ᠴᠤᠭᠤᠷ ᠨᠤᠭᠤᠭ᠎ᠠ ᠳᠤ ᠰᠢᠭᠡᠰᠦᠯᠢᠭ ᠡᠳ᠋ ᠤᠷᠤᠭᠤᠯᠬᠤ ᠶᠢ ᠴᠡᠭᠡᠷᠯᠡᠳᠡᠭ
ᠨᠡᠶᠢᠲᠡᠯᠡᠭᠰᠡᠨ ᠴᠠᠭ᠄
2022/7/8
     ᠴᠤᠭᠤᠷ ᠨᠤᠭᠤᠭ᠎ᠠ ᠳᠤ ᠰᠢᠭᠡᠰᠦᠯᠢᠭ ᠡᠳ᠋ ᠤᠷᠤᠭᠤᠯᠬᠤ ᠶᠢ ᠴᠡᠭᠡᠷᠯᠡᠳᠡᠭ᠃ ᠴᠤᠭᠤᠷ ᠨᠤᠭᠤᠭ᠎ᠠ ᠪᠦᠬᠦ᠋ᠢᠯᠡ ᠤᠷᠭᠤᠯᠲᠠ ᠶᠢᠨ ᠶᠠᠪᠤᠴᠠ ᠳᠠᠭᠠᠨ ᠶᠡᠭᠡ ᠬᠡᠮᠵᠢᠶᠡᠨ ᠤ ᠠᠽᠤᠲ ᠪᠤᠷᠳᠤᠭᠤᠷ ᠬᠡᠷᠡᠭᠰᠡᠳᠡᠭ᠂ ᠭᠡᠪᠡᠴᠦ ᠠᠩᠬᠠᠷᠤᠭᠤᠰᠢᠲᠠᠢ ᠨᠢ ᠠᠽᠤᠲ ᠪᠤᠷᠳᠤᠭᠤᠷ ᠤᠷᠤᠭᠤᠯᠬᠤ ᠳᠠᠭᠠᠨ ᠰᠢᠭᠡᠰᠦᠯᠢᠭ ᠡᠳ᠋ ᠬᠢᠵᠦ ᠪᠤᠯᠬᠤ ᠦᠭᠡᠢ ᠶᠤᠮ᠃ ᠤᠴᠢᠷ ᠨᠢ ᠰᠢᠭᠡᠰᠦᠯᠢᠭ ᠡᠳ᠋ ᠤᠷᠤᠭᠤᠯᠪᠠᠯ ᠴᠤᠭᠤᠷ ᠨᠤᠭᠤᠭ᠎ᠠ ᠶᠢᠨ ᠡᠰᠢ ᠨᠢ ᠬᠠᠲᠠᠭᠤᠷᠠᠵᠦ ᠰᠢᠷᠬᠢᠭᠯᠢᠭ ᠡᠳ᠋ ᠣᠯᠠᠰᠢᠷᠠᠵᠦ ᠢᠳᠡᠬᠦ ᠳᠤ ᠠᠮᠲᠠ ᠦᠭᠡᠢ ᠮᠦᠷᠲᠡᠭᠡᠨ ᠰᠢᠮ᠎ᠡ ᠲᠡᠵᠢᠭᠡᠯ ᠢᠶᠠᠷ ᠴᠤ ᠠᠨᠠᠢ ᠪᠤᠯᠳᠠᠭ᠃ ᠡᠶᠢᠮᠦ ᠠᠴᠠ ᠠᠽᠤᠲ ᠪᠤᠷᠳᠤᠭᠤᠷ ᠤᠷᠤᠭᠤᠯᠬᠤ ᠳᠠᠭᠠᠨ ᠨᠡᠭᠦᠷᠡᠰᠦ ᠬᠦᠴᠢᠯ ᠤᠨ ᠤᠰᠤᠳᠦ᠋ᠷᠤᠭ᠍ᠴᠢᠲᠦ ᠨᠠᠲᠷᠢ ᠪᠠ ᠰᠢᠪᠲᠦᠷ ᠤᠨ ᠤᠰᠤ ᠨᠡᠮᠡᠵᠦ ᠰᠦᠷᠴᠢᠪᠡᠯ ᠬᠠᠮᠤᠭ ᠰᠠᠶᠢᠨ᠃ ᠡᠨᠡ ᠨᠢ ᠴᠤᠭᠤᠷ ᠨᠤᠭᠤᠭ᠎ᠠ ᠶᠢᠨ ᠦᠨᠦᠷ ᠠᠮᠲᠠ ᠶᠢ ᠨᠡᠮᠡᠭᠳᠡᠭᠦᠯᠬᠦ ᠶᠢᠨ ᠬᠠᠮᠲᠤ ᠬᠤᠷᠤᠬᠠᠢ ᠰᠢᠪᠠᠵᠢ ᠶᠢᠨ ᠬᠦᠨᠦᠭᠡᠯ ᠢ ᠴᠤ ᠪᠠᠭᠠᠰᠬᠠᠵᠦ ᠴᠢᠳᠠᠨ᠎ᠠ᠃     
ᠢᠷᠡᠯᠲᠡ᠄ ᠪᠠᠶᠠᠨ ᠨᠠᠭᠤᠷ ᠤᠨ ᠰᠣᠨᠢᠨ