ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 6 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ | ᠺᠧ ᠴᠢᠶᠠᠩ 7 ᠳ᠋ᠤᠭᠠᠷ ᠰᠠᠷ᠎ᠠ ᠶᠢᠨ 6 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ | ᠲᠥᠰᠥᠪ ᠢ ᠭᠦᠢᠴᠡᠳᠬᠡᠬᠦ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠪᠠᠶᠢᠴᠠᠭᠠᠵᠤ ᠭᠠᠷᠭᠠᠭᠰᠠᠨ ᠠᠰᠠᠭᠤᠳᠠᠯ ᠢ | ᠴᠡᠭᠴᠡᠯᠡᠨ ᠥᠭᠡᠷᠡᠴᠢᠯᠡᠬᠦ ᠠᠵᠢᠯ ᠢ ᠪᠠᠶᠢᠷᠢᠯᠠᠭᠤᠯᠪᠠ᠃᠃ ᠡᠯᠧᠺᠲᠷᠤᠨ ᠦᠨᠡᠮᠯᠡᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠠᠬᠢᠭᠤᠯᠬᠤ ᠠᠷᠭ᠎ᠠ ᠶᠢ ᠲᠣᠭᠲᠠᠭᠠᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ 2021 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ᠂ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠵᠡᠷᠭᠡ ᠳᠤ ᠬᠢᠨᠠᠨ ᠪᠣᠳᠣᠯᠲᠠ ᠬᠢᠵᠦ᠂ ᠦᠷ᠎ᠡ ᠳ᠋ᠦᠩ ᠢ | ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠨ᠎ᠡ ᠭᠡᠵᠡᠢ᠃ ᠬᠤᠷᠠᠯ ᠠᠴᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ | ᠴᠢᠨᠠᠷᠲᠠᠢ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠵᠤ᠂ ᠬᠤᠷᠸ᠎ᠠ ᠲᠦᠷᠦ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠬᠡᠷᠡᠭᠲᠡᠢ᠃ ᠨᠢᠭᠡ ᠳᠤ᠂ ᠬᠢᠨᠠᠨ ᠪᠣᠳᠣᠯᠲᠠ ᠪᠠᠷ | ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠲᠣᠳᠣᠷᠬᠠᠢ ᠬᠠᠭᠤᠳᠠᠰᠤ ᠭᠠᠷᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠳᠠᠷᠤᠮᠠᠯᠯᠠᠨ ᠲᠠᠷᠬᠠᠭᠠᠬᠤ ᠬᠡᠷᠡᠭᠲᠡᠢ᠃ | ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠨᠦᠭᠦᠳ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠵᠤᠷᠪᠤᠰ ᠳᠠᠷᠠᠭᠠᠯᠠᠨ ᠲᠥᠰᠥᠯ ᠲᠣᠭᠲᠠᠭᠠᠵᠤ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠴᠠᠭ ᠲᠤ ᠨᠢ ᠲᠣᠬᠢᠷᠠᠭᠤᠯᠤᠨ ︽ᠪᠤᠴᠠᠨ ᠪᠠᠶᠢᠴᠠᠭᠠᠬᠤ︾ | ᠶᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ | ᠲᠥᠷᠥ ᠶᠢᠨ ᠶᠠᠪᠤᠳᠠᠯ ᠤᠨ ᠬᠤᠷᠢᠶᠠᠨ ᠤ ᠶᠡᠭᠡ ᠰᠢᠮᠳᠠᠭᠤᠯᠤᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠳᠤ ᠲᠤᠰᠬᠠᠢ ᠬᠢᠨᠠᠨ ᠪᠣᠳᠣᠯᠲᠠ ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ | ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠵᠡᠷᠭᠡ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠳ᠋ᠦᠩ ᠢ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠬᠦ ᠶᠢᠨ ᠬᠠᠮᠲᠤ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠭᠰᠡᠨ ᠤ ᠳᠠᠷᠠᠭ᠎ᠠ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠬᠡᠷᠡᠭᠲᠡᠢ᠃ | ᠬᠤᠶᠠᠷ ᠲᠤ᠂ ᠰᠢᠨᠵᠢ ᠴᠢᠨᠠᠷ ᠢᠶᠠᠷ ᠮᠠᠭᠤ ᠵᠦᠢᠯ ᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠬᠡᠷᠡᠭ ᠶᠠᠪᠤᠳᠠᠯ ᠢ ᠰᠢᠢᠳᠪᠦᠷᠢᠯᠡᠬᠦ ᠮᠥᠷᠲᠡᠭᠡᠨ ᠬᠥᠮᠥᠨ ᠢ ᠴᠦ | ᠰᠢᠢᠳᠪᠦᠷᠢᠯᠡᠵᠦ᠂ ᠴᠡᠭᠡᠷᠯᠡᠯ ᠪᠣᠯᠭᠠᠬᠤ ᠬᠡᠷᠡᠭᠲᠡᠢ᠃ ᠭᠤᠷᠪᠠ ᠳᠤ᠂ ᠨᠢᠭᠡ ᠠᠴᠠ ᠨᠦᠬᠦᠭᠡ ᠶᠢ ᠵᠦᠢᠴᠢᠯᠡᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ | ᠵᠡᠷᠭᠡ ᠪᠠᠷ ᠵᠠᠰᠠᠬᠤ ᠬᠡᠷᠡᠭᠲᠡᠢ᠃ ᠨᠡᠶᠢᠳᠡᠮ ᠤᠨ ᠴᠢᠨᠠᠷᠲᠠᠢ ᠠᠰᠠᠭᠤᠳᠠᠯ ᠪᠠ ᠳᠠᠬᠢᠨ ᠳᠠᠪᠲᠠᠨ ᠢᠯᠡᠷᠡᠬᠦ ᠠᠰᠠᠭᠤᠳᠠᠯ ᠤᠨ ᠰᠢᠯᠲᠠᠭᠠᠨ ᠢ ᠭᠦᠨᠵᠡᠭᠡᠢ ᠵᠠᠳᠠᠯᠤᠨ | ᠰᠢᠨᠵᠢᠯᠡᠵᠦ᠂ ᠳᠦᠷᠢᠮ ᠤᠨ ᠵᠢᠷᠤᠮᠵᠢᠯ ᠢ ᠪᠦᠷᠢᠨᠰᠢᠭᠦᠯᠬᠦ ᠬᠡᠷᠡᠭᠲᠡᠢ᠃ ᠳᠦᠷᠢᠮ ᠤᠨ ᠬᠡᠷᠡᠭᠵᠢᠭᠦᠯᠦᠯᠲᠡ ᠶᠢᠨ ᠳᠣᠲᠣᠭᠠᠳᠤ ᠭᠠᠳᠠᠭᠠᠳᠤ ᠶᠢᠨ ᠬᠢᠨᠠᠯᠲᠠ ᠬᠠᠮᠢᠶᠠᠷᠤᠯᠲᠠ | ᠪᠠ ᠬᠢᠨᠠᠨ ᠪᠣᠳᠣᠯᠲᠠ ᠶᠢ ᠴᠢᠩᠭᠠᠳᠬᠠᠬᠤ ᠬᠡᠷᠡᠭᠲᠡᠢ᠃ ᠳᠥᠷᠪᠡ ᠳᠤ᠂ ᠭᠠᠶᠢᠯᠢ ᠶᠢ ᠪᠤᠴᠠᠭᠠᠬᠤ ᠭᠠᠶᠢᠯᠢ ᠶᠢ ᠬᠥᠩᠭᠡᠯᠡᠬᠦ ᠰᠦᠢᠳᠬᠡᠯ ᠢ ᠪᠠᠭᠤᠷᠠᠭᠤᠯᠬᠤ᠂ ᠨᠡᠶᠢᠭᠡᠮ ᠤᠨ | ᠳᠠᠭᠠᠳᠬᠠᠯ ᠤᠨ ᠰᠦᠢᠳᠬᠡᠯ ᠢ ᠬᠤᠶᠢᠰᠢᠯᠠᠭᠤᠯᠤᠨ ᠲᠤᠰᠢᠶᠠᠬᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ | ᠵᠡᠷᠭᠡ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠭᠠᠶᠢᠯᠢ ᠪᠤᠴᠠᠭᠠᠬᠤ ᠵᠣᠭᠤᠰ ᠢ ᠮᠡᠬᠡᠯᠡᠨ ᠠᠪᠬᠤ ᠵᠡᠷᠭᠡ ᠦᠢᠯᠡ | ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠨᠠᠰᠤᠵᠢᠯ ᠤᠨ ᠠᠰᠠᠷᠠᠮᠵᠢ᠂ ᠡᠮᠴᠢᠯᠡᠭᠡ᠂ ᠰᠤᠷᠭᠠᠨ ᠬᠥᠮᠦᠵᠢᠯ᠂ ᠦᠨᠳᠦᠰᠦᠨ ᠣᠷᠣᠨ | ᠰᠠᠭᠤᠴᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠠᠷᠠᠳ ᠤᠨ ᠠᠮᠢᠳᠤᠷᠠᠯ ᠤᠨ ᠪᠡᠯᠡ ᠮᠥᠩᠭᠦ ᠶᠢ ᠵᠢᠷᠤᠮᠵᠢᠭᠤᠨ ᠪᠥᠭᠡᠳ ᠠᠮᠤᠷ ᠲᠦᠪᠰᠢᠨ ᠬᠡᠷᠡᠭᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ᠂ ᠱᠠᠮᠰᠢᠨ ᠡᠵᠡᠯᠡᠬᠦ ᠶᠢ ᠣᠭᠲᠣ ᠵᠥᠪᠰᠢᠶᠡᠷᠡᠵᠦ ᠪᠣᠯᠬᠤ ᠦᠭᠡᠢ᠃ ᠲᠠᠪᠤ ᠳᠤ᠂ | ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ ᠪᠠᠷᠢᠮᠲᠠᠯᠠᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠴᠢᠮ | ᠬᠡᠷᠡᠭᠴᠡᠭᠡᠨ ᠤ ᠪᠤᠰᠤ ᠴᠢᠬᠤᠯᠠ ᠪᠤᠰᠤ ᠴᠢᠨᠠᠷᠲᠠᠢ ᠵᠠᠷᠤᠯᠭ᠎ᠠ ᠶᠢ ᠪᠠᠭᠠᠰᠬᠠᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠪᠠᠷ ᠳᠣᠣᠷ᠎ᠠ ᠪᠠ ᠳᠠᠷᠤᠭᠳᠠᠵᠤ | ᠪᠠᠶᠢᠭ᠎ᠠ ᠪᠡᠯᠡ ᠮᠥᠩᠭᠦ ᠶᠢ ᠲᠣᠭᠲᠠᠭᠠᠯ ᠶᠣᠰᠣᠭᠠᠷ ᠬᠤᠷᠢᠶᠠᠨ ᠠᠪᠴᠤ᠂ ᠲᠣᠭᠲᠠᠭᠠᠯ ᠢ ᠵᠥᠷᠢᠴᠡᠨ ᠠᠰᠠᠷ ᠲᠠᠩᠬᠢᠮ ᠣᠷᠳᠣᠨ ᠪᠠᠭᠤᠳᠠᠯ ᠪᠠᠶᠢᠭᠤᠯᠬᠤ᠂ ᠵᠠᠰᠠᠭ ᠤᠨ | ᠠᠵᠢᠯ ᠤᠨ ᠠᠮᠵᠢᠯᠲᠠ ᠶᠢᠨ ᠢᠨᠵᠧᠨᠧᠷᠢᠩ ᠳᠦᠷᠢ ᠲᠥᠷᠬᠦ ᠶᠢᠨ ᠢᠨᠵᠧᠨᠧᠷᠢᠩ ᠬᠢᠬᠦ᠂ ᠪᠦᠷᠢᠯᠭᠡᠨ ᠰᠦᠢᠳᠬᠡᠬᠦ ᠵᠡᠷᠭᠡ ᠶᠢ ᠴᠢᠩᠭ᠎ᠠ ᠴᠠᠭᠠᠵᠠᠯᠠᠵᠤ᠂ ᠨᠡᠩ ᠤᠯᠠᠨ | ᠪᠡᠯᠡ ᠮᠥᠩᠭᠦ ᠭᠠᠷᠭᠠᠵᠤ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ | ᠠᠷᠠᠳ ᠤᠨ ᠠᠮᠢᠳᠤᠷᠠᠯ ᠢ ᠪᠠᠲᠤᠯᠠᠬᠤ ᠳᠤ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠠᠵᠤ ᠠᠬᠤᠢ ᠶᠢᠨ ᠶᠡᠭᠡ ᠲᠠᠯ᠎ᠠ ᠶᠢ ᠲᠣᠭᠲᠠᠪᠤᠷᠢᠵᠢᠭᠤᠯᠬᠤ ᠳᠤ᠂ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ | ᠬᠡᠷᠡᠭᠵᠢᠭᠦᠯᠬᠦ ᠮᠥᠷᠲᠡᠭᠡᠨ ᠪᠠᠰᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠶᠠᠪᠤᠴᠠ ᠳᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠵᠣᠷᠢᠯᠭ᠎ᠠ ᠪᠣᠯ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠠᠳᠠᠯ ᠦᠢᠯᠡᠰ ᠴᠣᠭᠴᠠᠯᠠᠬᠤ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢᠨ ᠲᠥᠯᠥᠭᠡ ᠶᠤᠮ᠃ ᠮᠡᠳᠡᠭᠡ ᠵᠠᠩᠭᠢ ᠶᠢᠨ | ᠨᠡᠶᠢᠭᠡᠮ ᠤᠨ ᠬᠥᠭᠵᠢᠯᠲᠡ ᠳᠤ ᠵᠣᠬᠢᠴᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ᠃ | ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠡᠯᠧᠺᠲᠷᠤᠨ ᠭᠡᠷᠡᠴᠢ ᠦᠨᠡᠮᠯᠡᠯ ᠤᠨ ᠬᠡᠷᠡᠭᠯᠡᠯᠲᠡ ᠶᠢ ᠡᠮᠬᠢ ᠵᠢᠷᠤᠮ ᠲᠠᠢ ᠪᠠᠷ | ᠥᠷᠭᠡᠳᠬᠡᠬᠦ ᠬᠡᠷᠡᠭᠲᠡᠢ᠃ ᠡᠯᠧᠺᠲᠷᠤᠨ ᠡᠵᠡᠩᠨᠡᠯᠲᠡ ᠶᠢᠨ ᠦᠨᠡᠮᠯᠡᠯ ᠢ ᠨᠢᠭᠡᠨᠲᠡ ᠤᠯᠠᠨ ᠵᠢᠯ ᠬᠡᠷᠡᠭᠯᠡᠵᠦ ᠦᠢᠯᠡᠳᠦᠯᠭᠡᠵᠢᠭᠦᠯᠦᠭᠰᠡᠨ ᠪᠣᠯᠬᠤᠷ ᠬᠡᠷᠡᠭᠯᠡᠭᠡᠨ ᠤ | ᠬᠡᠪᠴᠢᠶ᠎ᠡ ᠶᠢ ᠥᠷᠭᠡᠳᠬᠡᠬᠦ ᠨᠢ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠲᠦᠬᠦᠮ ᠦᠵᠡᠭᠦᠯᠬᠦ ᠳᠤ ᠠᠰᠢᠭᠲᠠᠢ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠠᠰᠢᠭᠲᠠᠢ᠂ ᠠᠵᠤ ᠠᠬᠤᠢ ᠶᠢᠨ ᠬᠥᠭᠵᠢᠯᠲᠡ ᠳᠤ ᠠᠰᠢᠭᠲᠠᠢ ᠶᠤᠮ᠃ ᠡᠯᠧᠺᠲᠷᠤᠨ ᠡᠵᠡᠩᠨᠡᠯᠲᠡ ᠶᠢᠨ ᠦᠨᠡᠮᠯᠡᠯ ᠤᠨ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠭᠠᠶᠢᠯᠢ ᠲᠤᠰᠢᠶᠠᠬᠤ᠂ ᠮᠥᠩᠭᠦᠨ ᠭᠦᠢᠯᠭᠡᠭᠡ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ | ᠥᠨᠳᠥᠷ ᠳᠠᠪᠲᠠᠮᠵᠢᠲᠤ ᠦᠢᠯᠡᠴᠢᠯᠡᠭᠡᠨ ᠤ ᠬᠦᠷᠢᠶᠡᠨ ᠳᠠᠬᠢ ᠬᠡᠷᠡᠭᠯᠡᠯᠲᠡ ᠶᠢ ᠥᠷᠭᠡᠳᠬᠡᠨ᠂ ᠡᠯᠧᠺᠳ᠋ᠷᠣᠨ ᠲᠠᠮᠠᠭ᠎ᠠ ᠶᠢ ᠵᠡᠷᠭᠡ ᠪᠠᠷ ᠣᠯᠭᠤᠬᠤ ᠶᠢ ᠠᠬᠢᠭᠤᠯᠵᠤ᠂ | ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ ᠰᠠᠯᠠᠭ᠎ᠠ ᠮᠥᠴᠢᠷ ᠪᠠ ᠣᠷᠣᠨ ᠨᠤᠲᠤᠭ ᠤᠨ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠡᠯᠧᠺᠳ᠋ᠷᠣᠨ ᠡᠵᠡᠩᠨᠡᠯᠲᠡ ᠶᠢᠨ ᠦᠨᠡᠮᠯᠡᠯ ᠵᠡᠷᠭᠡ ᠶᠢ ᠬᠠᠷᠢᠯᠴᠠᠨ ᠮᠡᠳᠡᠷᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠬᠡᠰᠡᠭ ᠬᠤᠲᠠ ᠶᠢ ᠰᠣᠩᠭᠤᠨ ᠰᠠᠭᠤᠭᠠᠯᠢ ᠠᠷᠠᠳ ᠤᠨ ᠡᠯᠧᠺᠲᠷᠤᠨ ᠪᠡᠶ᠎ᠡ ᠶᠢᠨ ᠦᠨᠡᠮᠯᠡᠯ ᠤᠨ ᠲᠤᠷᠰᠢᠯᠲᠠ ᠬᠢᠬᠦ ᠶᠢ ᠬᠠᠤᠯᠢ ᠲᠣᠭᠲᠠᠭᠠᠯ ᠶᠣᠰᠣᠭᠠᠷ ᠬᠠᠶᠢᠨ | ᠰᠦᠪᠡᠭᠴᠢᠯᠡᠵᠦ᠂ ᠲᠤᠷᠰᠢᠯᠲᠠ ᠶᠢᠨ ᠲᠤᠷᠰᠢᠯᠭ᠎ᠠ ᠪᠠᠨ ᠴᠠᠭ ᠲᠤᠬᠠᠢ ᠳᠤ ᠨᠢ ᠳ᠋ᠦᠩᠨᠡᠬᠦ ᠪᠠ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠪᠦᠷᠢᠨᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤ ᠰᠠᠬᠢᠬᠤ | ᠬᠡᠷᠡᠭᠲᠡᠢ᠃ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠪᠦᠷᠢᠨᠰᠢᠭᠦᠯᠵᠦ᠂ ᠠᠮᠤᠷ ᠲᠦᠪᠰᠢᠨ ᠤ ᠬᠠᠮᠠᠭᠠᠯᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠬᠤᠪᠢ ᠬᠥᠮᠥᠨ ᠤ ᠮᠡᠳᠡᠭᠡ ᠵᠠᠩᠭᠢ᠂ ᠬᠤᠪᠢ ᠶᠢᠨ ᠨᠢᠭᠤᠴᠠ ᠪᠠ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠤᠯᠢ ᠶᠣᠰᠣᠭᠠᠷ ᠬᠠᠮᠠᠭᠠᠯᠠᠵᠤ᠂ ᠠᠮᠤᠷ | ᠲᠦᠪᠰᠢᠨ ᠨᠠᠶᠢᠳᠠᠪᠤᠷᠢᠲᠠᠢ᠂ ᠳᠥᠭᠦᠮ ᠳᠥᠲᠡ ᠥᠨᠳᠥᠷ ᠪᠦᠲᠦᠮᠵᠢᠲᠡᠢ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠪᠠ ᠠᠵᠤ ᠠᠬᠤᠶᠢᠯᠠᠯ ᠤᠨ ᠤᠴᠢᠷ ᠶᠠᠪᠤᠳᠠᠯ | ᠰᠢᠢᠳᠪᠦᠷᠢᠯᠡᠬᠦ ᠳᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ᠃ ᠮᠡᠳᠡᠭᠡ ᠵᠠᠩᠭᠢ ᠶᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ᠂ ᠮᠡᠳᠡᠭᠡ ᠵᠠᠩᠭᠢ ᠶᠢ | ᠳᠤᠷ᠎ᠠ ᠪᠠᠷ ᠬᠡᠷᠡᠭᠯᠡᠭᠰᠡᠨ ᠵᠡᠷᠭᠡ ᠬᠤᠪᠢ ᠬᠥᠮᠥᠨ ᠪᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠡᠯ᠎ᠡ ᠵᠦᠢᠯ ᠤᠨ ᠦᠢᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠤᠰᠤᠳ ᠵᠦᠢᠯ ᠢ | ᠰᠤᠳᠤᠯᠪᠠ᠃ | | | | |