ᠯᠢ ᠯᠢ ᠲᠠᠯᠠᠳ ᠬᠤᠰᠢᠭᠤᠨ ᠳᠤ ᠪᠠᠶᠢᠴᠠᠭᠠᠨ ᠰᠤᠳᠤᠯᠤᠯᠳᠡ ᠬᠢᠪᠡ
ᠨᠡᠶᠢᠲᠡᠯᠡᠭᠰᠡᠨ ᠴᠠᠭ᠄
2022/8/16
          ᠦᠢᠷ᠎ᠠ ᠶᠢᠨ ᠡᠳᠤᠷ᠂  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠲᠠᠯᠠᠳ ᠬᠤᠰᠢᠭᠤᠨ ᠳᠤ ᠬᠦᠷᠴᠤ ᠬᠠᠳᠤᠨ ᠭᠤᠤᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠬᠤ᠂  ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠬᠢᠬᠦ ᠪᠡ ᠬᠦᠳᠡᠭᠡ ᠲᠤᠰᠬᠤᠨ ᠢ ᠬᠦᠭᠵᠢᠭᠦᠯᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠡ ᠬᠢᠪᠡ᠃      ᠸᠠᠩ ᠤᠨ ᠵᠤᠤ ᠪᠠᠯᠭᠠᠰᠤᠨ ᠤ ᠳ᠋ᠧ ᠱᠸᠡᠭ ᠲᠠᠢ ᠲᠤᠰᠬᠤᠨ ᠤ ᠲᠢᠶᠠᠨ ᠵᠢᠶᠠ ᠭᠧ ᠳ᠋ᠠᠨ ᠬᠤᠷᠰᠢᠶ᠎ᠠ ᠪᠤᠯ ᠮᠠᠨ ᠤ ᠬᠤᠳᠠ ᠶᠢᠨ ᠬᠠᠳᠤᠨ ᠭᠤᠤᠯ ᠤᠨ ᠲᠠᠩ ᠭᠠᠵᠠᠷ ᠠᠴᠠ ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠤᠬᠰᠡᠨ ᠲᠤᠰᠬᠤᠨ ᠪᠤᠯᠤᠨ᠎ᠠ᠃  ᠯᠢ ᠯᠢ ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠬᠤ ᠲᠦᠷᠦᠯ ᠵᠦᠢᠯ ᠤᠨ ᠵᠢᠯᠤᠭᠤᠳᠬᠤ ᠭᠠᠵᠠᠷ ᠲᠤ ᠬᠦᠷᠴᠤ᠂ ᠲᠠᠩ ᠭᠠᠵᠠᠷ ᠤᠨ ᠰᠠᠭᠤᠭᠠᠯᠢ ᠠᠷᠠᠳ ᠤᠨ ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠬᠤ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠬᠰᠡᠨ ᠪᠦᠭᠡᠳ ᠲᠠᠩ ᠭᠠᠵᠠᠷ ᠤᠨ ᠰᠠᠭᠤᠭᠠᠯᠢ ᠠᠷᠠᠳ ᠤᠨ ᠲᠦᠯᠦᠭᠡᠯᠡᠭᠴᠢ ᠲᠠᠢ ᠨᠢᠭᠤᠷᠳᠡᠨ ᠶᠠᠷᠢᠯᠴᠠᠵᠤ᠂  ᠰᠠᠭᠤᠭᠠᠯᠢ ᠠᠷᠠᠳ ᠤᠨ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠦᠢᠯᠠᠭᠠᠵᠤ᠂  ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠬᠤ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠰᠤᠨᠤᠰᠴᠠᠢ᠃  ᠲᠡᠷᠨ᠂  ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠬᠤ ᠪᠤᠯ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠡ ᠪᠡ ᠴᠢᠨᠠᠷ ᠰᠠᠶᠢᠳᠠᠢ ᠬᠦᠭᠵᠢᠯᠳᠡ ᠶᠢᠨ ᠤᠯᠤᠰ ᠤᠨ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠡ ᠪᠠᠶᠢᠵᠤ᠂   ᠨᠢᠭᠡᠨ ᠴᠢᠬᠤᠯᠨ ᠠᠷᠠᠳ ᠤᠨ ᠠᠮᠢᠳᠤᠷᠠᠯ ᠤᠨ ᠢᠨᠵᠧᠨᠧᠷᠢᠩ ᠮᠦᠨ᠃  ᠪᠤᠳᠠᠳᠠᠢ ᠠᠴᠠ ᠡᠭᠦᠰᠬᠦ ᠶᠢ ᠪᠠᠷᠢᠮᠳᠡᠯᠡᠨ᠂  ᠤᠯᠡᠨ ᠲᠦᠮᠡᠨ ᠤ ᠬᠦᠰᠡᠯ ᠱᠠᠭᠠᠷᠳᠠᠯᠭ᠎ᠠ ᠶᠢ ᠬᠦᠢᠴᠡᠳ ᠬᠦᠨᠳᠦᠳᠭᠡᠵᠤ᠂  ᠤᠯᠡᠨ ᠲᠦᠮᠡᠨ ᠤ ᠰᠠᠨᠠᠯ ᠢ ᠦᠷᠭᠡᠨ ᠢᠶᠠᠷ ᠬᠤᠷᠢᠶᠠᠵᠤ᠂  ᠰᠢᠨᠵᠢᠯᠡᠬᠦ ᠤᠬᠠᠭᠠᠨᠴᠢ ᠪᠠᠷ ᠨᠤᠳ᠋ᠯᠠᠯᠳᠡ ᠬᠢᠵᠤ᠂ ᠵᠦᠢ ᠵᠤᠬᠢᠰᠳᠠᠢ ᠲᠦᠯᠦᠪᠵᠢᠭᠦᠯᠤᠨ᠂  ᠪᠠᠶᠢᠳᠠᠯ ᠢ ᠲᠤᠳᠤᠷᠬᠠᠢ ᠦᠢᠯᠠᠭᠠᠵᠤ᠂  ᠬᠠᠷᠢᠭᠤᠴᠠᠯᠠᠭ᠎ᠠ ᠶᠢ ᠪᠤᠳᠠᠳᠠᠶᠢᠵᠢᠭᠤᠯᠵᠤ᠂  ᠤᠯᠡᠨ ᠲᠦᠮᠡᠨ ᠤ ᠠᠵᠢᠯ ᠢ ᠪᠤᠳᠠᠳᠠᠢ ᠪᠦᠭᠡᠳ ᠨᠠᠷᠢᠯᠢᠭ ᠬᠢᠵᠤ᠂  ᠨᠡᠭᠦᠯᠭᠡᠨ ᠰᠢᠯᠵᠢᠭᠦᠯᠵᠤ ᠪᠦᠳᠦᠭᠡᠨ ᠪᠠᠶᠢᠭᠤᠯᠬᠤ ᠡᠭᠦᠷᠭᠡ ᠶᠢ ᠯᠠᠪᠳᠠᠭᠤᠨ ᠢᠶᠠᠷ ᠠᠬᠢᠭᠤᠯᠵᠤ᠂  ᠪᠤᠳᠠᠳᠠᠢ ᠶᠠᠪᠤᠳᠠᠯ ᠢ ᠪᠤᠳᠠᠳᠠᠢ ᠪᠠᠷ ᠬᠢᠵᠤ᠂  ᠰᠠᠶᠢᠨ ᠶᠠᠪᠤᠳᠠᠯ ᠢ ᠰᠠᠶᠢᠳᠤᠷ ᠬᠢᠬᠦ ᠬᠡᠷᠡᠭᠳᠠᠢ ᠭᠡᠪᠡ᠃      ᠲᠠᠯᠠᠳ ᠠᠵᠤ ᠠᠬᠤᠢ ᠶᠢᠨ ᠨᠡᠭᠡᠭᠡᠯᠳᠡ ᠶᠢᠨ ᠤᠷᠤᠨ ᠳᠤ᠂  ᠯᠢ ᠯᠢ ᠨᠠᠷᠠᠨ ᠭᠡᠷᠡᠯ ᠤᠨ ᠴᠠᠬᠢᠯᠭᠠᠨ ᠡᠭᠦᠰᠭᠡᠭᠴᠢ ᠶᠢᠨ ᠡᠨᠧᠷᠬᠢ ᠬᠠᠳᠠᠭᠠᠯᠠᠬᠤ ᠰᠢᠰᠲ᠋ᠧᠮ ᠤᠨ ᠲᠦᠪᠯᠡᠷᠡᠭᠦᠯᠤᠨ ᠦᠢᠯᠡᠳᠬᠦ ᠪᠡ ᠱᠸᠡᠭ ᠬᠤᠢ ᠬᠢᠮᠢ ᠶᠢᠨ ᠮᠧᠲ᠋ᠢᠯ ᠬᠦᠬᠦᠷᠯᠢᠭ ᠬᠦᠴᠢᠯ ᠵᠢᠴᠢ ᠲᠠᠭᠠᠯᠳᠡ ᠦᠢᠯᠡᠳᠭᠦᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠡ ᠶᠢᠨ ᠠᠬᠤᠢ ᠲᠠᠯᠠᠪᠠᠢ ᠳᠤ ᠬᠦᠷᠴᠤ᠂  ᠠᠵᠤ ᠠᠬᠤᠶᠢᠯᠠᠯ ᠤᠨ ᠬᠠᠷᠢᠭᠤᠴᠯᠠᠭᠠᠳᠡᠨ ᠨᠦᠬᠦᠳ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠤ᠂  ᠲᠦᠷᠦᠯ ᠵᠦᠢᠯ ᠢ ᠪᠠᠶᠢᠭᠤᠯᠵᠤ ᠲᠠᠭᠤᠰᠬᠠᠭᠠᠳ ᠠᠰᠢᠬᠯᠠᠯᠳᠡ ᠳᠤ ᠤᠷᠤᠭᠤᠯᠬᠤ ᠴᠠᠭ ᠵᠢᠴᠢ ᠲᠦᠭᠦᠭᠡᠢ ᠮᠠᠲ᠋ᠧᠷᠢᠶᠠᠯ ᠤᠨ ᠬᠠᠨᠭ᠍ᠭᠠᠯᠭ᠎ᠠ᠂  ᠦᠢᠯᠡᠳᠭᠦᠨ ᠤ ᠪᠤᠷᠤᠯᠠᠭᠤᠯᠭ᠎ᠠ  ᠶᠢᠨ ᠵᠠᠮ ᠮᠦᠷ ᠵᠡᠷᠭᠡ ᠪᠠᠶᠢᠳᠠᠯ ᠢ ᠨᠠᠷᠢᠨ ᠠᠰᠠᠭᠤᠵᠤ᠂  ᠠᠵᠤ ᠠᠬᠤᠶᠢᠯᠠᠯ ᠨᠢ ᠪᠦᠳᠦᠭᠡᠨ ᠪᠠᠶᠢᠭᠤᠯᠤᠯᠳᠡ ᠶᠢᠨ ᠪᠠᠷᠢᠯᠭ᠎ᠠ ᠶᠢᠨ ᠬᠤᠭᠤᠴᠠᠭ᠎ᠠ ᠶᠢ ᠡᠵᠡᠮᠳᠡᠵᠤ᠂  ᠪᠦᠳᠦᠭᠡᠨ ᠪᠠᠶᠢᠭᠤᠯᠤᠯᠳᠡ ᠶᠢᠨ ᠠᠬᠢᠴᠨ ᠪᠠᠨ ᠲᠦᠷᠭᠡᠳᠭᠡᠨ᠂  ᠡᠷᠳᠡᠭᠡᠨ ᠪᠦᠳᠦᠭᠡᠨ ᠪᠠᠶᠢᠭᠤᠯᠵᠤ ᠠᠰᠢᠬᠯᠠᠯᠳᠡ ᠳᠤ ᠤᠷᠤᠭᠤᠯᠵᠤ᠂ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂  ᠵᠠᠰᠠᠭ ᠤᠨ ᠤᠷᠳᠤᠨ ᠪᠤᠯᠤᠨ ᠬᠤᠯᠪᠤᠬᠳᠠᠯ ᠪᠦᠭᠦᠢ ᠰᠠᠯᠠᠭ᠎ᠠ ᠮᠦᠴᠢᠷ ᠨᠢ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠦᠨᠡᠨ ᠬᠦ ᠰᠠᠶᠢᠳᠤᠷ ᠬᠢᠵᠤ᠂  ᠠᠵᠤ ᠠᠬᠤᠶᠢᠯᠠᠯ ᠪᠤᠯᠤᠨ ᠬᠤᠳᠠ ᠶᠢᠨ ᠲᠤᠳᠤᠷᠠᠬᠢ ᠬᠤᠯᠪᠤᠬᠳᠠᠯ ᠪᠦᠭᠦᠢ ᠲᠡᠭᠡᠳᠤ ᠲᠤᠤᠷᠠᠳᠤ ᠬᠡᠯᠬᠢᠶᠡᠨ ᠤ ᠠᠵᠤ ᠦᠢᠯᠡᠰ ᠤᠨ ᠲᠦᠷᠦᠯ ᠵᠦᠢᠯ ᠤᠨ ᠨᠢᠬᠳᠠ ᠬᠠᠮᠵᠢᠯᠴᠠᠬᠤ ᠶᠢ ᠲᠠᠮᠵᠢᠵᠤ ᠬᠦᠳᠦᠯᠤᠨ ᠲᠠᠭᠠᠭᠤᠯᠵᠤ ᠪᠠᠶᠢᠭᠠᠳ ᠠᠵᠤ ᠦᠢᠯᠡᠰ ᠤᠨ ᠢᠵᠢ ᠪᠦᠷᠢᠳᠦᠭᠦᠯᠬᠦ᠂  ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠬᠦ ᠶᠢ ᠠᠬᠢᠭᠤᠯᠵᠤ᠂  ᠠᠵᠤ ᠠᠬᠤᠶᠢᠯᠠᠯ ᠤᠨ ᠲᠦᠷᠭᠡᠨ ᠬᠦᠭᠵᠢᠨ ᠪᠤᠵᠠᠭᠠᠶᠢᠷᠠᠬᠤ ᠶᠢ ᠲᠠᠮᠵᠢᠵᠤ ᠠᠬᠢᠭᠤᠯᠬᠤ ᠪᠤᠯᠪᠠ ᠤᠤ ᠭᠡᠵᠤ ᠬᠦᠰᠡᠮᠵᠢᠯᠡᠪᠡ᠃      ᠵᠦᠡᠭ ᠾᠧ ᠰᠢ ᠪᠠᠯᠭᠠᠰᠤᠨ ᠤ ᠨᠠᠨ ᠾᠦᠸᠧ ᠹᠠᠨᠭ᠌ ᠲᠤᠰᠬᠤᠨ ᠳᠤ᠂  ᠯᠢ ᠯᠢ ᠬᠠᠳᠤᠨ ᠭᠤᠤᠯ ᠤᠨ ᠲᠠᠩ ᠭᠠᠵᠠᠷ ᠲᠤ ᠬᠦᠷᠴᠤ᠂  ᠲᠠᠷᠢᠶᠠᠨ ᠭᠠᠵᠠᠷ  ᠲᠤ ᠬᠦᠨᠵᠡᠭᠡᠶᠢᠷᠡᠨ᠂  ᠲᠤᠬᠠᠢ ᠶᠢᠨ ᠭᠠᠵᠠᠷ ᠤᠨ ᠭᠠᠵᠠᠷ ᠰᠢᠷᠤᠢ ᠶᠢᠨ ᠬᠡᠪᠴᠢᠶᠡᠵᠢᠭᠦᠯᠦᠭᠰᠡᠨ ᠡᠵᠡᠩᠨᠡᠯᠳᠡ᠂  ᠲᠠᠩ ᠭᠠᠵᠠᠷ ᠤᠨ ᠦᠨᠳᠤᠷ ᠡᠰᠢᠳᠤ ᠲᠠᠷᠢᠮᠠᠯ ᠲᠠᠷᠢᠬᠤ ᠶᠢ ᠴᠠᠭᠠᠵᠠᠯᠠᠬᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ᠂  ᠪᠠᠯᠭᠠᠰᠤᠨ ᠤ ᠨᠠᠮ ᠤᠨ ᠬᠤᠷᠢᠶ᠎ᠠ ᠶᠢᠨ  ︽ᠨᠢᠭᠡ ᠶᠢ ᠨᠢᠭᠡᠳᠭᠡᠵᠤ ᠭᠤᠷᠪᠠ ᠶᠢ ᠬᠤᠯᠪᠤᠭᠠᠯᠠᠬᠤ ︾  ᠪᠠᠷ ᠬᠦᠳᠡᠭᠡ ᠲᠤᠰᠬᠤᠨ ᠢ ᠬᠦᠭᠵᠢᠭᠦᠯᠬᠦ ᠶᠢ ᠠᠬᠢᠭᠤᠯᠤᠬᠰᠡᠨ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠤᠬᠰᠡᠨ ᠪᠦᠭᠡᠳ ᠡᠨᠡ ᠬᠦ ᠲᠤᠷᠰᠢᠯᠭ᠎ᠠ ᠠᠷᠭ᠎ᠠ ᠪᠠᠷᠢᠯ ᠢ ᠬᠦᠢᠴᠡᠳ ᠨᠤᠳᠠᠯᠠᠪᠠ᠃  ᠲᠡᠷᠨ᠂  ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ᠂  ᠭᠠᠵᠠᠷ ᠰᠢᠷᠤᠢ ᠶᠢ ᠵᠦᠢ ᠵᠤᠬᠢᠰᠳᠠᠢ ᠬᠡᠪᠴᠢᠶᠡᠵᠢᠭᠦᠯᠤᠨ ᠡᠵᠡᠩᠨᠡᠬᠦ ᠶᠢ ᠠᠬᠢᠭᠤᠯᠵᠤ᠂  ᠭᠠᠵᠠᠷ ᠰᠢᠷᠤᠢ ᠶᠢ ᠡᠷᠴᠢᠮᠵᠢᠭᠦᠯᠤᠨ ᠠᠷᠪᠢᠯᠡᠨ ᠭᠠᠮᠨᠠᠵᠤ ᠠᠰᠢᠬᠯᠠᠬᠤ ᠶᠢ ᠠᠬᠢᠭᠤᠯᠵᠤ᠂  ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠬᠢᠷᠢ ᠲᠦᠪᠰᠢᠨ ᠢ ᠲᠠᠰᠤᠷᠠᠯᠳᠡ ᠦᠭᠡᠢ ᠲᠡᠭᠡᠭᠰᠢᠯᠡᠭᠦᠯᠬᠦ ᠬᠡᠷᠡᠭᠳᠠᠢ᠃  ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠡ ᠶᠢᠨ ᠲᠠᠭᠠᠭᠤᠯᠤᠬᠴᠢ ᠶᠢᠨ ᠬᠦᠳᠦᠯᠤᠨ ᠲᠠᠭᠠᠭᠤᠯᠬᠤ ᠦᠢᠯᠡᠳᠤᠯ ᠢ ᠬᠦᠢᠴᠡᠳ ᠪᠠᠳᠠᠷᠠᠭᠤᠯᠵᠤ᠂  ᠲᠤᠰᠬᠤᠨ ᠤ ᠬᠠᠮᠳᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠵᠤ᠂  ᠦᠷᠭᠡᠨ ᠤᠯᠡᠨ ᠮᠠᠯᠴᠢᠨ ᠲᠠᠷᠢᠶᠠᠴᠢᠨ ᠢ ᠲᠠᠶᠢᠴᠢᠯᠡᠨ ᠤᠷᠤᠯᠭ᠎ᠠ ᠶᠢ ᠨᠢ ᠨᠡᠮᠡᠭᠳᠡᠭᠦᠯᠤᠨ ᠪᠠᠶᠠᠵᠢᠭᠤᠯᠬᠤ ᠬᠡᠷᠡᠭᠳᠠᠢ᠃  ᠬᠦᠳᠡᠭᠡ ᠲᠤᠰᠬᠤᠨ ᠤ ᠵᠠᠰᠡᠯᠳᠡ ᠶᠢ ᠴᠢᠩᠭᠠᠳᠬᠠᠵᠤ᠂  ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠯ ᠲᠠᠢ ᠲᠤᠬᠳᠠᠭᠤᠨ ᠪᠠᠶᠢᠬᠤ ᠶᠢ ᠦᠨᠡᠨ ᠬᠦ ᠬᠠᠮᠠᠭᠠᠯᠠᠬᠤ ᠬᠡᠷᠡᠭᠳᠠᠢ ᠭᠡᠪᠡ᠃      ᠬᠤᠳᠠ ᠶᠢᠨ ᠤᠳᠤᠷᠢᠳᠤᠯᠭ᠎ᠠ ᠵᠠᠩ ᠸᠧᠢ᠂  ᠵᠢᠶᠠᠩ ᠪᠦᠸᠧ᠂  ᠡᠷᠳᠡᠨᠢᠪᠢᠯᠢᠭ ᠪᠠᠶᠢᠴᠠᠭᠠᠨ ᠰᠤᠳᠤᠯᠤᠯᠳᠡ ᠳᠤ ᠤᠷᠤᠯᠴᠠᠪᠠ᠃     
ᠢᠷᠡᠯᠲᠡ᠄ ᠤᠷᠳᠤᠰ ᠮᠤᠩᠭᠤᠯ ᠰᠦᠯᠵᠢᠶ᠎ᠡ