ᠲᠥᠪ ᠪᠠᠩᠬᠢ ᠬᠦᠦ ᠮᠥᠩᠭᠦ ᠶᠢ ᠪᠠᠭᠤᠷᠠᠭᠤᠯᠬᠤ ᠪᠠᠷ ᠵᠠᠷᠯᠠᠪᠠ
ᠨᠡᠶᠢᠲᠡᠯᠡᠭᠰᠡᠨ ᠴᠠᠭ᠄
2022/8/25
                  ᠳᠤᠮᠳᠠᠳᠤ ᠤᠯᠤᠰ ᠤᠨ ᠠᠷᠠᠳ ᠤᠨ ᠪᠠᠩᠬᠢ ᠠᠴᠠ ᠪᠥᠬᠦ ᠤᠯᠤᠰ ᠤᠨ ᠪᠠᠩᠬᠢ ᠶᠢᠨ ᠬᠤᠭᠤᠷᠣᠨᠳᠣᠬᠢ ᠠᠵᠢᠯ ᠨᠢᠭᠡᠲᠡᠨ ᠤ ᠲᠦᠷ ᠵᠢᠭᠡᠯᠡᠯᠭᠡ ᠶᠢᠨ ᠲᠥᠪ ᠲᠤ ᠡᠷᠬᠡ ᠣᠯᠭᠤᠵᠤ ᠨᠡᠶᠢᠲᠡᠯᠡᠭᠰᠡᠨ ᠨᠢ᠂  2022 ᠣᠨ ᠤ 8 ᠰᠠᠷ᠎ᠠ ᠶᠢᠨ 22 ᠤᠨ ᠡᠳᠦᠷ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠨᠢ᠄ 1 ᠵᠢᠯ ᠤᠨ ᠬᠤᠭᠤᠴᠠᠭ᠎ᠠ ᠲᠠᠢ LPR 3 . 65 %᠂ 5 ᠵᠢᠯ ᠤᠨ ᠬᠤᠭᠤᠴᠠᠭ᠎ᠠ ᠲᠠᠢ LPR  4.3 %᠃ ᠳᠡᠭᠡᠷᠡᠬᠢ LPR ᠨᠢ ᠳᠠᠷᠠᠭ᠎ᠠ ᠤᠳᠠᠭ᠎ᠠ ᠶᠢᠨ LPR ᠨᠡᠶᠢᠲᠡᠯᠡᠬᠦ ᠠᠴᠠ ᠡᠮᠦᠨ᠎ᠡ ᠬᠦᠴᠦᠨ ᠲᠠᠢ ᠭᠡᠵᠡᠢ᠃                  2022 ᠣᠨ ᠤ 7 ᠰᠠᠷ᠎ᠠ ᠶᠢᠨ 20 ᠤ ᠡᠳᠦᠷ ᠤᠨ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠨᠢ᠄ 1 ᠵᠢᠯ ᠤᠨ ᠬᠤᠭᠤᠴᠠᠭ᠎ᠠ ᠲᠠᠢ LPR 3.7 %᠂ 5  ᠵᠢᠯ ᠤᠨ ᠬᠤᠭᠤᠴᠠᠭ᠎ᠠ ᠲᠠᠢ LPR 4. 45 % ᠪᠣᠯᠤᠨ᠎ᠠ᠃                  ︽ᠬᠦᠦ ᠮᠥᠩᠭᠦ ᠶᠢ ᠪᠠᠭᠤᠷᠠᠭᠤᠯᠬᠤ ᠨᠢ ᠪᠠᠩᠬᠢ ᠶᠢᠨ ᠣᠷᠣᠨ ᠰᠠᠭᠤᠴᠠ ᠶᠢᠨ ᠵᠢᠭᠡᠯᠡᠯᠭᠡ ᠳᠤ ᠴᠢᠬᠤᠯᠠ ᠢᠳᠡᠪᠬᠢᠲᠡᠶ ᠨᠥᠯᠥᠭᠡ ᠦᠵᠡᠭᠦᠯᠬᠦ ᠶᠤᠮ᠃ LPR ᠬᠦᠦ  ᠮᠥᠩᠭᠦ ᠶᠢ ᠪᠠᠭᠤᠷᠠᠭᠤᠯᠬᠤ ᠪᠠ ᠪᠠᠩᠬᠢ ᠶᠢᠨ ᠵᠢᠭᠡᠯᠡᠯᠭᠡ ᠶᠢᠨ ᠳᠤᠤᠷᠠᠳᠤ ᠬᠢᠵᠠᠭᠠᠷ ᠢ ᠪᠠᠭᠤᠷᠠᠭᠤᠯᠬᠤ ᠶᠢ ᠳᠠᠭᠠᠯᠳᠤᠨ᠂ ᠣᠷᠣᠨ ᠰᠠᠭᠤᠴᠠ ᠶᠢᠨ ᠵᠢᠭᠡᠯᠡᠯᠭᠡ ᠶᠢᠨ ᠥᠪᠡᠷ ᠤᠨ ᠥᠷᠲᠡᠭ ᠲᠠᠰᠤᠷᠠᠯᠲᠠ ᠥᠬᠡᠶ ᠪᠠᠭᠤᠷᠠᠵᠤ ᠪᠠᠶᠢᠨ᠎ᠠ᠃ 5 ᠵᠢᠯ ᠤᠨ ᠬᠤᠭᠤᠴᠠᠭ᠎ᠠ ᠠᠴᠠ ᠳᠡᠭᠡᠭᠰᠢ LPR ᠰᠠᠭᠤᠷᠢ ᠴᠡᠭ ᠢᠶᠠᠨ 15 ᠪᠠᠭᠤᠷᠠᠭᠤᠯᠵᠤ᠂  ᠡᠯ᠎ᠡ ᠭᠠᠵᠠᠷ ᠤᠨ  ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠣᠷᠣᠨ ᠵᠠᠶ ᠶᠢ ᠦᠷᠭᠦᠯᠵᠢᠯᠡᠨ ᠨᠡᠮᠡᠭᠳᠡᠭᠦᠯᠵᠦ᠂ ᠬᠡᠷ ᠪᠠᠶᠢᠰᠢᠩ ᠬᠤᠳᠠᠯᠳᠤᠨ ᠠᠪᠬᠤ ᠪᠠ ᠰᠠᠷ᠎ᠠ ᠶᠢᠨ ᠬᠠᠩᠭᠠᠯᠭ᠎ᠠ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠶᠢ ᠠᠬᠢᠭᠤᠯᠬᠤ ᠪᠣᠯᠤᠨ᠎ᠠ᠃                    ᠪᠸᠢ ᠺᠧ ᠶᠢᠨ ᠰᠤᠳᠤᠯᠭᠠᠨ ᠤ ᠬᠦᠷᠢᠶᠡᠯᠡᠩ ᠤᠨ ᠵᠠᠬ᠎ᠠ ᠳᠡᠯᠭᠡᠭᠦᠷ ᠤᠨ ᠵᠠᠳᠠᠯᠤᠭᠴᠢ ᠯᠢᠦ ᠯᠢ ᠵᠢᠶᠧ ᠳᠤᠷᠠᠳᠤᠭᠰᠠᠨ ᠨᠢ᠂ ᠠᠩᠬᠠᠨ ᠤ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠤᠤᠷᠠᠳᠤ ᠬᠢᠵᠠᠭᠠᠷ ᠢ 4.1 % ᠪᠣᠯᠭᠠᠨ ᠳᠣᠭᠢᠷᠠᠭᠤᠯᠵᠤ᠂ ᠬᠤᠶᠠᠳᠠᠬᠢ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ 4.9 % ᠪᠣᠯᠭᠠᠨ ᠪᠠᠭᠤᠷᠠᠭᠤᠯᠵᠤ᠂ ᠰᠡᠭᠦᠯᠴᠢ ᠶᠢᠨ ᠬᠤᠭᠤᠴᠠᠭᠠᠨ ᠳᠤ ᠪᠠᠩᠬᠢ ᠶᠢᠨ ᠠᠩᠬᠠᠨ ᠤ ᠢᠵᠢ᠂ ᠬᠤᠶᠠᠳᠠᠬᠢ ᠢᠵᠢ ᠣᠷᠣᠨ ᠰᠠᠭᠤᠴᠠ ᠶᠢᠨ  ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠣᠷᠣᠨ ᠵᠠᠶ ᠶᠢ ᠳᠠᠬᠢᠨ ᠥᠷᠭᠡᠳᠬᠡᠨ᠎ᠡ᠃ ᠵᠢᠱᠢᠶᠡᠯᠡᠪᠡᠯ᠂ ᠬᠤᠳᠠᠯᠳᠤᠭᠠᠨ ᠤ ᠵᠢᠭᠡᠯᠡᠯᠭᠡ ᠶᠢᠨ ᠲᠤᠭ᠎ᠠ ᠬᠡᠮᠵᠢᠶ᠎ᠡ ᠨᠢ 100 ᠲᠦᠮᠡᠨ ᠲᠥᠭᠦᠷᠢᠭ᠂ 30 ᠵᠢᠯ᠂ ᠲᠡᠩᠴᠡᠭᠦᠦ ᠲᠣᠭᠠᠨ ᠤ ᠡᠬᠡ ᠬᠦᠦ ᠮᠥᠩᠭᠦ ᠪᠤᠴᠠᠭᠠᠬᠤ ᠠᠷᠭ᠎ᠠ ᠮᠠᠶ᠋ᠢᠭ ᠢᠶᠠᠷ ᠪᠤᠳᠤᠪᠠᠯ᠂ ᠲᠣᠰ ᠤᠳᠠᠭ᠎ᠠ ᠶᠢᠨ  LPR ᠨᠢ 15 ᠰᠠᠭᠤᠷᠢ ᠴᠡᠭ ᠪᠠᠭᠤᠷᠠᠵᠤ᠂ ᠰᠠᠷ᠎ᠠ ᠶᠢᠨ ᠬᠠᠩᠭᠠᠯᠭ᠎ᠠ ᠨᠢ ᠪᠠᠷᠤᠭ 88 ᠲᠥᠭᠦᠷᠢᠭ ᠬᠠᠰᠤᠭᠳᠠᠵᠤ᠂  30 ᠵᠢᠯ ᠤᠨ ᠬᠠᠩᠭᠠᠯᠭ᠎ᠠ ᠨᠢ ᠪᠠᠷᠤᠭ 3 ᠲᠦᠮᠡᠨ ᠲᠥᠭᠦᠷᠢᠭ ᠬᠠᠰᠤᠭᠳᠠᠬᠤ ᠪᠣᠯᠤᠨ᠎ᠠ ᠭᠡᠪᠡ᠃                    ᠭᠡᠪᠡᠴᠦ᠂ ᠯᠢ ᠢᠦᠶ ᠵᠢᠶᠠ ᠪᠠᠰᠠ ᠵᠢᠭᠠᠵᠤ ᠭᠠᠷᠭᠠᠭᠰᠠᠨ ᠨᠢ᠂  ᠭᠠᠵᠠᠷ ᠰᠢᠷᠣᠶ ᠶᠢᠨ ᠬᠥᠷᠥᠩᠭᠡ ᠶᠢᠨ ᠬᠡᠷᠡᠭᠯᠡᠭᠡ ᠶᠢ ᠲᠣᠭᠲᠠᠪᠤᠷᠢᠵᠢᠭᠤᠯᠬᠤ ᠳᠤ ᠪᠠᠰᠠ ᠰᠠᠭᠤᠭᠠᠯᠢ ᠠᠷᠠᠳ ᠤᠨ ᠣᠷᠣᠯᠭ᠎ᠠ ᠶᠢᠨ ᠲᠠᠯ᠎ᠠ ᠳᠤ ᠬᠦᠴᠦ ᠲᠠᠯᠪᠢᠬᠤ ᠬᠡᠷᠡᠭᠲᠡᠶ᠂  ᠡᠭᠦᠨ ᠤ ᠤᠯᠠᠮ ᠠᠴᠠ ᠣᠯᠠᠨ ᠤ ᠬᠡᠷ ᠪᠠᠶᠢᠰᠢᠩ ᠬᠤᠳᠠᠯᠳᠤᠨ ᠠᠪᠬᠤ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ ᠭᠡᠯ᠎ᠡ᠃       
ᠢᠷᠡᠯᠲᠡ᠄ ᠠᠷᠠᠳ ᠤᠨ ᠰᠦᠯᠵᠢᠶ᠎ᠡ