| ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠳᠡᠭᠡᠳᠦ ᠰᠤᠷᠭᠠᠭᠤᠯᠢ ᠨᠤᠭᠤᠳ ᠰᠢᠨ᠎ᠡ ᠺᠣᠷᠣᠨᠠ ᠸᠢᠷᠦ᠋ᠰ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠳᠠᠷᠣᠬᠤ ᠪᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ | ᠪᠦᠲᠦᠮᠵᠢᠲᠡᠶ ᠪᠠᠷ ᠨᠢᠭᠡᠳᠦᠯᠲᠡᠶ ᠲᠦᠯᠦᠪᠵᠢᠭᠦᠯᠵᠤ᠂ 2022 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ | ᠡᠬᠢᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠳᠠᠷᠣᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ | ᠭᠡᠵᠦ ᠱᠠᠭᠠᠷᠳᠠᠪᠠ᠃ | ᠪᠠᠶᠢᠩᠭᠤ ᠶᠢᠨ ᠴᠢᠨᠡᠷ ᠲᠠᠢ᠂ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠪᠠᠷ ᠬᠢᠵᠢᠭ ᠢ ᠰᠡᠷᠭᠡᠶᠢᠯᠡᠨ | ᠳᠠᠷᠣᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ | ᠴᠠᠭ ᠪᠠ ᠪᠠᠶᠢᠳᠠᠯ ᠳᠤᠨᠢ ᠲᠣᠬᠢᠷᠠᠭᠤᠯᠤᠨ ᠰᠡᠷᠭᠡᠶᠢᠯᠡᠨ ᠳᠠᠷᠤᠬᠤ ᠠᠷᠭ᠎ᠠ ᠬᠡᠮᠵᠢᠶ᠎ᠡ ᠶᠢ ᠳᠣᠭᠢᠷᠠᠭᠤᠯᠤᠨ | ᠰᠢᠯᠢᠳᠡᠭᠵᠢᠭᠦᠯᠵᠦ᠂ ᠨᠠᠷᠢᠯᠢᠭ ᠣᠨᠣᠪᠴᠢᠲᠠᠢ᠂ ᠬᠥᠮᠥᠡᠯᠢᠭ ᠪᠠᠶᠢᠬᠤ ᠶᠢ ᠪᠡᠶᠡᠯᠡᠭᠦᠯᠦᠨ᠂ ᠰᠤᠷᠭᠠᠨ ᠬᠥᠮᠦᠵᠢᠯ ᠳᠤ | ᠦᠵᠡᠭᠦᠯᠬᠦ ᠬᠢᠵᠢᠭ ᠤᠨ ᠨᠥᠯᠥᠭᠡ ᠶᠢ ᠶᠡᠬᠡᠪᠡᠷ ᠪᠠᠭᠠᠰᠬᠠᠵᠤ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠪᠠ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠬᠠᠷᠢᠶ᠎ᠠ ᠣᠷᠣᠨ ᠢᠶᠠᠷ ᠬᠠᠮᠢᠶᠠᠷᠤᠭᠤᠯᠵᠤ᠂ ᠣᠷᠣᠨ ᠪᠦᠰᠡ ᠪᠠᠷ ᠨᠢᠭᠡᠳᠦᠯᠲᠡᠶ ᠲᠦᠯᠦᠪᠵᠢᠭᠦᠯᠬᠦ ᠶᠢ ᠪᠠᠷᠢᠮᠲᠠᠯᠠᠨ᠂ | ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠳᠠᠷᠤᠬᠤ ᠠᠵᠢᠯ ᠢ ᠶᠡᠷᠦᠩᠬᠡᠶᠢᠯᠡᠨ ᠰᠤᠳᠤᠯᠤᠨ | ᠮᠠᠭᠠᠳᠯᠠᠵᠤ᠂ ︽ᠨᠢᠭᠡ ᠭᠠᠵᠠᠷ ᠨᠢᠭᠡ ᠠᠷᠭ᠎ᠠ︾ ︽ᠨᠢᠭᠡ ᠰᠤᠷᠭᠠᠭᠤᠯᠢ ᠨᠢᠭᠡ ᠠᠷᠭ᠎ᠠ ᠪᠣᠳᠣᠯᠭ᠎ᠠ︾ ᠶᠢ | ᠬᠡᠷᠡᠭᠵᠢᠭᠦᠯᠵᠤ ᠰᠤᠷᠭᠠᠭᠤᠯᠢ ᠡᠬᠢᠯᠡᠬᠦ ᠠᠵᠢᠯ ᠢ ᠰᠠᠶᠢᠲᠤᠷ ᠬᠢᠨ᠎ᠠ᠃ ᠬᠠᠷᠢᠶ᠎ᠠ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠳᠠᠷᠣᠬᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠪᠠᠭᠰᠢ ᠰᠣᠷᠣᠭᠴᠢ ᠠᠵᠢᠯᠲᠠᠨ | ᠠᠵᠢᠯᠴᠢᠨ ᠤ ᠰᠤᠷᠭᠠᠭᠤᠯᠢ ᠳᠠᠭᠠᠨ ᠪᠤᠴᠠᠬᠤ ᠨᠥᠬᠦᠴᠡᠯ ᠢ ᠲᠣᠳᠣᠷᠬᠠᠶᠢᠯᠠᠵᠤ᠂ ᠰᠤᠷᠭᠠᠭᠤᠯᠢ ᠳᠠᠭᠠᠨ ᠪᠤᠴᠠᠬᠤ | ᠠᠵᠢᠯ ᠤᠨ ᠲᠥᠰᠦᠯ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠨ᠂ ᠣᠷᠣᠨ ᠲᠠᠰ ᠬᠤᠪᠢᠶᠠᠵᠤ᠂ | ᠰᠤᠷᠭᠠᠭᠤᠯᠢ ᠳᠠᠭᠠᠨ ᠪᠤᠴᠠᠬᠤ ᠪᠦᠯᠦᠭ ᠤᠳᠠᠭ᠎ᠠ ᠪᠠ ᠪᠣᠳᠠᠲᠠᠶ ᠴᠠᠭ ᠢ ᠲᠣᠭᠲᠠᠭᠠᠬᠤ ᠬᠡᠷᠡᠭᠲᠡᠶ᠃ ᠪᠠᠶᠢᠩᠭᠤ ᠶᠢᠨ | ᠴᠢᠨᠠᠷᠲᠠᠶ ᠰᠡᠷᠭᠡᠶᠢᠯᠡᠨ ᠳᠠᠷᠤᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠣ᠂ ᠬᠡᠪ ᠤᠨ ᠵᠢᠭᠠᠨ | ᠰᠤᠷᠭᠠᠯᠲᠠ ᠶᠢᠨ ᠲᠣᠬᠢᠷᠠᠭᠤᠯᠤᠯᠲᠠ ᠪᠠ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠬᠠᠮᠤᠭ ᠤᠨ ᠶᠡᠭᠡ | ᠬᠡᠮᠵᠢᠶᠡᠨ ᠳᠤ ᠪᠠᠲᠤᠯᠠᠵᠤ᠂ ᠰᠤᠷᠭᠠᠭᠤᠯᠢ ᠶᠢᠨ ᠬᠦᠷᠢᠶᠡᠨ ᠤ ᠬᠠᠮᠢᠶᠠᠷᠤᠯᠲᠠ ᠦᠢᠯᠡᠴᠢᠯᠡᠭᠡ ᠶᠢ ᠨᠠᠷᠢᠯᠢᠬᠵᠢᠭᠤᠯᠤᠨ | ᠰᠢᠯᠢᠳᠡᠭᠵᠢᠭᠦᠯᠵᠦ᠂ ᠪᠠᠭᠰᠢ ᠰᠤᠷᠤᠭᠴᠢᠳ ᠤᠨ ᠵᠦᠶ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠨ᠂ | ᠠᠮᠤᠷ ᠲᠦᠪᠰᠢᠨ ᠲᠠᠭᠠᠯᠠᠮᠵᠢᠲᠠᠶ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ | ᠭᠡᠵᠡᠢ᠃ | | |