ᠡᠷᠳᠡᠨᠢ ᠰᠢᠰᠢ ᠶᠢᠨ ᠵᠢᠵᠢᠭ ᠲᠤᠯᠪᠤᠳᠤ ᠡᠪᠡᠳᠴᠢᠨ ᠢ ᠰᠡᠷᠬᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2022/6/24
                                   ᠡᠪᠡᠳᠴᠢᠨ ᠢ ᠡᠰᠡᠷᠭᠦᠴᠡᠵᠦ ᠴᠢᠳᠠᠬᠤ ᠰᠢᠯᠢᠳᠡᠭ ᠡᠷᠳᠡᠨᠢ ᠰᠢᠰᠢ ᠶᠢᠨ ᠲᠦᠷᠦᠯ ᠵᠦᠢᠯ ᠢ ᠰᠤᠩᠭᠤᠨ ᠬᠡᠷᠡᠭᠯᠡᠬᠦ ᠬᠡᠷᠡᠭᠳᠡᠢ᠃ ᠰᠡᠷᠬᠡᠶᠢᠯᠡᠨ ᠵᠠᠰᠠᠯᠳᠠ ᠶᠢ ᠴᠢᠩᠭᠠᠳᠬᠠᠵᠤ᠂ ᠲᠠᠷᠢᠶ᠎ᠠ ᠪᠠᠨ ᠴᠡᠪᠡᠷᠯᠡᠨ ᠠᠷᠢᠯᠭᠠᠵᠤ᠂ ᠰᠢᠷᠤᠢ ᠶᠢ ᠨᠢ ᠬᠦᠨ ᠤᠷᠪᠠᠭᠤᠯᠤᠨ᠂ ᠪᠠᠺᠲ᠋ᠧᠷᠢ ᠶᠢᠨ ᠡᠬᠢ ᠡᠬᠦᠰᠦᠯ ᠢ ᠬᠢᠵᠠᠭᠠᠷᠯᠠᠬᠤ ᠬᠡᠷᠡᠭᠳᠡᠢ᠃ ᠲᠤᠤᠷ᠎ᠠ ᠬᠡᠰᠡᠭ ᠤᠨ ᠬᠠᠭᠤᠴᠢᠨ ᠰᠢᠷᠠᠯᠠᠭᠰᠠᠨ ᠨᠠᠪᠴᠢ᠂ ᠡᠪᠡᠳᠴᠢᠨ ᠲᠠᠢ ᠨᠠᠪᠴᠢ ᠶᠢ ᠠᠪᠴᠤ ᠬᠠᠶᠠᠵᠤ᠂ ᠲᠡᠬᠢᠨ ᠪᠠᠺᠲ᠋ᠧᠷᠢ ᠳᠤ ᠬᠠᠯᠳᠠᠪᠤᠷᠢᠯᠠᠭᠳᠠᠬᠤ ᠶᠢ ᠪᠠᠭᠠᠰᠬᠠᠬᠤ ᠬᠡᠷᠡᠭᠳᠡᠢ᠃ ᠲᠠᠷᠢᠶᠠᠨ ᠤ ᠬᠠᠮᠢᠶᠠᠷᠤᠯᠳᠠ ᠪᠠᠨ ᠴᠢᠩᠭᠠᠳᠬᠠᠵᠤ ᠲᠠᠷᠢᠶᠠᠨ ᠤ ᠴᠢᠬᠢᠭ ᠤᠨ ᠬᠡᠮᠵᠢᠶ᠎ᠡ ᠶᠢ ᠪᠠᠭᠠᠰᠬᠠᠵᠤ᠂ ᠫᠤᠰᠫᠤᠷ ᠪᠤᠷᠳᠤᠭᠤᠷ᠂ ᠺᠠᠯᠢ ᠶᠢᠨ ᠪᠤᠷᠳᠤᠭᠤᠷ ᠨᠠᠮᠠᠵᠤ ᠤᠷᠤᠭᠤᠯᠬᠤ ᠬᠡᠷᠡᠭᠳᠡᠢ᠃ ᠡᠮ ᠢᠶᠠᠷ ᠰᠡᠷᠬᠡᠶᠢᠯᠡᠨ ᠵᠠᠰᠠᠬᠤ ᠳᠤ ᠲᠤᠰ ᠭᠠᠵᠠᠷ ᠤᠨ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠠᠯᠠᠭ᠎ᠠ ᠮᠦᠴᠢᠷ ᠠᠴᠠ ᠠᠰᠠᠭᠤᠨ ᠯᠠᠪᠯᠠᠵᠤ᠂ ᠲᠠᠷᠢᠶᠠᠨ ᠡᠮ ᠤᠨ ᠰᠡᠷᠬᠡᠶᠢᠯᠡᠨ ᠵᠠᠰᠠᠯᠳᠠ ᠶᠢ ᠵᠤᠬᠢᠰᠳᠠᠢ ᠬᠡᠷᠡᠭᠯᠡᠬᠦ ᠬᠡᠷᠡᠭᠳᠡᠢ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ