ᠰᠣᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ | ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠡᠷᠢᠭᠦᠯᠡᠭᠴᠢ ᠭᠦᠸᠧ ᠵᠢᠩ ᠯᠢ | ᠠᠭᠤᠯᠭ᠎ᠠ ᠶᠢᠨ ᠲᠣᠪᠴᠢ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 — 2030 | ᠣᠨ︶ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠨᠡᠶᠢᠲᠡᠯᠡᠨ ᠬᠡᠷᠡᠭᠵᠢᠭᠦᠯᠦᠭᠰᠡᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠮᠥᠨ᠃ ᠡᠮᠡᠭᠲᠡᠶᠢᠴᠦᠳ ᠬᠡᠤᠬᠡᠳ ᠤᠳ ᠤᠨ | ᠬᠥᠭᠵᠢᠯᠲᠡ ᠶᠢᠨ ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠬᠦ ᠨᠢ ᠮᠠᠨ ᠤ ᠣᠷᠣᠨ ᠤ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ | ᠂ ᠬᠡᠤᠬᠡᠳ ᠢ ᠤᠷᠢᠳ ᠢᠶᠠᠷ ᠪᠣᠳᠤᠯᠬᠢᠯᠠᠬᠤ ᠦᠨᠳᠦᠰᠦᠨ ᠵᠠᠷᠴᠢᠮ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠤᠬᠡᠳ ᠤᠳ ᠤᠨ | ᠬᠥᠭᠵᠢᠯᠲᠡ ᠶᠢᠨ ᠣᠷᠴᠢᠨ ᠨᠥᠭᠦᠴᠡᠯ ᠢ ᠰᠢᠯᠢᠳᠡᠭᠵᠢᠭᠦᠯᠦᠨ᠂ ᠡᠮᠡᠭᠲᠡᠶᠢᠴᠦᠳ ᠬᠡᠤᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ | ᠪᠥᠬᠦ ᠣᠷᠣᠨ ᠤ ᠡᠮᠡᠭᠲᠡᠶᠢᠴᠦᠳ ᠬᠡᠤᠬᠡᠳ ᠤᠳ ᠤᠨ ᠦᠢᠯᠡᠰ ᠤᠨ ᠰᠢᠨ᠎ᠡ ᠴᠠᠭ ᠦᠶ᠎ᠡ ᠳᠤ ᠨᠠᠩ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠳᠤ | ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ | ᠲᠡᠮᠳᠡᠭᠯᠡᠯ | ᠬᠥᠲᠥᠯᠥᠭᠴᠢ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠᠨ ᠪᠦᠬᠦᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠂ | ᠲᠣᠰ ᠬᠤᠭᠤᠴᠠᠭᠠᠨ ᠤ ᠫᠷᠤᠭ᠍ᠷᠠᠮ ᠳᠤ ᠪᠢᠳᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠤᠬᠡᠳ ᠤᠳ ᠤᠨ ᠠᠵᠢᠯ ᠤᠨ ᠵᠥᠪᠯᠡᠯ ᠤᠨ | ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠡᠷᠢᠭᠦᠯᠡᠭᠴᠢ ᠭᠦᠸᠧ ᠵᠢᠩ ᠯᠢ ᠶᠢ ᠤᠷᠢᠯ᠎ᠠ᠃ ᠭᠦᠸᠧ ᠲᠡᠷᠢᠭᠦᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠢᠨ᠎ᠠ︕ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠬᠥᠲᠥᠯᠥᠭᠴᠢ ᠰᠠᠶᠢᠨ ᠤᠤ︕ ᠰᠦᠯᠵᠢᠶᠡᠨ ᠤ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠦᠯᠵᠢᠶ᠎ᠡ ᠶᠢᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠢᠶᠠᠷ ᠳᠠᠮᠵᠢᠭᠤᠯᠤᠨ ᠥᠷᠭᠡᠨ ᠣᠯᠠᠨ ᠰᠦᠯᠵᠢᠶᠡᠨ ᠤ ᠨᠠᠶᠢᠵᠠ ᠨᠠᠷ ᠲᠠᠢ ᠪᠠᠨ | ᠥᠨᠥᠳᠦᠷ ᠤᠨ ᠭᠤᠤᠯ ᠰᠡᠳᠦᠪ ᠢᠶᠠᠨ ᠶᠠᠷᠢᠯᠴᠠᠬᠤ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠂ ᠮᠥᠨ ᠴᠦ ᠲᠠ ᠪᠦᠬᠦᠨ ᠤ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠬᠡᠤᠬᠡᠳ ᠤᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ | ᠬᠥᠲᠥᠯᠥᠭᠴᠢ | ᠭᠦᠸᠧ ᠲᠡᠷᠢᠭᠦᠯᠡᠭᠴᠢ ᠡ᠂ ᠥᠨᠥᠳᠦᠷ ᠲᠠᠨ ᠲᠠᠢ ᠶᠠᠷᠢᠯᠴᠠᠬᠤ ᠭᠡᠵᠦ ᠪᠠᠶᠢᠭ᠎ᠠ ᠰᠡᠳᠦᠪ ᠪᠣᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠳ ᠤᠨ ᠬᠥᠭᠵᠢᠯᠲᠡ ᠶᠢᠨ | ᠬᠥᠲᠥᠯᠪᠦᠷᠢ︾ ᠪᠣᠯᠤᠨ᠎ᠠ᠃ ᠶᠠᠭᠤᠨ ᠤ ᠲᠡᠷᠢᠭᠦᠨ ᠳᠤ ᠪᠢ ᠥᠪᠡᠷᠲᠡᠭᠡᠨ ᠡᠨᠡ ᠰᠡᠳᠦᠪ ᠢ ᠶᠡᠭᠡ ᠰᠣᠨᠢᠷᠬᠠᠳᠠᠭ᠂ ᠡᠮᠡᠭᠲᠡᠶᠢᠴᠦᠳ ᠬᠡᠦᠬᠡᠳ ᠤᠳ ᠤᠨ ᠡᠷᠬᠡ | ᠠᠰᠢᠭ ᠤᠨ ᠬᠠᠮᠠᠭᠠᠯᠠᠯᠲᠠ ᠨᠢ ᠭᠡᠷ ᠪᠦᠯᠢ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠵᠠᠷᠢᠮ ᠬᠡᠮᠵᠢᠶᠡᠨ ᠳᠤ ᠨᠢᠭᠡ ᠭᠡᠷ ᠪᠦᠯᠢ ᠶᠢᠨ ᠵᠣᠯ ᠵᠢᠷᠭᠠᠯ ᠲᠠᠢ ᠪᠠᠶᠢᠬᠤ ᠡᠰᠡᠬᠦ | ᠂ ᠵᠣᠯ ᠵᠢᠷᠭᠠᠯ ᠤᠨ ᠬᠡᠮᠵᠢᠶ᠎ᠡ ᠥᠨᠳᠥᠷ ᠡᠰᠡᠬᠦ ᠳᠤ ᠡᠮᠡᠭᠲᠡᠶᠢᠴᠦᠳ ᠬᠡᠦᠬᠡᠳ ᠤᠳ ᠤᠨ ᠬᠠᠨᠤᠮᠵᠢ ᠶᠢᠨ ᠬᠡᠮᠵᠢᠶ᠎ᠡ ᠲᠦᠢᠯ ᠤᠨ ᠴᠢᠬᠤᠯᠠ ᠬᠤᠯᠪᠤᠭ᠎ᠠ ᠲᠠᠢ ᠪᠠᠶᠢᠳᠠᠭ᠃ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠦᠨᠡᠨ ᠳᠤ ᠪᠠᠨ ᠨᠠᠮ ᠪᠠ ᠵᠠᠰᠠᠭ ᠤᠨ ᠣᠷᠳᠣᠨ ᠡᠮᠡᠭᠲᠡᠶᠢᠴᠦᠳ ᠬᠡᠦᠬᠡᠳ ᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠡᠭᠲᠡᠶᠢᠴᠦᠳ | ᠬᠡᠦᠬᠡᠳ ᠤᠳ ᠤᠨ ᠦᠢᠯᠡᠰ ᠢ ᠬᠥᠭᠵᠢᠭᠦᠯᠬᠦ ᠶᠢ ᠨᠠᠮ ᠪᠠ ᠤᠯᠤᠰ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠣᠯᠭᠠᠭᠰᠠᠭᠠᠷ ᠢᠷᠡᠭᠰᠡᠨ ᠶᠤᠮ᠃ | ᠡᠮᠡᠭᠲᠡᠶᠢᠴᠦᠳ ᠬᠡᠦᠬᠡᠳ ᠤᠳ ᠪᠣᠯ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠪᠠᠶᠢᠭᠤᠯᠵᠤ ᠬᠠᠮᠲᠤᠪᠠᠷ ᠬᠦᠷᠲᠡᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠴᠢᠬᠤᠯᠠ ᠬᠦᠴᠦᠨ᠂ ᠮᠥᠨ ᠴᠤ ᠠᠮᠢᠳᠤ ᠬᠦᠴᠦᠨ ᠨᠢ ᠶᠤᠮ᠂ ᠡᠮᠡᠭᠲᠡᠶᠢᠴᠦᠳ ᠢ ᠬᠦᠨᠳᠦᠳᠬᠡᠵᠦ | ᠬᠡᠦᠬᠡᠳ ᠤᠳ ᠢ ᠬᠠᠯᠠᠮᠵᠢᠯᠠᠨ ᠬᠠᠶᠢᠷᠠᠯᠠᠬᠤ ᠪᠣᠯ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ᠂ ᠡᠮᠡᠭᠲᠡᠶᠢᠴᠦᠳ ᠬᠡᠦᠬᠡᠳ ᠤᠳ ᠤᠨ | ᠬᠥᠭᠵᠢᠯᠲᠡ ᠪᠣᠯ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠠᠭᠤᠯᠭ᠎ᠠ ᠮᠥᠨ᠃ | ᠬᠥᠲᠥᠯᠥᠭᠴᠢ | ᠪᠢᠳᠡᠨ ᠤ ᠮᠡᠳᠡᠭᠡᠵᠢ ᠪᠠᠷ᠂ 2011 — 2020 ᠣᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠥᠭᠵᠢᠯᠲᠡ ᠶᠢᠨ ᠬᠥᠲᠥᠯᠪᠦᠷᠢ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠳ ᠤᠨ ᠬᠥᠭᠵᠢᠯᠲᠡ ᠶᠢᠨ ᠬᠥᠲᠥᠯᠪᠦᠷᠢ︾ ᠶᠢ | ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠠᠯᠢ ᠣᠯᠠᠨ ᠰᠠᠶᠢᠨ ᠠᠷᠭ᠎ᠠ ᠬᠡᠮᠵᠢᠶ᠎ᠡ ᠰᠠᠶᠢᠨ ᠲᠥᠷᠥ ᠶᠢᠨ ᠪᠣᠳᠣᠯᠭ᠎ᠠ ᠨᠤᠭᠤᠳ ᠢ ᠨᠡᠶᠢᠲᠡᠯᠡᠨ ᠬᠡᠷᠡᠭᠵᠢᠭᠦᠯᠵᠦ ᠡᠮᠡᠭᠲᠡᠶᠢᠴᠦᠳ ᠬᠡᠤᠬᠡᠳ ᠤᠳ ᠤᠨ | ᠡᠷᠬᠡ ᠠᠰᠢᠭ ᠢ ᠬᠠᠮᠠᠭᠠᠯᠠᠭᠰᠠᠭᠠᠷ ᠢᠷᠡᠯ᠎ᠡ᠂ ᠲᠡᠭᠡᠪᠡᠯ ᠡᠨᠡ 10 ᠵᠢᠯ ᠤᠨ ᠲᠤᠷᠰᠢ ᠬᠢᠷᠢ ᠵᠡᠷᠭᠡ ᠦᠷ᠎ᠡ ᠪᠦᠲᠦᠮᠵᠢ ᠣᠯᠣᠭᠰᠠᠨ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠶᠡᠷᠡᠭᠡᠳ ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ᠭᠤᠷᠪᠠᠨ ᠦᠶᠡᠯᠡᠯ ᠤᠨ ᠬᠤᠭᠤᠴᠠᠭᠠᠨ ᠤ | ᠡᠮᠡᠭᠲᠡᠶᠢᠴᠦᠳ ᠬᠡᠤᠬᠡᠳ ᠤᠳ ᠤᠨ ᠬᠥᠭᠵᠢᠯᠲᠡ ᠶᠢᠨ ᠬᠥᠲᠥᠯᠪᠦᠷᠢ ᠶᠢ ᠪᠡᠶᠡᠯᠡᠭᠦᠯᠦᠨ ᠬᠡᠷᠡᠭᠵᠢᠭᠦᠯᠵᠦ᠂ 30 ᠵᠢᠯ ᠤᠨ ᠲᠤᠷᠰᠢ ᠡᠮᠡᠭᠲᠡᠶᠢᠴᠦᠳ ᠬᠡᠦᠬᠡᠳ ᠤᠳ ᠤᠨ | ᠡᠷᠬᠡ ᠠᠰᠢᠭ ᠢ ᠬᠠᠮᠠᠭᠠᠯᠠᠬᠤ ᠳᠤ ᠴᠢᠬᠤᠯᠠ ᠪᠠᠲᠤᠯᠠᠭ᠎ᠠ ᠬᠠᠩᠭᠠᠵᠠᠢ᠃ ᠢᠯᠠᠩᠭᠤᠶ᠎ᠠ 2011 — 2020 ᠣᠨ ᠳᠤ ︽ᠬᠤᠶᠠᠷ ᠬᠥᠲᠥᠯᠪᠦᠷᠢ︾ ᠶᠢ ᠨᠡᠶᠢᠲᠡᠯᠡᠨ | ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ | ᠤᠯᠤᠰ ᠤᠨ ᠦᠨᠳᠦᠰᠦᠨ ᠪᠣᠳᠣᠯᠭ᠎ᠠ ᠪᠠ ᠬᠡᠤᠬᠡᠳ ᠢ ᠤᠷᠢᠳ ᠢᠶᠠᠷ ᠪᠣᠳᠤᠯᠬᠢᠯᠠᠬᠤ ᠵᠠᠷᠴᠢᠮ ᠢ ᠬᠢᠨᠠᠮᠠᠭᠠᠶ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ | ᠦᠢᠯᠡᠰ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠶᠢᠨ ᠴᠢᠬᠤᠯᠠ ᠪᠠᠶᠢᠷᠢᠨ ᠳᠤ ᠲᠠᠯᠪᠢᠵᠤ᠂ ︽ᠬᠤᠶᠠᠷ ᠬᠥᠲᠥᠯᠪᠦᠷᠢ︾ ᠶᠢᠨ ᠡᠯ᠎ᠡ ᠵᠦᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠡᠮᠡᠭᠲᠡᠶᠢᠴᠦᠳ ᠤᠨ ᠬᠥᠭᠵᠢᠯᠲᠡ᠂ ᠬᠡᠤᠬᠡᠳ ᠤᠳ ᠤᠨ ᠪᠤᠶᠢᠵᠢᠯᠲᠠ ᠶᠢᠨ ᠣᠷᠴᠢᠨ ᠨᠥᠭᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠰᠢᠨ᠎ᠡ ᠠᠮᠵᠢᠯᠲᠠ ᠤᠯᠪᠠ᠃ | ᠨᠢᠭᠡ᠂ ᠡᠮᠡᠭᠲᠡᠶᠢᠴᠦᠳ ᠤᠨ ᠡᠷᠬᠡ ᠠᠰᠢᠭ ᠢ ᠪᠦᠬᠦ ᠲᠠᠯ᠎ᠠ ᠪᠠᠷ ᠬᠠᠮᠠᠭᠠᠯᠠᠨ ᠬᠦᠭᠵᠢᠭᠦᠯᠵᠡᠢ᠃ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠦᠷᠭᠦᠯᠵᠢᠯᠡᠨ ᠳᠡᠭᠡᠭᠰᠢᠯᠡᠭᠦᠯᠵᠦ᠂ ᠪᠥᠬᠦ ᠣᠷᠣᠨ ᠤ ᠡᠮᠡᠭᠲᠡᠶᠢᠴᠦᠳ ᠤᠨ ᠬᠥᠮᠦᠨ ᠳᠤᠮᠳᠠᠴᠢ ᠶᠢᠨ ᠵᠢᠱᠢᠯᠲᠡ ᠨᠠᠰᠤᠨ ᠬᠤᠲᠤᠭ 80.45 ᠨᠠᠰᠤᠨ ᠳᠤ ᠬᠦᠷᠴᠦ᠂ | 2010 ᠣᠨ ᠤ ᠬᠢ ᠠᠴᠠ 3.18 ᠨᠠᠰᠤ ᠦᠨᠳᠦᠷ ᠪᠣᠯᠪᠠ᠃ ᠡᠮᠡᠭᠲᠡᠶᠢᠴᠦᠳ ᠤᠨ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ ᠲᠠᠰᠤᠷᠠᠯᠳᠠ ᠥᠭᠡᠢ ᠳᠡᠭᠡᠭᠰᠢᠯᠡᠵᠦ | ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠡᠮᠡᠭᠲᠡᠶ ᠰᠤᠷᠤᠬᠴᠢ ᠶᠢᠨ ᠬᠠᠷᠢᠴᠠᠯ 51.73% ᠶᠢ ᠡᠵᠡᠯᠡᠵᠦ᠂ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ᠳᠤ ᠪᠠᠶᠢᠭ᠎ᠠ ᠡᠮᠡᠭᠲᠡᠶ ᠰᠤᠷᠤᠬᠴᠢ ᠶᠢᠨ ᠬᠠᠷᠢᠴᠠᠯ 51.95% ᠶᠢ ᠡᠵᠡᠯᠡᠵᠦ ᠪᠠᠶᠢᠨ᠎ᠠ᠃ ᠡᠮᠡᠭᠲᠡᠶᠢᠴᠦᠳ ᠤᠨ ᠠᠵᠤ ᠠᠬᠤᠶ ᠶᠢᠨ | ᠬᠥᠭᠵᠢᠯᠲᠡ ᠳᠤ ᠣᠷᠣᠯᠴᠠᠬᠤ ᠴᠢᠳᠠᠪᠤᠷᠢ ᠪᠠ ᠬᠤᠪᠢ ᠨᠡᠮᠡᠷᠢ ᠶᠢᠨ ᠨᠤᠷᠮ᠎ᠠ ᠮᠡᠳᠡᠭᠳᠡᠬᠦ᠋ᠢᠴᠡ ᠳᠡᠭᠡᠭᠰᠢᠯᠡᠵᠦ᠂ ᠡᠮᠡᠭᠲᠡᠶᠢᠴᠦᠳ ᠤᠨ ᠠᠵᠢᠯ ᠤᠯᠬᠤ ᠠᠷᠭ᠎ᠠ ᠵᠠᠮ ᠨᠢ | ᠲᠠᠰᠤᠷᠠᠯᠳᠠ ᠦᠭᠡᠢ ᠦᠷᠭᠡᠳᠴᠦ᠂ ᠬᠥᠳᠡᠯᠮᠦᠷᠢ ᠠᠵᠢᠯ ᠣᠯᠭᠤᠯᠲᠠ ᠶᠢᠨ ᠡᠷᠬᠡ ᠠᠳᠠᠯᠢ ᠲᠡᠭᠰᠢ ᠪᠠᠲᠤᠯᠠᠭ᠎ᠠ ᠲᠠᠢ ᠪᠣᠯᠵᠠᠢ᠃ ᠡᠮᠡᠭᠲᠡᠶᠢᠴᠦᠳ ᠤᠨ ᠠᠷᠠᠳᠴᠢᠯᠠᠭᠰᠠᠨ | ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠬᠤ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢᠯᠡᠳᠲᠡ ᠴᠢᠩᠭᠠᠷᠠᠵᠤ᠂ ᠡᠮᠡᠭᠲᠡᠶᠢᠴᠦᠳ ᠤᠨ | ᠠᠰᠠᠷᠠᠮᠵᠢ ᠶᠢᠨ ᠪᠠᠲᠤᠯᠠᠭ᠎ᠠ ᠦᠷᠭᠦᠯᠵᠢᠯᠡᠨ ᠴᠢᠩᠭᠠᠷᠠᠵᠤ᠂ ᠥᠷᠭᠡᠨ ᠤᠯᠠᠨ ᠡᠮᠡᠭᠲᠡᠶᠢᠴᠦᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ | ᠲᠦᠪᠰᠢᠨ ᠤ ᠲᠦᠷᠦᠭᠳᠡᠯ ᠤᠯᠠᠮ ᠨᠢᠭᠡ ᠠᠯᠬᠤᠮ ᠳᠡᠭᠡᠭᠰᠢᠯᠡᠪᠡ᠃ | ᠬᠤᠶᠠᠷ᠂ ᠥᠷᠭᠡᠨ ᠤᠯᠠᠨ ᠪᠠᠭᠠᠴᠤᠳ ᠬᠡᠦᠬᠡᠳ ᠤᠳ ᠡᠷᠡᠭᠦᠯ ᠢᠶᠠᠷ ᠦᠰᠦᠨ ᠪᠤᠶᠢᠵᠢᠵᠤ ᠪᠣᠢ᠃ ᠬᠡᠦᠬᠡᠳ ᠤᠳ ᠤᠨ ᠡᠷᠡᠭᠦᠯ ᠮᠡᠨᠳᠤ ᠪᠦᠬᠦ ᠲᠠᠯ᠎ᠠ | ᠪᠠᠲᠤᠯᠠᠭ᠎ᠠ ᠲᠠᠢ ᠪᠣᠯᠵᠤ᠂ ᠨᠢᠯᠬ᠎ᠠ ᠬᠡᠦᠬᠡᠳ ᠤᠨ ᠦᠬᠦᠯ ᠤᠨ ᠨᠤᠷᠮ᠎ᠠ᠂ 5 ᠨᠠᠰᠤᠨ ᠠᠴᠠ ᠳᠣᠷᠣᠭᠰᠢᠬᠢ ᠬᠡᠦᠬᠡᠳ ᠤᠨ ᠦᠬᠦᠯᠲᠡ ᠶᠢᠨ ᠨᠤᠷᠮ᠎ᠠ ᠨᠢ 2010 | ᠣᠨ ᠤ ᠬᠢ ᠠᠴᠠ ᠳᠤᠰ ᠳᠤᠰ 71.1% ᠪᠠ 71.2% ᠢᠶᠠᠷ ᠪᠠᠭᠤᠷᠠᠵᠤ᠂ ᠬᠡᠦᠬᠡᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ | ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠵᠠᠰᠠᠪᠠ᠃ ᠬᠡᠦᠬᠡᠳ ᠤᠳ ᠤᠨ ᠰᠤᠷᠭᠠᠨ ᠬᠥᠮᠦᠵᠢᠯ ᠬᠦᠷᠲᠡᠭᠰᠡᠨ ᠬᠢᠷᠢ ᠲᠥᠪᠰᠢᠨ ᠲᠣᠭᠲᠠᠭᠤᠨ ᠢᠶᠠᠷ ᠳᠡᠭᠡᠭᠰᠢᠯᠡᠵᠦ᠂ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠦᠬᠦ ᠨᠤᠷᠮ᠎ᠠ 2010 ᠣᠨ ᠤ ᠬᠢ ᠠᠴᠠ 38.7 ᠵᠠᠭᠤᠨ ᠤ ᠴᠡᠭ | ᠳᠡᠭᠡᠭᠰᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠶᠠᠳᠠᠭᠤ ᠬᠦᠴᠢᠷᠳᠡᠯᠲᠡᠶ ᠠᠴᠠ ᠪᠤᠯᠵᠤ ᠰᠤᠷᠤᠯᠭ᠎ᠠ ᠪᠠᠨ ᠲᠤᠷᠭᠤᠨ | ᠵᠣᠭᠰᠤᠬᠤ ᠪᠠᠶᠢᠳᠠᠯ ᠢ ᠬᠥᠳᠡᠯᠦᠩᠭᠦᠶ ᠪᠠᠷ ᠦᠭᠡᠢ ᠪᠣᠯᠭᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠦᠬᠦ | ᠨᠤᠷᠮ᠎ᠠ 94.63% ᠳᠤ ᠬᠦᠷᠴᠡᠢ᠃ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠡᠦᠬᠡᠳ ᠢ | ᠬᠠᠯᠠᠮᠵᠢᠯᠠᠨ ᠬᠠᠶᠢᠷᠠᠯᠠᠬᠤ ᠨᠡᠶᠢᠭᠡᠮ ᠤᠨ ᠠᠭᠤᠷ ᠠᠮᠢᠰᠬᠤᠯ ᠢ ᠨᠡᠩ ᠥᠳᠬᠡᠷᠡᠭᠦᠯᠪᠡ᠃ | ᠬᠥᠲᠥᠯᠥᠭᠴᠢ | ᠭᠦᠸᠧ ᠲᠡᠷᠢᠭᠦᠯᠡᠭᠴᠢ ᠡ᠂ ᠲᠠᠨ ᠤ ᠰᠠᠶ᠋ᠢ ᠶᠢᠨ ᠵᠢᠭᠰᠠᠭᠠᠭᠰᠠᠨ ᠲᠡᠷᠡ ᠤᠯᠠᠨ ᠲᠤᠭ᠎ᠠ ᠪᠠᠷᠢᠮᠲᠠ ᠨᠤᠭᠤᠳ ᠵᠢᠴᠢ ᠪᠢᠳᠡᠨ ᠤ ᠳᠡᠷᠭᠡᠳᠡᠬᠢ ᠠᠯᠢ ᠤᠯᠠᠨ | ᠬᠤᠪᠢᠷᠠᠯᠲᠠ ᠨᠤᠭᠤᠳ᠂ ᠵᠢᠱᠢᠶᠡᠯᠡᠪᠡᠯ ᠡᠮᠡᠭᠲᠡᠶᠢᠴᠦᠳ ᠤᠨ ᠨᠡᠶᠢᠭᠡᠮ ᠤᠨ ᠡᠯ᠎ᠡ ᠬᠦᠷᠢᠶ᠎ᠡ ᠡᠯ᠎ᠡ ᠠᠵᠢᠯ ᠲᠦᠷᠦᠯ ᠳᠠᠬᠢ ᠣᠷᠣᠯᠴᠠᠯᠭ᠎ᠠ ᠶᠢᠨ ᠬᠡᠮᠵᠢᠶ᠎ᠡ᠂ | ᠬᠡᠦᠬᠡᠳ ᠤᠳ ᠤᠨ ᠰᠤᠷᠭᠠᠨ ᠬᠥᠮᠦᠵᠢᠯ ᠬᠦᠷᠲᠡᠬᠦ ᠲᠦᠪᠰᠢᠨ ᠵᠡᠷᠭᠡ ᠠᠴᠠ ᠪᠦᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠦᠨᠡᠨ ᠬᠦ ᠣᠯᠵᠤ ᠬᠠᠷᠠᠨ᠎ᠠ᠃ ᠲᠡᠭᠡᠪᠡᠯ 2021 ᠣᠨ ᠠᠴᠠ ᠡᠬᠢᠯᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠡᠬᠢᠯᠡᠯᠲᠡ᠂ ᠰᠢᠨ᠎ᠡ ᠴᠠᠭ | ᠦᠶ᠎ᠡ ᠨᠢ ᠮᠠᠨ ᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠲᠤ ᠰᠢᠨ᠎ᠡ ᠠᠭᠤᠯᠤᠭᠳᠠᠬᠤᠨ ᠨᠡᠮᠡᠷᠢᠯᠡᠭᠰᠡᠨ ᠪᠠᠶᠢᠨ᠎ᠠ᠂ ᠡᠨᠡ ᠬᠦ ᠰᠢᠨ᠎ᠡ ︽ᠬᠤᠶᠠᠷ | ᠬᠥᠲᠥᠯᠪᠦᠷᠢ︾ ᠳᠤ ᠶᠠᠮᠠᠷ ᠶᠠᠮᠠᠷ ᠰᠢᠨ᠎ᠡ ᠬᠤᠪᠢᠷᠠᠯᠲᠠ ᠪᠠᠶᠢᠬᠤ ᠪᠤᠢ᠂ ᠥᠭᠡᠷ᠎ᠡ ᠪᠠᠷ ᠬᠡᠯᠡᠪᠡᠯ ᠶᠠᠮᠠᠷ ᠶᠠᠮᠠᠷ ᠬᠢᠯᠠᠰ ᠴᠡᠭ ᠪᠠ ᠣᠨᠴᠠᠯᠢᠭ ᠪᠠᠶᠢᠬᠤ ᠪᠣᠶ︖ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠰᠢᠨ᠎ᠡ ᠴᠠᠭ ᠦᠶ᠎ᠡ ᠳᠤ ᠬᠠᠨᠳᠤᠨ᠂ ᠰᠢᠨ᠎ᠡ ᠭᠠᠷᠤᠭ᠎ᠠ ᠳᠤ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ᠂ ᠬᠡᠦᠬᠡᠳ᠂ ᠭᠡᠷ ᠪᠦᠯᠢ ᠶᠢᠨ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠰᠢᠨ᠎ᠡ ︽ᠬᠤᠶᠠᠷ ᠬᠥᠲᠥᠯᠪᠦᠷᠢ︾ | ᠶᠢᠨ ᠪᠠᠷᠢᠮᠵᠢᠶ᠎ᠠ ᠲᠠᠢ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠡᠮᠡᠭᠲᠡᠶᠢᠴᠦᠳ ᠬᠡᠦᠬᠡᠳ ᠤᠳ ᠤᠨ ᠬᠥᠭᠵᠢᠯᠲᠡ ᠶᠢᠨ ᠬᠥᠲᠥᠯᠪᠦᠷᠢ ︵2021 — 2030 ᠣᠨ︶ ᠶᠢ | ᠨᠠᠶᠢᠷᠠᠭᠤᠯᠤᠨ ᠵᠣᠬᠢᠶᠠᠵᠤ᠂ ᠢᠷᠡᠭᠡᠳᠦᠶ ᠶᠢᠨ ᠠᠷᠪᠠᠨ ᠵᠢᠯ ᠤᠨ ᠪᠥᠬᠦ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠳᠤ ᠪᠥᠬᠦ | ᠲᠠᠯ᠎ᠠ ᠶᠢᠨ ᠪᠥᠬᠦ ᠶᠠᠪᠤᠴᠠ ᠶᠢᠨ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠬᠢᠪᠠ᠃ | ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠲᠣᠰ ᠪᠦᠷᠢ 4 ᠬᠡᠰᠡᠭ ᠢᠶᠠᠷ ᠪᠦᠷᠢᠯᠳᠦᠪᠡ᠃ ᠨᠢᠭᠡ ᠳᠤ ︽ᠵᠢᠯᠣᠭᠤᠳᠬᠤ ᠦᠵᠡᠯ | ᠰᠠᠨᠠᠭ᠎ᠠ᠂ ᠦᠨᠳᠦᠰᠦᠨ ᠵᠠᠷᠴᠢᠮ ᠪᠠ ᠶᠡᠷᠦᠩᠬᠡᠶ ᠬᠠᠷᠠᠯᠲᠠ︾︔ ᠬᠤᠶᠠᠷ ᠲᠤ ︽ᠬᠥᠭᠵᠢᠯᠲᠡ ᠶᠢᠨ ᠬᠦᠷᠢᠶ᠎ᠡ᠂ ᠭᠤᠣᠯ ᠬᠠᠷᠠᠯᠲᠠ ᠪᠠ ᠠᠷᠭ᠎ᠠ ᠪᠤᠳᠤᠯᠭ᠎ᠠ ᠶᠢᠨ | ᠠᠷᠭ᠎ᠠ ᠬᠡᠮᠵᠢᠶ᠎ᠡ︾︔ ᠭᠤᠷᠪᠠ ᠳᠤ ︽ᠵᠣᠬᠢᠶᠠᠨ ᠪᠠᠶᠢᠭᠤᠯᠤᠯᠲᠠ ᠬᠡᠷᠡᠭᠵᠢᠭᠦᠯᠦᠯᠲᠡ︾︔ ᠲᠦᠷᠪᠡ ᠳᠤ ︽ᠬᠢᠨᠠᠨ ᠬᠡᠮᠵᠢᠯᠲᠡ ᠦᠨᠡᠯᠡᠯᠲᠡ ᠵᠢᠱᠢᠯᠲᠡ︾ ᠪᠣᠯᠤᠨ᠎ᠠ᠃ | ᠡᠮᠡᠭᠲᠡᠶᠢᠴᠦᠳ ᠤᠨ ᠬᠥᠭᠵᠢᠯᠲᠡ ᠶᠢᠨ ᠬᠦᠲᠦᠯᠪᠦᠷᠢ ᠳᠤ ᠭᠤᠣᠯᠳᠠᠭᠤ ᠡᠮᠡᠭᠲᠡᠶᠢᠴᠦᠳ ᠬᠢᠭᠡᠳ ᠡᠷᠡᠭᠦᠯ ᠮᠡᠨᠳᠤ᠂ ᠰᠤᠷᠭᠠᠨ ᠬᠥᠮᠦᠵᠢᠯ᠂ ᠠᠵᠤ ᠠᠬᠤᠶ᠂ | ᠰᠢᠢᠳᠪᠦᠷᠢᠲᠦ ᠪᠤᠳᠤᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠭᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠭᠦᠴᠡᠯ᠂ ᠬᠠᠤᠯᠢ ᠴᠠᠭᠠᠵᠠ ᠵᠡᠷᠭᠡ 8 | ᠬᠦᠷᠢᠶ᠎ᠡ ᠶᠢᠨ ᠲᠣᠭᠤᠷᠢᠨ ᠳᠤ 81 ᠵᠦᠢᠯ ᠤᠨ ᠭᠤᠣᠯ ᠬᠠᠷᠠᠯᠲᠠ ᠡᠭᠦᠷᠭᠡ ᠪᠠ 97 ᠵᠦᠢᠯ ᠤᠨ ᠠᠷᠭ᠎ᠠ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠶ᠃ | ᠬᠡᠤᠬᠡᠳ ᠤᠨ ᠬᠥᠭᠵᠢᠯᠲᠡ ᠶᠢᠨ ᠬᠥᠲᠥᠯᠪᠦᠷᠢ ᠳᠤ ᠭᠤᠤᠯᠳᠠᠭᠤ ᠬᠡᠤᠬᠡᠳ ᠬᠢᠭᠡᠳ ᠡᠷᠡᠭᠦᠯ ᠮᠡᠨᠳᠦ᠂ ᠠᠮᠤᠷ ᠲᠦᠪᠰᠢᠨ᠂ ᠰᠤᠷᠭᠠᠨ ᠬᠥᠮᠦᠵᠢᠯ᠂ ᠠᠰᠠᠷᠠᠮᠵᠢ᠂ ᠬᠡᠷ | ᠪᠦᠯᠢ᠂ ᠣᠷᠴᠢᠨ ᠨᠥᠭᠦᠴᠡᠯ᠂ ᠬᠠᠤᠯᠢ ᠴᠠᠭᠠᠵᠠ ᠶᠢᠨ ᠬᠠᠮᠠᠭᠠᠯᠠᠯᠲᠠ ᠵᠡᠷᠭᠡ 7 ᠬᠦᠷᠢᠶ᠎ᠡ ᠴᠠᠷᠠᠭ᠎ᠠ ᠶᠢᠨ ᠲᠣᠭᠤᠷᠢᠨ ᠳᠤ 72 ᠵᠦᠢᠯ ᠤᠨ ᠭᠤᠤᠯ ᠬᠠᠷᠠᠯᠲᠠ ᠡᠭᠦᠷᠭᠡ | ᠪᠠ 91 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨ᠎ᠡ ︽ᠬᠤᠶᠠᠷ ᠬᠥᠲᠥᠯᠪᠦᠷᠢ︾ ᠶᠢᠨ ᠲᠣᠭᠲᠠᠯᠴᠠᠭ᠎ᠠ ᠶᠢᠨ ᠪᠦᠷᠢᠨ ᠲᠦᠬᠦᠷ | ᠴᠢᠨᠠᠷ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠦᠷᠭᠦᠯᠵᠢᠯᠡᠯ ᠴᠢᠨᠠᠷ ᠢ ᠢᠯᠡᠷᠡᠭᠦᠯᠪᠡ᠃ | ᠬᠤᠷᠢᠶᠠᠩᠭᠤᠶᠢᠯᠠᠪᠠᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠨᠢ ᠳᠠᠷᠠᠭᠠᠬᠢ ᠮᠡᠲᠦ ᠶᠢᠨ ᠣᠨᠴᠠᠯᠢᠭ ᠪᠠ ᠬᠢᠯᠠᠰ | ᠴᠡᠭ ᠤᠳ ᠲᠠᠢ᠃ | ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠵᠥᠪ ᠴᠢᠭᠯᠡᠯ ᠢ ᠪᠠᠲᠤᠯᠠᠵᠠᠢ᠃ | ᠰᠢᠨ᠎ᠡ ︽ᠬᠤᠶᠠᠷ ᠬᠥᠲᠥᠯᠪᠦᠷᠢ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠡᠮᠡᠭᠲᠡᠶᠢᠴᠦᠳ ᠤᠨ ᠬᠥᠭᠵᠢᠯᠲᠡ ᠶᠢᠨ | ᠵᠠᠮ ᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ ᠬᠥᠭᠵᠢᠯᠲᠡ ᠶᠢᠨ ᠤᠯᠤᠰ ᠲᠥᠷᠥ ᠶᠢᠨ ᠴᠢᠭᠯᠡᠯ ᠢ ᠣᠨᠣᠪᠴᠢᠲᠠᠶ ᠡᠵᠡᠮᠳᠡᠨ᠂ ᠡᠷᠡᠭᠲᠡᠶ | ᠡᠮᠡᠭᠲᠡᠶ ᠡᠷᠬᠡ ᠲᠡᠭᠰᠢ ᠪᠠᠶᠢᠬᠤ᠂ ᠬᠡᠤᠬᠡᠳ ᠢ ᠤᠷᠢᠳ ᠢᠶᠠᠷ ᠪᠣᠳᠤᠯᠬᠢᠯᠠᠬᠤ ᠵᠠᠷᠴᠢᠮ ᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠢ ᠲᠡᠷᠡ ᠬᠡᠪ ᠢᠶᠠᠷ ᠨᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠦᠢᠯᠡᠰ ᠤᠨ | ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠠᠢ᠃ | ᠬᠤᠶᠠᠷ ᠲᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠪᠠ᠃ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠰᠢᠨ᠎ᠡ ︽ᠬᠤᠶᠠᠷ | ᠬᠥᠲᠥᠯᠪᠦᠷᠢ︾ ᠳᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠡᠷ ᠪᠦᠯᠢ ᠶᠢᠨ ᠪᠦᠷᠢᠯᠳᠦᠬᠦᠨ ᠤ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ | ᠦᠢᠯᠡᠳᠦᠯᠭᠡᠵᠢᠭᠦᠯᠬᠦ ᠶᠢ ᠨᠢ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠤᠨ ᠰᠡᠳᠬᠢᠯ ᠳᠤ ᠪᠠᠲᠤ ᠦᠨᠳᠦᠰᠦᠯᠡᠭᠦᠯᠬᠦ ᠶᠢ | ᠠᠬᠢᠭᠤᠯᠬᠤ ᠶᠢ ᠳᠣᠪᠤᠶᠢᠮ᠎ᠠ ᠴᠢᠬᠤᠯᠠᠴᠢᠯᠠᠵᠠᠢ᠃ ︽ᠡᠮᠡᠭᠲᠡᠶᠢᠴᠦᠳ ᠤᠨ ᠬᠥᠲᠥᠯᠪᠦᠷᠢ︾ ᠳᠤ᠂ ᠡᠮᠡᠭᠲᠡᠶᠢᠴᠦᠳ ᠢ ᠦᠵᠡᠯ ᠰᠠᠨᠠᠭ᠎ᠠ ᠤᠯᠤᠰ ᠲᠥᠷᠥ ᠪᠠᠷ | ᠬᠥᠲᠥᠯᠦᠨ ᠳᠠᠭᠠᠭᠤᠯᠬᠤ ᠶᠢ ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠪᠦᠯᠬᠦᠮᠳᠡᠭᠦᠯᠦᠨ ᠨᠠᠮ ᠤᠨ ᠦᠭᠡ ᠶᠢ ᠡᠷᠡᠰ | ᠰᠣᠨᠣᠰᠴᠤ᠂ ᠨᠠᠮ ᠢᠶᠠᠨ ᠡᠭᠦᠷᠢᠳᠡ ᠳᠠᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ︽ᠬᠡᠦᠬᠡᠳ ᠤᠨ ᠬᠥᠲᠥᠯᠪᠦᠷᠢ︾ ᠳᠤ᠂ ᠶᠣᠰᠣ ᠮᠣᠷᠠᠯ ᠢ ᠪᠤᠢ ᠪᠣᠯᠭᠠᠨ ᠬᠥᠮᠦᠨ ᠢ | ᠬᠥᠮᠦᠵᠢᠭᠦᠯᠬᠦ ᠶᠢ ᠪᠠᠷᠢᠮᠲᠠᠯᠠᠵᠤ᠂ ᠬᠡᠦᠬᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠶᠣᠰᠣ ᠮᠣᠷᠠᠯ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠴᠠᠭ ᠦᠶ᠎ᠡ ᠶᠢᠨ ᠰᠢᠨ᠎ᠡ ᠬᠥᠮᠦᠨ ᠢ ᠬᠦᠮᠦᠵᠢᠭᠦᠯᠬᠦ ᠬᠡᠷᠡᠭᠲᠡᠶ ᠭᠡᠵᠦ | ᠴᠢᠬᠤᠯᠠᠴᠢᠯᠠᠵᠠᠶ᠃ | ᠭᠤᠷᠪᠠ ᠳᠤ᠂ ᠠᠷᠠᠳ ᠲᠦᠮᠡᠨ ᠢᠶᠠᠨ ᠳᠡᠭᠡᠳᠦᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠤᠯᠠᠨ᠎ᠠ᠃ ᠰᠢᠨ᠎ᠡ ︽ᠬᠤᠶᠠᠷ ᠬᠥᠲᠥᠯᠪᠦᠷᠢ︾ ᠳᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ᠂ | ᠬᠡᠤᠬᠡᠳ ᠤᠨ ᠭᠤᠤᠯ ᠴᠣᠭᠴᠠ ᠶᠢᠨ ᠪᠠᠶᠢᠷᠢ ᠰᠠᠭᠤᠷᠢ ᠶᠢ ᠬᠦᠨᠳᠦᠳᠬᠡᠵᠦ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠬᠥᠮᠦᠨ ᠤ ᠪᠥᠬᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠶᠠᠪᠤᠳᠠᠯ ᠢᠶᠠᠷ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠡᠬᠢᠯᠡᠯ ᠪᠠ ᠵᠣᠭᠰᠤᠴᠠ ᠪᠣᠯᠭᠠᠵᠤ᠂ ᠡᠷᠡᠭᠦᠯ ᠮᠡᠨᠳᠦ᠂ ᠰᠤᠷᠭᠠᠨ | ᠬᠥᠮᠦᠵᠢᠯ᠂ ᠠᠵᠤ ᠠᠬᠤᠶ᠂ ᠰᠢᠢᠳᠪᠦᠷᠢᠲᠦ ᠪᠣᠳᠣᠯᠭ᠎ᠠ ᠪᠠ ᠬᠠᠮᠢᠶᠠᠷᠤᠯᠲᠠ᠂ ᠨᠡᠶᠢᠭᠡᠮ ᠤᠨ ᠪᠠᠲᠤᠯᠠᠭ᠎ᠠ᠂ ᠬᠡᠷ ᠪᠦᠯᠢ ᠶᠢᠨ ᠪᠠᠶᠢᠭᠤᠯᠤᠯᠲᠠ᠂ ᠣᠷᠴᠢᠨ ᠨᠥᠭᠦᠴᠡᠯ᠂ | ᠠᠮᠤᠷ ᠲᠦᠪᠰᠢᠨ᠂ ᠬᠠᠤᠯᠢ ᠴᠠᠭᠠᠵᠠ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠤᠨ᠂ ᠡᠮᠡᠭᠲᠡᠶᠢᠴᠦᠳ ᠬᠡᠦᠬᠡᠳ ᠤᠳ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠪᠠᠲᠤᠯᠠᠵᠠᠢ᠃ ᠬᠦᠲᠦᠯᠪᠦᠷᠢ ᠳᠤ ᠪᠠᠰᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠬᠢᠭᠡᠳ ᠲᠦᠷᠢᠮ ᠲᠣᠭᠲᠠᠴᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠤᠳᠠ ᠬᠥᠳᠡᠭᠡ᠂ ᠣᠷᠣᠨ ᠪᠦᠰᠡ᠂ ᠬᠠᠮᠲᠤᠯᠢᠭ ᠤᠨ ᠬᠤᠭᠤᠷᠤᠨᠳᠤ ᠡᠮᠡᠭᠲᠡᠶᠢᠴᠦᠳ ᠬᠡᠦᠬᠡᠳ ᠤᠳ ᠢ ᠵᠡᠷᠭᠡᠪᠡᠷ ᠲᠡᠩᠴᠡᠭᠦᠷᠢᠲᠡᠢ | ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠡᠦᠬᠡᠳ ᠢ ᠪᠦᠬᠦ ᠲᠠᠯ᠎ᠠ ᠪᠠᠷ ᠪᠦᠬᠦ ᠶᠠᠪᠤᠴᠠ ᠪᠠᠷ ᠶᠡᠷᠦᠩᠬᠡᠶᠢᠯᠡᠭᠰᠡᠨ ᠬᠠᠮᠠᠭᠠᠯᠠᠬᠤ ᠶᠢ | ᠴᠢᠩᠭᠠᠳᠬᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠳ ᠲᠤ ᠨᠡᠩ ᠢᠯᠡᠭᠦᠦ ᠬᠦᠷᠲᠡᠭᠡᠨ᠎ᠡ ᠭᠡᠵᠦ ᠴᠢᠬᠤᠯᠠᠴᠢᠯᠠᠪᠠ᠃ | | ᠲᠦᠷᠪᠡ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ ᠬᠦᠴᠦᠨ ᠴᠢᠳᠠᠯ ᠢ ᠭᠦᠢᠴᠡᠳ ᠪᠠᠳᠠᠷᠠᠭᠤᠯᠵᠠᠢ᠃ | ᠰᠢᠨ᠎ᠡ ︽ᠬᠤᠶᠠᠷ ᠬᠥᠲᠥᠯᠪᠦᠷᠢ︾ ᠨᠢ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠬᠢᠭᠡᠳ ᠠᠵᠢᠯᠯᠠᠭᠠᠨ ᠤ ᠬᠥᠲᠥᠯᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠬᠠᠯᠬᠠᠪᠴᠢ︾᠂ ︽ᠬᠤᠶᠠᠷ | ᠰᠠᠭᠤᠷᠢᠨ︾ ᠪᠠ ︽ᠨᠢᠭᠡ ᠪᠠᠬᠢᠯᠡᠯᠲᠡ︾ ᠶᠢ ᠪᠦᠳᠦᠬᠡᠨ ᠪᠠᠶᠢᠭᠤᠯᠬᠤ ᠪᠠᠷ ᠭᠤᠣᠯᠳᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ | ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ | ᠪᠦᠳᠦᠬᠡᠨ ᠪᠠᠶᠢᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠬᠦ ᠶᠢ ᠴᠢᠬᠤᠯᠠᠴᠢᠯᠠᠵᠠᠢ᠃ ᠬᠥᠲᠥᠯᠪᠦᠷᠢ ᠳᠤ ᠪᠠᠰᠠ᠂ ᠡᠮᠡᠭᠲᠡᠶᠢᠴᠦᠳ ᠬᠡᠦᠬᠡᠳ ᠤᠳ ᠤᠨ | ᠠᠮᠢ ᠠᠬᠤᠢ ᠶᠢᠨ ᠪᠣᠯᠪᠠᠰᠤᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠭᠰᠠᠨ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠠᠬᠢᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠲᠠᠪᠤ ᠳᠤ᠂ ᠳᠤᠲᠠᠭᠳᠠᠯ ᠲᠠᠯ᠎ᠠ ᠪᠠᠨ ᠨᠥᠬᠦᠪᠥᠷᠢᠯᠡᠬᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠡᠮᠡᠭᠲᠡᠶᠢᠴᠦᠳ ᠬᠡᠦᠬᠡᠳ ᠤᠳ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠠᠢ᠃ ᠰᠢᠨ᠎ᠡ ︽ᠬᠤᠶᠠᠷ ᠬᠥᠲᠥᠯᠪᠦᠷᠢ︾ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ | ᠂ ᠣᠯᠠᠨ ᠲᠦᠮᠡᠨ ᠤ ᠠᠩᠬᠠᠷᠤᠯ ᠪᠠ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ | ᠪᠠ ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠤᠨ᠂ ᠳᠤᠲᠠᠭᠳᠠᠯ ᠲᠠᠯ᠎ᠠ ᠪᠠᠨ ᠨᠥᠬᠦᠪᠦᠷᠢᠯᠡᠵᠦ᠂ ᠬᠦᠴᠦᠷᠬᠡᠭ ᠪᠠᠭᠤᠷᠠᠶ ᠵᠦᠢᠯᠡᠰ ᠤᠨ ᠭᠤᠤᠯᠳᠠᠯᠭ᠎ᠠ ᠲᠠᠢ | ᠡᠭᠦᠷᠭᠡ ᠶᠢ ᠳᠤᠷᠠᠳᠤᠭᠰᠠᠨ ᠮᠥᠷᠲᠡᠭᠡᠨ ᠪᠠᠰᠠ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠭᠤᠤᠯ ᠭᠦᠢᠴᠡᠳᠬᠡᠯ ᠲᠤᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ | ᠰᠢᠨ᠎ᠡ ︽ᠬᠤᠶᠠᠷ ᠬᠥᠲᠥᠯᠪᠦᠷᠢ︾ ᠳᠤ ︽ᠠᠵᠢᠯ ᠣᠯᠭᠤᠯᠲᠠ ᠳᠤ ᠭᠦᠢᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠬᠤ︾ ︽ᠡᠮᠡᠭᠲᠡᠶ ᠴᠢᠳᠠᠪᠤᠷᠢᠲᠠᠳ ᠤᠨ | ᠬᠥᠭᠵᠢᠯᠲᠡ ᠶᠢ ᠠᠬᠢᠭᠤᠯᠬᠤ︾ ᠵᠡᠷᠭᠡ ᠬᠠᠷᠠᠯᠲᠠ ᠶᠢ ᠳᠤᠷᠠᠳᠴᠤ᠂ ᠡᠮᠡᠭᠲᠡᠶᠢᠴᠦᠳ ᠤᠨ ᠬᠥᠲᠥᠯᠪᠦᠷᠢ ᠳᠤ ︽ᠡᠮᠡᠭᠲᠡᠶᠢᠴᠦᠳ ᠬᠢᠭᠡᠳ ᠬᠡᠷ ᠪᠦᠯᠢ ᠶᠢᠨ | ᠪᠠᠶᠢᠭᠤᠯᠤᠯᠲᠠ︾ ᠶᠢ ᠨᠡᠮᠡᠨ ᠣᠷᠣᠭᠤᠯᠵᠤ᠂ ᠬᠡᠤᠬᠡᠳ ᠤᠨ ᠬᠥᠲᠥᠯᠪᠦᠷᠢ ᠳᠤ ︽ᠬᠡᠤᠬᠡᠳ ᠬᠢᠭᠡᠳ ᠬᠡᠷ ᠪᠦᠯᠢ︾ ᠪᠠ ︽ᠬᠡᠤᠬᠡᠳ ᠬᠢᠭᠡᠳ ᠠᠮᠤᠷ ᠲᠦᠪᠰᠢᠨ︾ | ᠵᠡᠷᠭᠡ ᠴᠢᠬᠤᠯᠠ ᠠᠭᠤᠯᠭ᠎ᠠ ᠨᠤᠭᠤᠳ ᠢ ᠨᠡᠮᠡᠪᠡ᠃ ᠤᠯᠤᠰ ᠤᠨ ᠰᠢᠨ᠎ᠡ ︽ᠬᠤᠶᠠᠷ ᠬᠥᠲᠥᠯᠪᠦᠷᠢ︾ ᠲᠠᠢ ᠬᠠᠷᠢᠴᠠᠭᠤᠯᠪᠠᠯ᠂ ᠮᠠᠨ ᠤ ᠣᠷᠣᠨ ᠤ ᠰᠢᠨ᠎ᠡ ︽ᠬᠤᠶᠠᠷ | ᠬᠥᠲᠥᠯᠪᠦᠷᠢ︾ ᠳᠤ ᠮᠡᠰᠡ ᠵᠠᠰᠠᠯ ᠢᠶᠠᠷ ᠬᠥᠩᠭᠡᠵᠢᠭᠦᠯᠬᠦ ᠶᠢ ᠬᠢᠵᠠᠭᠠᠷᠯᠠᠬᠤ᠂ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠵᠤ ᠠᠵᠢᠯ ᠤᠯᠬᠤ᠂ ᠰᠤᠮᠤ ᠰᠢᠶᠠᠩ | ᠪᠠᠯᠭᠠᠰᠤᠨ ᠤ ᠤᠳᠤᠷᠢᠳᠬᠤ ᠪᠠᠭ ᠲᠤ ᠡᠮᠡᠭᠲᠡᠶ ᠺᠠᠳ᠋ᠷ ᠳᠣᠭᠢᠷᠠᠭᠤᠯᠬᠤ᠂ ᠬᠡᠷ ᠪᠦᠯᠢ ᠶᠢᠨ ᠠᠰᠠᠭᠤᠳᠠᠯ ᠤᠨ ᠰᠤᠳᠤᠯᠭᠠᠨ ᠵᠢᠴᠢ ᠴᠢᠳᠠᠪᠤᠷᠢ ᠶᠢᠨ ᠪᠠᠶᠢᠭᠤᠯᠤᠯᠲᠠ᠂ | ᠪᠣᠬᠢᠷᠲᠤᠯ ᠢ ᠭᠠᠳᠠᠭᠰᠢᠯᠠᠭᠤᠯᠬᠤ᠂ ᠬᠤᠭ ᠨᠣᠪᠰᠢ ᠶᠢ ᠲᠥᠷᠥᠯ ᠬᠤᠪᠢᠶᠠᠬᠤ᠂ ᠬᠡᠤᠬᠡᠳ ᠤᠨ ᠠᠮᠠᠨ ᠬᠥᠨᠳᠡᠶ ᠶᠢᠨ ᠡᠷᠡᠭᠦᠯᠵᠢᠯ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ︽ᠬᠤᠶᠠᠷ ᠢ ᠬᠥᠩᠭᠡᠷᠡᠬᠦᠯᠬᠦ︾ ᠵᠡᠷᠭᠡ 8 ᠵᠦᠢᠯ ᠤᠨ ᠭᠦᠢᠴᠡᠳᠬᠡᠯ ᠲᠤᠭ᠎ᠠ ᠶᠢ ᠨᠡᠮᠡᠪᠡ᠃ ᠡᠷᠡᠭᠦᠯ ᠮᠡᠨᠳᠦ᠂ ᠰᠤᠷᠭᠠᠨ ᠬᠥᠮᠦᠵᠢᠯ᠂ ᠨᠡᠶᠢᠭᠡᠮ ᠤᠨ | ᠪᠠᠲᠤᠯᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶ᠎ᠡ ᠴᠠᠷᠠᠭ᠎ᠠ ᠳᠤ ᠬᠤᠯᠪᠤᠭᠳᠠᠭᠤᠯᠤᠨ᠂ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠥᠪᠡᠷᠲᠡᠭᠡᠨ ᠵᠠᠰᠠᠬᠤ ᠣᠷᠣᠨ ᠡᠮᠡᠭᠲᠡᠶᠢᠴᠦᠳ ᠬᠡᠤᠬᠡᠳ ᠤᠳ ᠢ | ᠴᠢᠬᠤᠯᠠᠴᠢᠯᠠᠨ ᠬᠠᠯᠠᠮᠵᠢᠯᠠᠵᠤ ᠪᠠᠶᠢᠬᠤ ᠶᠢ ᠢᠯᠡᠷᠡᠭᠦᠯᠵᠦ᠂ ᠬᠥᠭᠵᠢᠯᠲᠡ ᠶᠢᠨ ᠲᠠᠯ᠎ᠠ ᠪᠠᠷ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ ᠪᠠᠶᠢᠨ᠎ᠠ᠃ | ᠬᠥᠲᠥᠯᠥᠭᠴᠢ | ᠭᠦᠸᠧ ᠲᠡᠷᠢᠭᠦᠯᠡᠭᠴᠢ ᠡ᠂ ᠲᠠᠨ ᠤ ᠢᠩᠭᠢᠵᠦ ᠬᠡᠯᠡᠬᠦ ᠶᠢ ᠰᠣᠨᠣᠰᠤᠭᠠᠳ᠂ ᠡᠨᠡ ᠬᠦ ᠰᠢᠨ᠎ᠡ ︽ᠬᠤᠶᠠᠷ ᠬᠥᠲᠥᠯᠪᠦᠷᠢ︾ ᠨᠢ ᠡᠮᠡᠭᠲᠡᠶᠢᠴᠦᠳ | ᠬᠡᠦᠬᠡᠳ ᠤᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽ᠰᠠᠶᠢᠨ ᠵᠣᠷ︾ ᠪᠣᠯᠬᠤ ᠪᠠᠷ ᠪᠠᠷᠠᠬᠤ ᠥᠬᠡᠶ᠂ ᠪᠠᠰᠠ ︽ᠪᠠᠷᠢᠯᠭ᠎ᠠ ᠶᠢᠨ ᠵᠢᠷᠤᠭ︾᠂ ᠨᠠᠩ | ᠴᠤ ︽ᠠᠵᠢᠯᠯᠠᠭᠠᠨ ᠤ ᠵᠦᠭᠯᠡᠭᠦᠷ︾ ᠪᠣᠯᠤᠨ᠎ᠠ ᠭᠡᠳᠡᠭ ᠢ ᠮᠡᠳᠡᠯ᠎ᠡ᠂ ᠡᠨᠡ ᠴᠢᠨᠢ ᠬᠥᠮᠦᠰ ᠤᠨ ᠬᠦᠰᠡᠯ ᠡᠷᠡᠮᠡᠯᠵᠡᠯ ᠢ ᠶᠡᠬᠡᠳᠡ ᠲᠠᠲᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ | ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠭᠦᠸᠧ ᠵᠢᠩ ᠯᠢ | ᠶᠠᠭ ᠲᠡᠶᠢᠮᠦ ᠡ᠂ ᠵᠢᠷᠤᠭ ᠲᠥᠯᠥᠪᠯᠡᠭᠡ ᠶᠢ ᠨᠢᠭᠡᠨᠲᠡ ᠵᠢᠷᠤᠭᠯᠠᠪᠠ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠥᠲᠥᠯᠪᠦᠷᠢ ᠶᠢ ᠡᠮᠡᠭᠲᠡᠶᠢᠴᠦᠳ | ᠬᠡᠦᠬᠡᠳ ᠲᠤ ᠠᠰᠢᠭ ᠬᠦᠷᠲᠡᠭᠡᠬᠦ ᠪᠤᠶᠠᠨ ᠵᠢᠷᠭᠠᠯ ᠪᠣᠯᠭᠠᠨ ᠬᠤᠪᠢᠷᠠᠭᠤᠯᠬᠤ ᠳᠤ ᠪᠠᠰᠠ ᠡᠯ᠎ᠡ ᠱᠠᠲᠤᠨ ᠤ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ | ᠱᠠᠭᠠᠷᠳᠠᠭᠳᠠᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠨᠢ ᠨᠠᠮ ᠤᠨ | ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠬᠠᠷᠢᠭᠤᠴᠠᠬᠤ᠂ ᠡᠮᠡᠭᠲᠡᠶᠢᠴᠦᠳ ᠬᠡᠦᠬᠡᠳ ᠤᠳ ᠤᠨ ᠠᠵᠢᠯ ᠤᠨ ᠵᠥᠪᠯᠡᠯ ᠵᠣᠬᠢᠴᠠᠭᠤᠯᠬᠤ᠂ ᠡᠯ᠎ᠡ | ᠰᠠᠯᠠᠭ᠎ᠠ ᠮᠥᠴᠢᠷ ᠤᠳ ᠬᠠᠮᠲᠤᠷᠠᠯᠴᠠᠬᠤ᠂ ᠪᠦᠬᠦ ᠨᠡᠶᠢᠭᠡᠮ ᠢᠶᠠᠷ ᠢᠶᠠᠨ ᠣᠷᠤᠯᠴᠠᠭᠰᠠᠨ ᠬᠥᠲᠥᠯᠪᠦᠷᠢ ᠶᠢ ᠬᠡᠷᠡᠭᠵᠢᠭᠦᠯᠬᠦ ᠠᠵᠢᠯ ᠤᠨ ᠲᠣᠭᠲᠠᠴᠠ ᠶᠢ ᠴᠢᠨᠠᠭᠰᠢᠳᠠ | ᠪᠦᠷᠢᠨᠰᠢᠭᠦᠯᠦᠨ ᠨᠠᠶᠢᠳᠠᠪᠤᠷᠢᠵᠢᠭᠤᠯᠤᠨ᠎ᠠ᠃ ᠣᠨ ᠤ ᠬᠠᠷᠠᠯᠲᠠ ᠡᠭᠦᠷᠭᠡ ᠶᠢ ᠨᠠᠷᠢᠯᠢᠬᠵᠢᠭᠤᠯᠵᠤ᠂ ᠤᠬᠠᠭᠤᠯᠭ᠎ᠠ ᠪᠣᠯᠪᠠᠰᠤᠷᠠᠯ ᠢ ᠴᠢᠩᠭᠠᠳᠬᠠᠵᠤ᠂ ᠨᠠᠷᠢᠨ ᠬᠢᠨᠠᠮᠠᠭᠠᠶ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠡᠭᠲᠡᠶᠢᠴᠦᠳ ᠬᠡᠦᠬᠡᠳ ᠤᠳ ᠤᠨ ᠠᠵᠢᠯ ᠦᠢᠯᠡᠰ ᠢ ᠠᠵᠤ ᠠᠬᠤᠶ ᠨᠡᠶᠢᠭᠡᠮ ᠯᠦᠭᠡ ᠵᠡᠷᠭᠡᠪᠡᠷ ᠴᠢᠨᠠᠷ ᠰᠠᠶᠢᠲᠠᠶ | ᠬᠥᠭᠵᠢᠭᠦᠯᠬᠦ ᠶᠢ ᠠᠬᠢᠭᠤᠯᠤᠨ᠂ ᠡᠮᠡᠭᠲᠡᠶᠢᠴᠦᠳ ᠤᠨ ᠪᠥᠬᠦ ᠲᠠᠯ᠎ᠠ ᠪᠠᠷ ᠬᠥᠭᠵᠢᠬᠦ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ | ᠨᠥᠭᠦᠴᠡᠯ ᠢ ᠪᠣᠶ ᠪᠣᠯᠭᠠᠨ ᠥᠭᠴᠦ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠳ ᠤᠨ ᠠᠵᠢᠯ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ | ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ | ᠬᠥᠲᠥᠯᠥᠭᠴᠢ | ᠵᠠ᠂ ᠭᠦᠸᠧ ᠲᠡᠷᠢᠭᠦᠯᠡᠭᠴᠢ ᠪᠢᠳᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ︽ᠬᠤᠶᠠᠷ ᠬᠥᠲᠥᠯᠪᠦᠷᠢ︾ ᠶᠢᠨ ᠲᠤᠬᠠᠶ ᠨᠠᠷᠢᠨ | ᠲᠠᠶᠢᠯᠤᠮᠵᠢ ᠬᠢᠵᠦ ᠥᠭᠭᠦᠭᠰᠡᠨ ᠳᠤ ᠮᠠᠰᠢ ᠲᠠᠯᠠᠷᠬᠠᠵᠤ ᠪᠠᠶᠢᠨ᠎ᠠ᠃ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ | ᠳᠤ ᠠᠩᠬᠠᠷᠤᠯ ᠲᠠᠯᠪᠢᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠠᠳᠡ ᠬᠦᠷᠦᠭᠡᠳ ᠲᠡᠭᠦᠰᠪᠡ᠂ | ᠲᠠᠷᠠᠭᠠᠴᠢ ᠶᠢᠨ ᠬᠤᠭᠤᠴᠠᠭᠠᠨ ᠳᠤ ᠳᠠᠬᠢᠭᠠᠳ ᠠᠭᠤᠯᠵᠠᠶ᠎ᠠ︕ | | |