦ ᠪᠣᠯᠬᠤ ᠲᠡᠷᠡ ᠬᠡᠪ ᠢᠶᠠᠷ ᠨᠢ ᠬᠡᠷᠡᠭᠯᠡᠵᠤ ᠪᠣᠯᠬᠤ ᠳᠡᠯᠭᠡᠷᠡᠭᠦᠯᠵᠦ ᠪᠣᠯᠬᠤ ᠪᠦᠲᠦᠮᠵᠢᠲᠡᠢ ᠠᠷᠭ᠎ᠠ ᠬᠢᠳᠡᠯ ᠢ ᠪᠦᠷᠢᠯᠳᠦᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ ᠤᠨ ᠬᠢᠨ ᠲᠤᠷᠰᠢᠯᠲᠠ ᠶᠢᠨ ᠴᠡᠭ ᠤᠨ ᠨᠢᠭᠡᠴᠢ ᠳᠠᠬᠢ ᠵᠢᠯᠣᠭᠤᠳᠤᠯᠭ᠎ᠠ ᠪᠠᠨ ᠴᠢᠩᠭᠠᠳᠬᠠᠵᠤ᠂ ᠲᠤᠷᠰᠢᠯᠲᠠ ᠶᠢᠨ ᠴᠡᠭ ᠤᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠲᠠᠪᠴᠠᠩ ᠤᠨ ᠠᠵᠤ ᠠᠬᠤᠶᠢᠯᠠᠯ ᠤᠨ ᠲᠣᠭᠠᠴᠠᠭ᠎ᠠ ᠬᠢᠬᠦ ᠪᠠ ᠪᠤᠰᠤᠳ ᠮᠥᠩᠭᠦᠨ ᠭᠦᠶᠯᠭᠡᠭᠡᠨ ᠤ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠦᠬᠦᠨ ᠢ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠳᠤ ᠦᠶᠯᠡᠴᠢᠯᠡᠬᠦ ᠪᠠᠷ ᠦᠨᠳᠦᠰᠦ ᠪᠣᠯᠭᠠᠵᠤ᠂ ᠮᠥᠩᠭᠦᠨ ᠭᠦᠶᠯᠭᠡᠭᠡᠨ ᠤ ᠲᠤᠬᠠᠶᠢᠯᠠᠭᠰᠠᠨ ᠠᠵᠢᠯ ᠤᠨ ᠫᠠᠶᠢᠰᠠ ᠡᠯᠭᠦᠨ ᠡᠵᠡᠩᠨᠡᠬᠦ ᠶᠢ ᠪᠠᠷᠢᠮᠲᠠᠯᠠᠵᠤ᠂ ᠲᠣᠭᠠᠴᠠᠭ᠎ᠠ ᠬᠢᠬᠦ ᠬᠦᠷᠢᠶᠡᠨ ᠤ ᠵᠢᠷᠤᠮᠯᠠᠯ ᠲᠦᠷᠢᠮ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠵᠤ᠂ ᠬᠡᠷᠡᠭ ᠤᠨ ᠡᠮᠦᠨᠡᠬᠢ ᠬᠡᠷᠡᠭ ᠤᠨ ᠳᠤᠮᠳᠠᠬᠢ ᠬᠡᠷᠡᠭ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠮᠥᠩᠭᠦᠨ ᠭᠦᠢᠯᠭᠡᠭᠡᠨ ᠤ ᠰᠲ᠋ᠤᠺ ᠡᠵᠡᠮᠳᠡᠯ ᠤᠨ ᠺᠣᠮᠫᠠᠨᠢ ᠶᠢᠨ ᠬᠢᠨᠠᠯᠲᠠ ᠬᠠᠮᠢᠶᠠᠷᠤᠯᠲᠠ ᠪᠠ ᠲᠠᠪᠴᠠᠩ ᠤᠨ ᠠᠵᠤ ᠠᠬᠤᠶᠢᠯᠠᠯ ᠤᠨ ᠰᠲ᠋ᠤᠺ ᠡᠵᠡᠮᠳᠡᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠨᠲ᠋ᠧᠷ ᠰᠦᠯᠵᠢᠶᠡᠨ ᠤ ᠬᠠᠳᠠᠭᠠᠯᠠᠮᠵᠢ ᠵᠢᠭᠡᠯᠡᠯᠭᠡ᠂ ᠳᠠᠭᠠᠳᠬᠠᠯ᠂ ᠦᠨᠡᠲᠦ ᠲᠡᠮᠳᠡᠭᠲᠦ᠂ ᠰᠠᠭᠤᠷᠢ ᠮᠥᠩᠭᠦ ᠵᠡᠷᠭᠡ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠲᠠᠪᠴᠠᠩ ᠤᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠯ ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠪᠴᠠᠩ ᠤᠨ ᠠᠵᠤ ᠠᠬᠤᠶᠢᠯᠠᠯ ᠤᠨ ᠳᠠᠷᠤᠭᠳᠠᠮᠠᠯ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠮᠤ ᠳ᠋ᠠᠶᠢᠲ᠋ᠠ ᠶᠢᠨ ᠬᠠᠭᠤᠴᠢᠨ ᠬᠡᠷᠡᠭᠯᠡᠭᠴᠢᠳ ᠢᠶᠠᠨ ᠬᠢᠬᠠᠬᠤ ᠪᠠ ᠪᠤᠳᠤᠬᠤ ᠠᠷᠭ᠎ᠠ ᠶᠢᠨ ᠭᠠᠳᠠᠭᠤᠷᠴᠢᠯᠠᠯ ᠢ ᠳᠦᠷᠢᠮᠵᠢᠭᠦᠯᠬᠦ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪ ᠪᠠ ᠣᠷᠣᠨ ᠨᠤᠲᠤᠭ ᠤᠨ ᠬᠠᠮᠵᠢᠯᠴᠠᠨ ᠬᠢᠨᠠᠨ ᠬᠠᠮᠢᠶᠠᠷᠤᠬᠰᠠᠨ ᠪᠠᠶᠢᠷᠢᠰᠢᠯ ᠢ ᠪᠦᠷᠢᠨᠰᠢᠬᠦᠯᠵᠤ᠂ ᠴᠢᠳᠠᠮᠵᠢᠳᠤ ᠬᠢᠨᠠᠯᠲᠠ ᠬᠠᠮᠢᠶᠠᠷᠤᠯᠲᠠ᠂ ᠮᠦᠨ ᠴᠢᠨᠡᠷ ᠢ ᠢᠯᠡᠷᠡᠬᠦᠯᠬᠦ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠷᠭᠦᠯᠵᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠ ᠬᠠᠮᠲᠤᠷᠠᠬᠰᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠨᠢᠭᠡᠳᠦᠯᠲᠦ ᠴᠢᠨᠠᠷ ᠢ ᠪᠠᠲᠤᠯᠠᠵᠤ᠂ ᠮᠥᠩᠭᠦᠨ ᠭᠦᠶᠯᠭᠡᠭᠡᠨ ᠤ ᠬᠠᠤᠯᠢ ᠪᠤᠰᠤ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃       ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠰᠦᠯᠵᠢᠶ᠎ᠡ