| ᠣᠶᠢᠷ᠎ᠡ ᠳᠤ᠂ ᠪᠤᠰᠤᠳ ᠤᠨ ᠡᠷᠳᠡᠮ ᠰᠢᠨᠵᠢᠯᠡᠬᠡᠨ ᠤ ᠦᠷ᠎ᠡ ᠪᠦᠳᠦᠬᠡᠯ ᠢ ᠬᠠᠭᠤᠯᠤᠬᠰᠠᠨ ᠭᠡᠷᠡᠭ ᠰᠢᠶᠠᠮᠧᠨ | ᠬᠤᠳᠠ ᠳᠤ ᠭᠠᠷᠣᠯ᠎ᠠ᠃ ᠰᠢᠶᠠᠮᠧᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠳᠡᠭᠡᠳᠦ | ᠰᠤᠷᠭᠠᠭᠤᠯᠢ ᠶᠢᠨ ᠪᠠᠶᠢᠴᠠᠭᠠᠨ ᠲᠣᠳᠣᠯᠠᠭᠰᠠᠨ ᠢᠶᠠᠷ᠂ ᠳᠣᠰ ᠰᠤᠷᠭᠠᠭᠤᠯᠢ ᠶᠢᠨ ᠴᠠᠬᠢᠯᠭᠠᠨ ᠤ ᠢᠨᠵᠧᠨᠧᠷᠢᠩ ᠪᠠ | ᠠᠦ᠋ᠲ᠋ᠣᠴᠢᠯᠠᠯᠲᠠ ᠶᠢᠨ ᠳᠡᠭᠡᠳᠦ ᠰᠤᠷᠭᠠᠭᠤᠯᠢ ᠶᠢᠨ ᠰᠤᠳᠤᠯᠬᠤ ᠰᠤᠷᠤᠭᠴᠢ ᠯᠢ ᡁᠢ ᠰᠢᠶᠦ᠋ᠨ ᠤ ᠴᠣᠯᠠ ᠬᠠᠮᠠᠭᠠᠯᠠᠬᠤ | ᠥᠭᠦᠯᠡᠯ ᠨᠢ ᠪᠤᠰᠤᠳ ᠤᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠬᠠᠭᠤᠯᠤᠭᠰᠠᠨ ᠡᠷᠳᠡᠮ ᠰᠢᠨᠵᠢᠯᠡᠭᠡᠨ ᠤ | ᠲᠥᠪ ᠪᠤᠰᠤ ᠦᠶᠯᠡ ᠠᠵᠢᠯᠯᠠᠭ᠎ᠠ ᠪᠤᠯᠬᠤ ᠶᠢ ᠪᠠᠶᠢᠴᠠᠭᠠᠨ ᠳᠣᠳᠣᠯᠠᠬᠰᠠᠨ ᠪᠠᠶᠢᠨ᠎ᠠ᠃ | ᠰᠢᠶᠠᠮᠧᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ | ᠬᠢᠨ ᠬᠠᠮᠢᠶᠠᠲᠠᠢ ᠲᠣᠭᠲᠠᠭᠠᠯ ᠢ ᠦᠨᠳᠦᠰᠦᠯᠡᠵᠦ᠂ ᠰᠤᠳᠤᠯᠬᠤ ᠰᠤᠷᠤᠭᠴᠢ ᠯᠢ ᡁᠢ ᠰᠢᠶᠦ᠋ᠨ ᠤ ᠴᠣᠯᠠ ᠬᠠᠮᠠᠭᠠᠯᠠᠬᠤ | ᠶᠢ ᠬᠦᠴᠦᠨ ᠦᠭᠡᠢ ᠪᠣᠯᠭᠠᠬᠤ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢ ᠲᠥᠷᠥ ᠶᠢᠨ ᠶᠠᠪᠤᠳᠠᠯ ᠤᠨ | ᠬᠤᠷᠢᠶᠠᠨ ᠤ ᠡᠷᠳᠡᠮ ᠤᠨ ᠴᠣᠯᠠ ᠬᠠᠮᠠᠭᠠᠯᠠᠬᠤ ᠠᠵᠢᠯ ᠬᠠᠷᠢᠭᠤᠴᠠᠭᠰᠠᠨ ᠠᠯᠪᠠᠨ ᠭᠡᠷ ᠲᠤ ᠮᠡᠳᠡᠭᠦᠯᠵᠦ | ᠳᠠᠩᠰᠠᠯᠠᠭᠤᠯᠬᠤ ᠪᠠᠷ ᠲᠣᠭᠲᠠᠪᠠ᠃ | ᠡᠭᠦᠨ ᠠᠴᠠ ᠭᠠᠳᠠᠨ᠎ᠠ᠂ 2020 ᠣᠨ ᠤ 12 ᠳ᠋ᠤᠭᠠᠷ ᠰᠠᠷ᠎ᠠ ᠳᠤ ᠳᠤᠮᠳᠠᠳᠤ ᠤᠯᠤᠰ ᠤᠨ ᠠᠭᠤᠷᠬᠠᠢ ᠶᠢᠨ | ᠦᠢᠯᠡᠰ ᠤᠨ ᠶᠡᠭᠡ ᠰᠤᠷᠭᠠᠭᠤᠯᠢ ᠶᠢᠨ ᠰᠤᠳᠤᠯᠬᠤ ᠰᠤᠷᠤᠭᠴᠢ ᠯᠢᠦ ᠶᠦᠩ ᠴᠣᠯᠠ ᠬᠠᠮᠠᠭᠠᠯᠠᠬᠤ | ᠥᠭᠦᠯᠡᠯ ᠪᠢᠴᠢᠬᠦ ᠳᠡᠭᠡᠨ ᠪᠠᠰᠠ ᠪᠤᠰᠤᠳ ᠤᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠬᠠᠭᠤᠯᠤᠭᠰᠠᠨ ᠪᠠᠶᠢᠨ᠎ᠠ᠃ | ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ᠶᠢᠨ ᠬᠢᠨ ᠡᠷᠳᠡᠮ ᠤᠨ ᠴᠣᠯᠠ ᠶᠢ | ᠰᠢᠯᠭᠠᠨ ᠲᠣᠭᠲᠠᠭᠠᠬᠤ ᠬᠠᠮᠢᠶᠠᠲᠠᠢ ᠲᠣᠭᠲᠠᠭᠠᠯ ᠢ ᠦᠨᠳᠦᠰᠦᠯᠡᠵᠦ᠂ ᠰᠤᠳᠤᠯᠬᠤ ᠰᠤᠷᠤᠭᠴᠢ ᠯᠢᠦ ᠶᠦᠩ ᠤᠨ | ᠡᠷᠳᠡᠮ ᠤᠨ ᠴᠣᠯᠠ ᠶᠢ ᠬᠦᠴᠦᠨ ᠦᠭᠡᠢ ᠪᠤᠯᠭᠠᠬᠤ ᠪᠠᠷ ᠲᠣᠭᠲᠠᠭᠰᠠᠨ ᠪᠠᠶᠢᠨ᠎ᠠ᠃ | ᠄ | | |