| | 8 ᠰᠠᠷ᠎ᠠ ᠶᠢᠨ 19 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠡᠯᠡᠬᠡᠶ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | | ᠰᠢ ᠶᠢᠨ ᠫᠢᠩ᠄ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ | ᠨᠢᠭᠲᠠ ᠬᠤᠯᠪᠣᠯᠳᠤᠵᠤ᠂ ᠠᠵᠢᠯ ᠣᠯᠭᠤᠬᠤ ᠦᠢᠯᠡᠰ ᠪᠤᠰᠬᠠᠬᠤ ᠶᠢ ᠠᠬᠢᠭᠤᠯᠬᠤ᠂ ᠠᠵᠤ ᠠᠬᠤᠢ ᠨᠡᠶᠢᠭᠡᠮ ᠤᠨ | ᠬᠥᠭᠵᠢᠯᠲᠡ ᠳᠤ ᠬᠦᠴᠦᠨ ᠨᠡᠮᠡᠷᠢᠯᠡᠬᠦ ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠳᠤᠮᠳᠠᠳᠤ ᠤᠯᠤᠰ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠳᠤᠮᠳᠠᠳᠤ ᠭᠠᠳᠠᠭᠠᠳᠤ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠳᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ | ᠤᠯᠤᠰ ᠲᠠᠢ ᠬᠠᠮᠲᠤ ᠪᠠᠷ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ᠂ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠭᠠᠷ | ᠬᠤᠯᠪᠣᠨ ᠨᠠᠶᠢᠳᠠᠪᠤᠷᠢᠵᠢᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ 2030 ᠣᠨ ᠤ | ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ ᠴᠢᠳᠠᠯ ᠢᠶᠠᠨ | ᠡᠷᠭᠦᠨ᠎ᠡ ᠭᠡᠵᠦ ᠵᠢᠭᠠᠵᠤ ᠭᠠᠷᠭᠠᠪᠠ᠃ | ᠳᠡᠯᠡᠬᠡᠶ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠡᠭᠡ ᠬᠤᠷᠠᠯ ᠲᠤᠬᠠᠶ ᠶᠢᠨ | ᠡᠳᠦᠷ ᠲᠢᠶᠠᠨᠵᠢᠨ ᠳᠤ ᠡᠬᠢᠯᠡᠪᠡ᠃ ᠬᠤᠷᠠᠯ ᠨᠢ ︽ᠬᠢᠵᠢᠭ ᠤᠨ ᠳᠠᠷᠠᠭᠠᠬᠢ ᠴᠠᠭ ᠦᠶ᠎ᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠥᠭᠵᠢᠯᠲᠡ᠄ ᠰᠢᠨ᠎ᠡ ᠬᠤᠪᠢᠷᠠᠯᠲᠠ᠂ ᠰᠢᠨ᠎ᠡ ᠠᠷᠭ᠎ᠠ ᠬᠡᠯᠪᠡᠷᠢ᠂ ᠰᠢᠨ᠎ᠡ ᠤᠷ᠎ᠠ ᠴᠢᠳᠠᠪᠤᠷᠢ︾ | ᠪᠠᠷ ᠭᠤᠤᠯ ᠰᠡᠳᠦᠪ ᠢᠶᠠᠨ ᠪᠤᠯᠭᠠᠵᠤ᠂ ᠰᠤᠷᠭᠠᠨ ᠬᠥᠮᠦᠵᠢᠯ ᠤᠨ ᠶᠠᠮᠤᠨ᠂ ᠲᠢᠶᠠᠨᠵᠢᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠮᠲᠤ ᠪᠠᠷ ᠭᠤᠤᠯᠯᠠᠨ ᠡᠷᠭᠢᠯᠡᠪᠡ᠃ | | | |