| ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢᠬᠢ ᠰᠢᠯᠭᠠᠯᠲᠠ ᠪᠠᠷ ᠳᠠᠮᠵᠢᠨ ᠰᠣᠷᠣᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢᠨ | ᠦᠷ᠎ᠡ ᠪᠦᠲᠦᠮᠵᠢ ᠶᠢ ᠲᠠᠨᠢᠯᠴᠠᠭᠤᠯᠪᠠ᠃ ᠬᠠᠮᠢᠶᠠᠳᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠣᠶᠢᠷ᠎ᠠ ᠶᠢᠨ | ᠵᠢᠯ ᠳᠤ᠂ ᠰᠤᠷᠭᠠᠨ ᠬᠥᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ | ᠨᠢᠭᠡᠳᠦᠯᠲᠡᠢ ᠰᠢᠯᠭᠠᠯᠲᠠ ᠳᠤ ᠬᠤᠪᠢ ᠨᠡᠮᠡᠬᠦ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠨ ᠪᠥᠬᠦ ᠤᠯᠤᠰ ᠤᠨ | ᠴᠢᠨᠠᠷᠲᠠᠢ ᠰᠢᠯᠭᠠᠯᠲᠠ ᠳᠤ ᠬᠤᠪᠢ ᠨᠡᠮᠡᠬᠦ 5 ᠲᠥᠷᠥᠯ ᠢ ᠬᠦᠴᠦᠨ ᠦᠭᠡᠢ ᠪᠣᠯᠭᠠᠵᠤ᠂ ᠣᠷᠣᠨ ᠨᠤᠲᠤᠭ ᠤᠨ | ᠴᠢᠨᠠᠷᠲᠠᠢ ᠬᠤᠪᠢ ᠨᠡᠮᠡᠬᠦ 95 ᠲᠥᠷᠥᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠪᠠ ᠬᠡᠵᠠᠢ᠃ 2015 | ᠣᠨ ᠪᠣᠯᠣᠨ 2019 ᠣᠨ ᠳᠤ᠂ ᠰᠤᠷᠭᠠᠨ ᠬᠥᠮᠦᠵᠢᠯ ᠤᠨ ᠶᠠᠮᠤᠨ ᠬᠠᠮᠢᠶᠠᠳᠠᠢ ᠰᠠᠯᠠᠭ᠎ᠠ ᠮᠥᠴᠢᠷ ᠲᠠᠢ ᠬᠠᠮᠲᠤ ᠪᠠᠷ | ︽ᠡᠷᠬᠡ ᠲᠡᠭᠰᠢ ᠪᠠᠶᠢᠬᠤ᠂ ᠬᠠᠮᠢᠶᠠᠷᠤᠯᠲᠠ ᠶᠢ ᠴᠢᠩᠭᠠᠳᠬᠠᠬᠤ ᠪᠠ ᠰᠢᠨᠵᠢᠯᠡᠬᠦ ᠤᠬᠠᠭᠠᠨᠴᠢ ᠪᠠᠷ ᠵᠥᠪ ᠡᠵᠡᠮᠳᠡᠬᠦ︾ | ᠵᠠᠷᠴᠢᠮ ᠢ ᠦᠨᠳᠦᠰᠦᠯᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠳᠤ ᠬᠤᠪᠢ ᠨᠡᠮᠡᠬᠦ ᠠᠵᠢᠯ ᠢ ᠤᠷᠢᠳ ᠬᠤᠵᠢᠳ ᠬᠤᠶᠠᠷ ᠤᠳᠠᠭ᠎ᠠ ᠥᠷᠨᠢᠭᠦᠯᠵᠦ᠂ ᠲᠠᠮᠢᠷ ᠲᠠᠭᠠᠨ ᠰᠠᠶᠢᠨ | ᠰᠣᠷᠣᠭᠴᠢ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠣᠯᠧᠮᠫᠢᠺ ᠤᠨ ᠤᠷᠤᠯᠳᠤᠭᠠᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠤᠷᠤᠯᠳᠤᠭᠠᠨ᠂ ᠮᠤᠵᠢ ᠶᠢᠨ ᠳᠡᠰ ᠤᠨ ᠰᠢᠯᠢᠳᠡᠭ ᠰᠣᠷᠣᠭᠴᠢ | ᠵᠡᠷᠭᠡ ᠲᠠᠪᠤᠨ ᠲᠥᠷᠥᠯ ᠤᠨ ᠪᠥᠬᠦ ᠤᠯᠤᠰ ᠤᠨ ᠴᠢᠨᠠᠷᠲᠠᠢ ᠬᠤᠪᠢ ᠨᠡᠮᠡᠬᠦ ᠵᠦᠢᠯᠡᠰ ᠢ ᠬᠦᠴᠦᠨ ᠦᠭᠡᠢ ᠪᠣᠯᠭᠠᠵᠤ᠂ | ᠪᠠᠰᠠ ᠣᠷᠣᠨ ᠨᠤᠲᠤᠭ ᠤᠨ ᠴᠢᠨᠠᠷᠲᠠᠢ ᠬᠤᠪᠢ ᠨᠡᠮᠡᠬᠦ ᠵᠦᠢᠯᠡᠰ ᠢ ᠬᠠᠰᠤᠵᠤ᠂ ᠡᠨᠡ ᠠᠵᠢᠯ ᠢ ᠴᠢᠨᠠᠭᠰᠢᠳᠠ | ᠴᠢᠩᠭᠠᠳᠬᠠᠨ᠎ᠠ ᠭᠡᠵᠤ ᠲᠣᠳᠣᠷᠬᠠᠢ ᠲᠣᠭᠲᠠᠭᠠᠵᠠᠢ᠃ ᠡᠭᠦᠨ ᠠᠴᠠ ᠭᠠᠳᠠᠨ᠎ᠠ᠂ ᠰᠤᠷᠭᠠᠨ ᠬᠥᠮᠦᠵᠢᠯ ᠤᠨ ᠶᠠᠮᠤᠨ | ᠳᠤᠮᠳᠠ ᠪᠠᠷᠠᠭᠤᠨ ᠣᠷᠣᠨ ᠢ ᠳᠡᠮᠵᠢᠵᠦ᠂ ᠲᠡᠨᠳᠡ ᠠᠴᠠ ᠰᠣᠷᠣᠭᠴᠢ ᠡᠯᠰᠡᠬᠦ ᠲᠥᠯᠥᠪᠯᠡᠭᠡ ᠶᠢ ᠦᠷᠭᠦᠯᠵᠢᠯᠡᠨ | ᠬᠡᠷᠡᠭᠵᠢᠭᠦᠯᠵᠦ᠂ ᠵᠢᠯ ᠪᠦᠷᠢ ᠪᠥᠬᠦ ᠤᠯᠤᠰ ᠤᠨ ᠬᠡᠪᠴᠢᠶᠡᠨ ᠳᠤ ᠰᠣᠷᠣᠭᠴᠢ ᠡᠯᠰᠡᠬᠦ ᠲᠥᠯᠥᠪᠯᠡᠭᠡ ᠶᠢᠨ ᠬᠡᠰᠡᠭ | ᠣᠷᠣᠨ ᠲᠤᠭ᠎ᠠ ᠶᠢ ᠲᠤᠰᠬᠠᠶᠢᠯᠠᠨ ᠳᠤᠮᠳᠠ ᠪᠠᠷᠠᠭᠤᠨ ᠣᠷᠣᠨ ᠤ ᠰᠣᠷᠣᠭᠴᠢᠳ ᠲᠤ ᠥᠭᠬᠦ ᠪᠠᠷ ᠲᠣᠭᠲᠠᠵᠠᠢ᠃ | | |