| ᠣᠶᠢᠷ᠎ᠠ ᠳᠤ᠂ ︽ᠡᠩ ᠤᠨ ᠳᠡᠭᠡᠳᠦ ᠰᠤᠷᠭᠠᠭᠤᠯᠢ ᠶᠢᠨ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠤᠷᠭᠠᠨ ᠬᠥᠮᠦᠵᠢᠯ ᠤᠨ ᠶᠠᠮᠤᠨ | ᠵᠡᠷᠭᠡ ᠲᠠᠪᠤᠨ ᠰᠠᠯᠠᠭ᠎ᠠ ᠮᠥᠴᠢᠷ ᠤᠨ ᠰᠠᠨᠠᠯ ᠤᠳ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ | ᠵᠢᠩᠬᠢᠨᠢ ᠪᠠᠷ ᠳᠠᠷᠤᠮᠠᠯᠯᠠᠨ ᠲᠠᠷᠬᠠᠭᠠᠪᠠ᠃ ᠰᠤᠷᠭᠠᠨ ᠬᠥᠮᠦᠵᠢᠯ ᠤᠨ ᠶᠠᠮᠤᠨ ᠤ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠵᠤᠷᠭᠠᠨ ᠤ ᠬᠠᠷᠢᠭᠤᠴᠠᠯᠭᠠᠲᠠᠨ ︽ᠰᠠᠨᠠᠯ︾ ᠳᠤ ᠬᠤᠯᠪᠤᠭᠳᠠᠬᠤ ᠪᠠᠶᠢᠳᠠᠯ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠬᠠᠮᠲᠤ ᠳᠤ ᠪᠠᠨ ᠦᠵᠡᠵᠡᠭᠡᠶ᠎ᠡ︕ | 1 . ︽ᠰᠠᠨᠠᠯ︾ ᠢ ᠨᠡᠶᠢᠲᠡᠯᠡᠭᠰᠡᠨ ᠭᠤᠤᠯ ᠠᠬᠤᠶ ᠪᠠᠶᠢᠳᠠᠯ ᠨᠢ ᠶᠠᠭᠤ ᠪᠣᠶ︖ | 2013 ᠣᠨ ᠳᠤ ᠲᠣᠮᠤ ᠬᠡᠪᠴᠢᠶᠡᠨ ᠤ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠢᠶᠠᠷ ᠲᠥᠯᠥᠭᠡᠯᠡᠭᠦᠯᠦᠭᠰᠡᠨ | ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠨᠢ ᠮᠠᠨ ᠤ ᠤᠯᠤᠰ ᠤᠨ ᠳᠡᠭᠡᠳᠦ ᠰᠤᠷᠭᠠᠭᠤᠯᠢ ᠳᠤ ᠪᠣᠶ | ᠪᠣᠯᠤᠭᠰᠠᠨ ᠠᠴᠠ ᠨᠠᠭᠠᠰᠢ᠂ ᠰᠤᠷᠭᠠᠨ ᠬᠥᠮᠦᠵᠢᠯ ᠤᠨ ᠶᠠᠮᠤᠨ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ | ᠪᠠᠶᠢᠭᠤᠯᠤᠯᠲᠠ᠂ ᠬᠡᠷᠡᠭᠯᠡᠯᠲᠡ᠂ ᠰᠤᠷᠤᠯᠴᠠᠯᠭ᠎ᠠ᠂ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ 2019 ᠣᠨ᠂ | 2020 ᠣᠨ ᠳᠤ ᠤᠷᠢᠳ ᠬᠤᠵᠢᠳ ᠳᠤᠮᠳᠠᠳᠤ ᠤᠯᠤᠰ ᠤᠨ ᠲᠣᠮᠤ ᠬᠡᠪᠴᠢᠶᠡᠨ ᠤ ᠰᠦᠯᠵᠢᠶᠡᠨ ᠳᠠᠬᠢ | ᠨᠡᠭᠡᠭᠡᠯᠲᠡᠲᠦ ᠬᠢᠴᠢᠶᠡᠯ ᠤᠨ ᠶᠡᠭᠡ ᠬᠤᠷᠠᠯ᠂ ᠳᠡᠯᠡᠬᠡᠶ ᠶᠢᠨ ᠲᠣᠮᠤ ᠬᠡᠪᠴᠢᠶᠡᠨ ᠤ ᠰᠦᠯᠵᠢᠶᠡᠨ ᠳᠠᠬᠢ ᠨᠡᠭᠡᠭᠡᠯᠲᠡᠲᠦ | ᠬᠢᠴᠢᠶᠡᠯ ᠤᠨ ᠶᠡᠭᠡ ᠬᠤᠷᠠᠯ ᠢ ᠬᠤᠷᠠᠯᠳᠤᠭᠤᠯᠵᠤ᠂ ︽ᠳᠤᠮᠳᠠᠳᠤ ᠤᠯᠤᠰ ᠤᠨ ᠲᠣᠮᠤ ᠬᠡᠪᠴᠢᠶᠡᠨ ᠤ | ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠠᠵᠢᠯᠯᠠᠭᠠᠨ ᠤ ᠲᠤᠩᠬᠠᠭ︾᠂ ︽ᠲᠣᠮᠤ ᠬᠡᠪᠴᠢᠶᠡᠨ ᠤ | ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠬᠥᠭᠵᠢᠭᠦᠯᠦᠯᠲᠡ ᠶᠢᠨ ᠪᠡᠭᠡᠵᠢᠩ ᠤᠨ ᠲᠤᠩᠬᠠᠭ︾ ᠢ ᠨᠡᠶᠢᠲᠡᠯᠡᠵᠦ᠂ | ᠳᠡᠯᠡᠬᠡᠶ ᠶᠢᠨ ᠲᠣᠮᠤ ᠬᠡᠪᠴᠢᠶᠡᠨ ᠤ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠪᠣᠯᠤᠨ ᠰᠦᠯᠵᠢᠶᠡᠨ ᠳᠠᠬᠢ ᠰᠤᠷᠭᠠᠨ | ᠬᠥᠮᠦᠵᠢᠯ ᠤᠨ ᠬᠤᠯᠪᠣᠭ᠎ᠠ᠂ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠪᠠᠶᠢᠭᠤᠯᠤᠯᠲᠠ ᠬᠢᠭᠡᠳ ᠬᠡᠷᠡᠭᠯᠡᠯᠲᠡ | ᠥᠷᠨᠢᠨ ᠬᠥᠭᠵᠢᠪᠡ᠃ ᠣᠳᠣ ᠪᠣᠯᠲᠠᠯ᠎ᠠ᠂ ᠮᠠᠨ ᠤ ᠤᠯᠤᠰ ᠤᠨ ᠰᠦᠯᠵᠢᠶᠡᠨ ᠳᠤ ᠲᠣᠮᠤ ᠬᠡᠪᠴᠢᠶᠡᠨ ᠤ | ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠷᠤᠭᠰᠠᠨ ᠬᠥᠮᠦᠨ ᠤ ᠲᠤᠭ᠎ᠠ 5 . 2 ᠲᠦᠮᠡ ᠶᠢ ᠳᠠᠪᠠᠵᠤ᠂ | ᠰᠤᠷᠤᠯᠴᠠᠵᠤ ᠪᠠᠶᠢᠭ᠎ᠠ ᠬᠥᠮᠦᠨ ᠤ ᠲᠤᠭ᠎ᠠ 8 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠰᠤᠷᠭᠠᠭᠤᠯᠢ ᠳᠤ | ᠪᠠᠶᠢᠭ᠎ᠠ ᠰᠣᠷᠣᠭᠴᠢ ᠶᠢᠨ ᠲᠣᠮᠤ ᠬᠡᠪᠴᠢᠶᠡᠨ ᠤ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠰᠤᠷᠤᠯᠭ᠎ᠠ ᠶᠢᠨ | ᠬᠤᠪᠢ ᠣᠯᠤᠭᠰᠠᠨ ᠬᠥᠮᠦᠨ ᠤ ᠲᠤᠭ᠎ᠠ 3 . 3 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠰᠦᠯᠵᠢᠶᠡᠨ ᠳᠤ | ᠬᠢᠴᠢᠶᠡᠯ ᠤᠷᠤᠭᠰᠠᠨ ᠬᠥᠮᠦᠨ ᠤ ᠲᠤᠭ᠎ᠠ ᠪᠣᠯᠤᠨ ᠰᠤᠷᠤᠯᠴᠠᠬᠤ ᠬᠡᠪᠴᠢᠶ᠎ᠡ ᠳᠡᠯᠡᠬᠡᠶ ᠳᠤ ᠲᠡᠷᠢᠭᠦᠯᠡᠪᠡ᠃ | 10 ᠰᠢᠬᠠᠮ ᠵᠢᠯ ᠤᠨ ᠳᠠᠭᠠᠭᠠᠮᠠᠭᠠᠢ ᠪᠠᠶᠢᠭᠤᠯᠤᠯᠲᠠ ᠪᠠ ᠬᠥᠭᠵᠢᠯᠲᠡ ᠪᠠᠷ ᠳᠠᠮᠵᠢᠭᠠᠳ᠂ ᠣᠨᠴᠠᠭᠠᠶᠢᠯᠠᠨ | 2020 ᠣᠨ ᠠᠴᠠ ᠨᠠᠭᠠᠰᠢᠬᠢ ᠰᠦᠯᠵᠢᠶᠡᠨ ᠳᠠᠬᠢ ᠶᠡᠭᠡ ᠬᠡᠪᠴᠢᠶᠡᠨ ᠤ ᠵᠢᠭᠠᠨ ᠰᠤᠷᠭᠠᠯᠲᠠ ᠶᠢᠨ ᠦᠢᠯᠡᠳᠦᠯᠭᠡ ᠪᠠᠷ | ᠳᠡᠮᠵᠢᠨ᠂ ᠰᠦᠯᠵᠢᠶᠡᠨ ᠳᠠᠬᠢ ᠵᠢᠭᠠᠨ ᠰᠤᠷᠭᠠᠯᠲᠠ᠂ ᠰᠦᠯᠵᠢᠶᠡᠨ ᠳᠠᠬᠢ ᠪᠠ ᠰᠦᠯᠵᠢᠶᠡᠨ ᠭᠠᠳᠠᠨᠠᠬᠢ ᠬᠤᠯᠢᠮᠠᠭ | ᠵᠢᠭᠠᠨ ᠰᠤᠷᠭᠠᠯᠲᠠ ᠨᠢ ᠨᠢᠭᠡᠨᠲᠡ ᠠᠯᠬᠤᠮ ᠠᠯᠬᠤᠮ ᠢᠶᠠᠷ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠰᠢᠨ᠎ᠡ ᠬᠡᠪ ᠤᠨ ᠪᠠᠶᠢᠳᠠᠯ ᠪᠣᠯᠵᠠᠶ᠃ ᠰᠢᠨ᠎ᠡ ᠬᠡᠪ ᠤᠨ ᠪᠠᠶᠢᠳᠠᠯ ᠳᠠᠬᠢ ᠰᠦᠯᠵᠢᠶᠡᠨ ᠤ ᠵᠢᠭᠠᠨ ᠰᠤᠷᠭᠠᠯᠲᠠ ᠶᠢᠨ | ᠪᠠᠶᠢᠭᠤᠯᠤᠯᠲᠠ᠂ ᠬᠡᠷᠡᠭᠯᠡᠯᠲᠡ᠂ ᠰᠤᠷᠤᠯᠴᠠᠯᠭ᠎ᠠ᠂ ᠬᠠᠮᠢᠶᠠᠷᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠮᠠᠨ ᠤ ᠶᠠᠮᠤᠨ | ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠴᠢᠯᠠᠯᠲᠠ ᠶᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠰᠠᠨᠠᠯ︾ ᠢ ᠲᠤᠭᠤᠷᠪᠢᠬᠤ | ᠠᠵᠢᠯ ᠢ ᠡᠬᠢᠯᠡᠭᠦᠯᠪᠡ᠃ | 2 . ︽ᠰᠠᠨᠠᠯ︾ ᠢ ᠨᠡᠶᠢᠲᠡᠯᠡᠭᠰᠡᠨ ᠶᠠᠪᠤᠴᠠ ᠶᠢ ᠳᠦᠭᠦᠮᠬᠡᠨ ᠲᠠᠨᠢᠯᠴᠠᠭᠤᠯᠤᠭᠠᠳ ᠥᠭᠭᠦᠨ᠎ᠡ ᠦᠦ︖ | ᠪᠢᠳᠡ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ ᠪᠠ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠵᠣᠬᠢᠶᠠᠨ | ᠪᠠᠶᠢᠭᠤᠯᠵᠤ᠂ ᠪᠠᠶᠢᠴᠠᠭᠠᠨ ᠰᠤᠳᠤᠯᠤᠯᠲᠠ ᠶᠢ ᠬᠦᠨᠵᠡᠭᠡᠢ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠬᠢᠴᠢᠶᠡᠯ ᠰᠢᠷᠪᠢᠬᠦ︾ ᠠᠰᠠᠭᠤᠳᠠᠯ ᠤᠨ ᠪᠣᠶ ᠪᠣᠯᠤᠭᠰᠠᠨ ᠰᠢᠯᠲᠠᠭᠠᠨ᠂ ᠠᠷᠭᠠᠴᠠᠬᠤ | ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠤᠯᠪᠤᠭᠳᠠᠬᠤ | ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠠᠨᠳᠤᠭᠤᠯᠤᠭᠰᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠳᠤᠷᠠᠳᠪᠠ᠃ ᠪᠢᠴᠢᠭ ᠮᠠᠲ᠋ᠧᠷᠢᠶᠠᠯ ᠢ ᠲᠣᠭᠲᠠᠭᠠᠬᠤ ᠶᠠᠪᠤᠴᠠ ᠳᠤ ᠲᠥᠪ ᠤᠨ ᠪᠠ ᠣᠷᠣᠨ ᠨᠤᠲᠤᠭ ᠤᠨ ᠠᠳᠠᠯᠢ | ᠪᠤᠰᠤ ᠲᠥᠷᠥᠯ ᠬᠡᠯᠪᠡᠷᠢ ᠶᠢᠨ ᠳᠡᠭᠡᠳᠦ ᠰᠤᠷᠭᠠᠭᠤᠯᠢ᠂ ᠬᠤᠯᠪᠤᠭᠳᠠᠬᠤ ᠬᠢᠴᠢᠶᠡᠯ ᠤᠨ ᠲᠠᠪᠴᠠᠩ ᠵᠢᠴᠢ ᠲᠤᠰᠬᠠᠶ | ᠮᠡᠷᠭᠡᠵᠢᠯᠲᠡᠨ ᠤ ᠰᠠᠨᠠᠯ ᠢ ᠥᠷᠭᠡᠨ ᠢᠶᠠᠷ ᠰᠣᠨᠣᠰᠴᠤ᠂ ᠠᠷᠠᠳᠴᠢᠯᠠᠯ ᠢ ᠪᠠᠳᠠᠷᠠᠭᠤᠯᠵᠤ᠂ ᠣᠯᠠᠨ ᠤ ᠣᠶᠤᠨ | ᠤᠬᠠᠭᠠᠨ ᠢ ᠲᠥᠪᠯᠡᠷᠡᠭᠦᠯᠪᠡ᠃ | 3 . ︽ᠰᠠᠨᠠᠯ︾ ᠳᠠᠬᠢ ᠳᠦᠷᠢᠮᠵᠢᠭᠦᠯᠬᠦ ᠡᠲᠡᠭᠡᠳ ᠪᠠ ᠬᠡᠷᠡᠭᠯᠡᠬᠦ ᠬᠡᠪᠴᠢᠶ᠎ᠡ ᠨᠢ ᠶᠠᠭᠤ ᠪᠣᠶ︖ | ᠪᠢᠴᠢᠭ ᠮᠠᠲ᠋ᠧᠷᠢᠶᠠᠯ ᠳᠠᠬᠢ ᠳᠦᠷᠢᠮᠵᠢᠭᠦᠯᠬᠦ ᠡᠲᠡᠭᠡᠳ ᠨᠢ ᠭᠤᠤᠯᠳᠠᠭᠤ ᠳᠡᠭᠡᠳᠦ ᠰᠤᠷᠭᠠᠭᠤᠯᠢ᠂ ᠪᠠᠭᠰᠢ᠂ | ᠰᠣᠷᠣᠭᠴᠢ ᠵᠢᠴᠢ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠲᠠᠪᠴᠠᠩ ᠪᠣᠯᠤᠨ᠎ᠠ᠃ ᠬᠡᠷᠡᠭᠯᠡᠭᠳᠡᠬᠦ ᠬᠡᠪᠴᠢᠶ᠎ᠡ ᠨᠢ | ᠡᠩ ᠤᠨ ᠳᠡᠭᠡᠳᠦ ᠰᠤᠷᠭᠠᠭᠤᠯᠢ᠂ ᠡᠭᠦᠨ ᠳᠤ ᠡᠩ ᠤᠨ ᠦᠨᠳᠦᠰᠦᠨ ᠠᠩᠭᠢᠲᠤ ᠳᠡᠭᠡᠳᠦ ᠰᠤᠷᠭᠠᠭᠤᠯᠢ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠵᠢᠴᠢ ᠳᠡᠭᠡᠳᠦ ᠰᠤᠷᠭᠠᠭᠤᠯᠢ ᠶᠢᠨ ᠡᠷᠭᠢᠯᠡᠭᠰᠡᠨ ᠰᠤᠷᠤᠯᠭ᠎ᠠ ᠶᠢᠨ ᠨᠠᠮᠲᠠᠷ ᠤᠨ | ᠦᠷᠭᠦᠯᠵᠢᠯᠡᠯ ᠰᠤᠷᠭᠠᠨ ᠬᠥᠮᠦᠵᠢᠯ ᠳᠤ ᠬᠡᠷᠡᠭᠯᠡᠬᠦ ᠰᠤᠷᠤᠯᠭ᠎ᠠ ᠶᠢᠨ ᠬᠤᠪᠢ ᠶᠢ ᠮᠠᠭᠠᠳᠯᠠᠨ ᠲᠣᠭᠲᠠᠭᠠᠬᠤ | ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠢ ᠪᠠᠭᠲᠠᠭᠠᠨ᠎ᠠ᠃ | 4 . ︽ᠰᠠᠨᠠᠯ︾ ᠳᠤ ᠶᠠᠮᠠᠷ ᠭᠤᠣᠯ ᠠᠷᠭ᠎ᠠ ᠬᠡᠮᠵᠢᠶ᠎ᠡ ᠶᠢ ᠳᠤᠷᠠᠳᠤᠭᠰᠠᠨ ᠪᠤᠶ︖ | ᠰᠦᠯᠵᠢᠶᠡᠨ ᠳᠠᠬᠢ ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠳᠤ ᠳᠡᠭᠡᠳᠦ ᠰᠤᠷᠭᠠᠭᠤᠯᠢ᠂ ᠪᠠᠭᠰᠢ | ᠂ ᠰᠣᠷᠣᠭᠴᠢ᠂ ᠬᠢᠴᠢᠶᠡᠯ ᠤᠨ ᠲᠠᠪᠴᠠᠩ ᠪᠠ ᠬᠤᠯᠪᠤᠭᠳᠠᠬᠤ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠡᠷᠭᠡ ᠣᠯᠠᠨ | ᠲᠠᠯ᠎ᠠ ᠶᠢᠨ ᠬᠠᠷᠢᠭᠤᠴᠠᠯᠭᠠᠲᠤ ᠪᠡᠶᠡᠴᠢ ᠴᠣᠭᠴᠠ ᠬᠤᠯᠪᠣᠭᠳᠠᠵᠤ᠂ ᠪᠢᠴᠢᠭ ᠮᠠᠲ᠋ᠧᠷᠢᠶᠠᠯ ᠳᠤ ᠭᠤᠤᠯᠳᠠᠭᠤ ᠲᠠᠪᠤᠨ | ᠲᠠᠯ᠎ᠠ ᠠᠴᠠ ᠭᠠᠷᠲᠠᠨ ᠬᠤᠯᠪᠤᠭᠳᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ | ᠨᠢᠭᠡ ᠳᠤ᠂ ᠳᠡᠭᠡᠳᠦ ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠳᠡᠭᠡᠳᠦ | ᠰᠤᠷᠭᠠᠭᠤᠯᠢ ᠨᠢ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠳᠤ ᠭᠤᠤᠯ | ᠬᠠᠷᠢᠭᠤᠴᠠᠯᠭ᠎ᠠ ᠶᠢ ᠡᠭᠦᠷᠭᠡᠯᠡᠵᠦ᠂ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠬᠠᠮᠢᠶᠠᠷᠤᠯᠲᠠ ᠶᠢᠨ | ᠲᠦᠷᠢᠮ ᠢᠶᠠᠨ ᠲᠡᠭᠦᠯᠳᠡᠷᠵᠢᠭᠦᠯᠵᠦ᠂ ᠬᠢᠴᠢᠶᠡᠯ ᠤᠨ ᠵᠢᠭᠠᠨ ᠰᠤᠷᠭᠠᠯᠲᠠ ᠶᠢᠨ ᠦᠢᠯᠡᠴᠢᠯᠡᠭᠡ ᠪᠠ ᠬᠠᠮᠢᠶᠠᠷᠤᠯᠲᠠ ᠪᠠᠨ | ᠴᠢᠩᠭᠠᠳᠬᠠᠵᠤ᠂ ᠬᠢᠴᠢᠶᠡᠯ ᠢ ᠰᠣᠩᠭᠤᠨ ᠬᠡᠷᠡᠭᠯᠡᠬᠦ ᠬᠠᠮᠢᠶᠠᠷᠤᠯᠲᠠ ᠶᠢ ᠴᠢᠩᠳᠠᠯᠠᠵᠤ᠂ ᠴᠢᠩᠭ᠎ᠠ ᠰᠢᠯᠭᠠᠨ ᠦᠨᠡᠯᠡᠬᠦ | ᠬᠡᠷᠡᠭᠲᠡᠶ᠃ | ᠬᠤᠶᠠᠷ ᠲᠤ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠳᠡᠭᠡᠳᠦ | ᠰᠤᠷᠭᠠᠭᠤᠯᠢ ᠶᠢᠨ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠭᠤᠤᠯ ᠪᠠᠭᠰᠢ ᠵᠢᠴᠢ ᠵᠢᠭᠠᠨ ᠰᠤᠷᠭᠠᠯᠲᠠ ᠶᠢᠨ | ᠪᠦᠯᠬᠦᠮ ᠨᠡᠶᠢᠲᠡ ᠨᠢ ᠵᠢᠭᠠᠨ ᠰᠤᠷᠭᠠᠯᠲᠠ ᠶᠢᠨ ᠬᠥᠲᠥᠯᠪᠦᠷᠢ ᠶᠢᠨ ᠱᠠᠭᠠᠷᠳᠠᠯᠭ᠎ᠠ ᠶᠣᠰᠤ ᠪᠠᠷ ᠵᠢᠭᠠᠨ ᠰᠤᠷᠭᠠᠯᠲᠠ ᠶᠢᠨ | ᠦᠢᠯᠡᠴᠢᠯᠡᠭᠡ ᠶᠢ ᠬᠠᠩᠭᠠᠵᠤ᠂ ᠬᠢᠴᠢᠶᠡᠯ ᠰᠣᠩᠭᠤᠭᠰᠠᠨ ᠳᠡᠭᠡᠳᠦ ᠰᠤᠷᠭᠠᠭᠤᠯᠢ ᠶᠢᠨ ᠲᠣᠬᠢᠷᠠᠭᠤᠯᠤᠭᠰᠠᠨ | ᠬᠠᠷᠢᠭᠤᠴᠠᠯᠭᠠᠲᠤ ᠪᠠᠭᠰᠢ ᠨᠠᠷ ᠰᠦᠯᠵᠢᠶᠡᠨ ᠳᠠᠬᠢ ᠵᠢᠭᠠᠨ ᠰᠤᠷᠭᠠᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ᠂ | ᠦᠢᠯᠡᠴᠢᠯᠡᠭᠡ ᠪᠠᠨ ᠴᠢᠩᠭᠠᠳᠬᠠᠬᠤ ᠬᠡᠷᠡᠭᠲᠡᠶ᠃ | ᠭᠤᠷᠪᠠ ᠳᠤ᠂ ᠰᠤᠷᠤᠭᠴᠢᠳ ᠤᠨ ᠰᠤᠷᠤᠯᠭ᠎ᠠ ᠪᠠ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠨ᠎ᠠ᠃ ᠡᠯ᠎ᠡ | ᠳᠡᠭᠡᠳᠦ ᠰᠤᠷᠭᠠᠭᠤᠯᠢ ᠶᠢ ᠰᠤᠷᠤᠭᠴᠢᠳ ᠤᠨ ᠦᠨᠡᠨᠴᠢ ᠢᠲᠡᠭᠡᠮᠵᠢ ᠶᠢᠨ ᠬᠥᠮᠦᠵᠢᠯ ᠪᠣᠯᠤᠨ ᠰᠠᠬᠢᠯᠭ᠎ᠠ ᠪᠠᠲᠤ ᠶᠢᠨ | ᠤᠬᠠᠮᠰᠠᠷ ᠢ ᠴᠢᠩᠭᠠᠳᠬᠠᠵᠤ᠂ ᠰᠦᠯᠵᠢᠶᠡᠨ ᠳᠠᠬᠢ ᠰᠤᠷᠤᠯᠴᠠᠯᠭ᠎ᠠ ᠶᠢᠨ ᠳᠦᠷᠢᠮᠵᠢᠯ ᠪᠣᠯᠤᠨ ᠰᠤᠷᠤᠯᠴᠠᠯᠭ᠎ᠠ ᠶᠢᠨ | ᠰᠠᠬᠢᠯᠭ᠎ᠠ ᠪᠠᠲᠤ ᠶᠢ ᠴᠢᠩᠳᠠᠯᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠳᠥᠷᠪᠡ ᠳᠤ᠂ ᠲᠠᠪᠴᠠᠩ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠤᠯᠭ᠎ᠠ ᠶᠢᠨ ᠬᠤᠪᠢ ᠶᠢᠨ | ᠬᠢᠴᠢᠶᠡᠯ ᠬᠠᠩᠭᠠᠬᠤ ᠶᠢ ᠱᠠᠭᠠᠷᠳᠠᠭᠰᠠᠨ ᠲᠠᠪᠴᠠᠩ ᠤᠨ ᠠᠮᠤᠷ ᠲᠦᠪᠰᠢᠨ ᠢ ᠬᠠᠮᠠᠭᠠᠯᠠᠬᠤ ᠲᠠᠰ ᠢ ᠭᠤᠷᠪᠠᠳᠤᠭᠠᠷ | ᠳᠡᠰ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠲᠠᠪᠴᠠᠩ ᠨᠢ ᠡᠷᠬᠡᠪᠰᠢ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠢ ᠬᠡᠷᠡᠭᠯᠡᠨ ᠰᠤᠷᠤᠯᠴᠠᠬᠤ ᠶᠠᠪᠤᠴᠠ ᠶᠢ ᠬᠢᠨᠠᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠤᠷᠤᠯᠭ᠎ᠠ ᠶᠢᠨ ᠬᠤᠪᠢ ᠶᠢᠨ ᠬᠢᠴᠢᠶᠡᠯ ᠬᠠᠩᠭᠠᠬᠤ | ᠲᠠᠪᠴᠠᠩ ᠳᠤ ᠲᠣᠮᠣ ᠳ᠋ᠠᠶᠢᠲ᠋ᠠ ᠪᠠᠷ ᠬᠢᠨᠠᠨ ᠬᠡᠮᠵᠢᠬᠦ ᠶᠢ ᠬᠡᠷᠡᠭᠵᠢᠭᠦᠯᠵᠦ᠂ ᠲᠠᠪᠴᠠᠩ ᠤᠨ ᠪᠦᠷᠢᠳᠬᠡᠨ ᠳᠠᠩᠰᠠᠯᠠᠬᠤ | ᠲᠣᠭᠲᠠᠴᠠ ᠪᠠ ︽ᠦᠨᠡᠨ ᠬᠤᠳᠠᠯ ᠨᠡᠷᠡᠰ︾ ᠤᠨ ᠲᠦᠷᠢᠮ ᠵᠡᠷᠭᠡ ᠶᠢ ᠪᠠᠶᠢᠭᠤᠯᠤᠨ᠎ᠠ᠃ | ᠲᠠᠪᠤ ᠳᠤ᠂ ᠬᠠᠮᠲᠤᠷᠠᠨ ᠵᠠᠰᠠᠬᠤ ᠶᠢ ᠥᠷᠨᠢᠭᠦᠯᠦᠨ᠎ᠡ᠃ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠵᠡᠷᠭᠡ ᠲᠠᠪᠤᠨ ᠰᠠᠯᠠᠭ᠎ᠠ ᠮᠥᠴᠢᠷ ᠲᠠᠢ ᠵᠣᠬᠢᠴᠠᠩᠭᠤᠢ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠨ | ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠲᠠᠪᠴᠠᠩ᠂ | ᠬᠤᠳᠠᠯᠳᠤᠭᠠᠴᠢᠨ ᠪᠠ ᠬᠤᠪᠢ ᠬᠥᠮᠦᠨ ᠢ ᠬᠠᠤᠯᠢ ᠶᠣᠰᠤ ᠪᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | 5 . ︽ᠰᠠᠨᠠᠯ︾ ᠢ ᠶᠠᠭᠤᠨ ᠳᠤ ᠰᠤᠷᠭᠠᠨ ᠬᠥᠮᠦᠵᠢᠯ ᠤᠨ ᠶᠠᠮᠤᠨ᠂ ᠲᠥᠪ ᠤᠨ ᠢᠨᠲ᠋ᠧᠷ ᠰᠦᠯᠵᠢᠶᠡᠨ ᠤ | ᠮᠡᠳᠡᠭᠡ ᠵᠠᠩᠭᠢᠴᠢᠯᠠᠯᠲᠠ ᠶᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ | ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ᠪᠣᠶ︖ | ︽ᠰᠠᠨᠠᠯ︾ ᠤᠨ ᠲᠣᠭᠲᠠᠭᠠᠯ ᠶᠣᠰᠤ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ | ᠠᠵᠢᠯ ᠢ ᠲᠦᠷᠦᠭᠦᠯᠡᠨ ᠬᠠᠷᠢᠭᠤᠴᠠᠨ᠎ᠠ᠃ ᠰᠦᠯᠵᠢᠶᠡᠨ ᠳᠠᠬᠢ ᠨᠡᠭᠡᠭᠡᠯᠲᠡᠲᠦ ᠬᠢᠴᠢᠶᠡᠯ ᠪᠣᠯ ᠢᠨᠲ᠋ᠧᠷ ᠰᠦᠯᠵᠢᠶᠡᠨ ᠤ | ᠬᠥᠭᠵᠢᠯᠲᠡ ᠶᠢ ᠳᠠᠭᠠᠯᠳᠤᠨ ᠪᠣᠶ ᠪᠣᠯᠤᠭᠰᠠᠨ ᠰᠢᠨ᠎ᠡ ᠬᠡᠷᠡᠭ ᠪᠣᠳᠠᠰ᠂ ᠣᠨᠴᠠᠭᠠᠶᠢᠯᠠᠨ ᠰᠦᠯᠵᠢᠶᠡᠨ ᠳᠠᠬᠢ ᠵᠢᠭᠠᠨ | ᠰᠤᠷᠭᠠᠯᠲᠠ ᠶᠢᠨ ᠶᠠᠪᠤᠴᠠ ᠳᠤ ᠥᠳᠦᠭᠡᠭᠳᠡᠭᠰᠡᠨ ︽ᠬᠢᠴᠢᠶᠡᠯ ᠰᠢᠷᠪᠢᠬᠦ︾᠂ ᠬᠠᠤᠯᠢ ᠠᠴᠠ ᠵᠥᠷᠢᠴᠡᠭᠰᠡᠨ ᠵᠠᠷ | ᠮᠡᠳᠡᠭᠡ ᠵᠡᠷᠭᠡ ᠠᠰᠠᠭᠤᠳᠠᠯ ᠢ ᠪᠣᠳᠣᠯᠬᠢᠯᠠᠵᠤ᠂ ᠣᠯᠠᠨ ᠲᠠᠯ᠎ᠠ ᠶᠢᠨ ᠬᠠᠷᠢᠭᠤᠴᠠᠯᠭᠠᠲᠤ ᠭᠤᠤᠯ ᠴᠣᠭᠴᠠ ᠶᠢᠨ | ᠬᠠᠮᠢᠶᠠᠷᠤᠯᠲᠠ ᠶᠢᠨ ᠠᠶ ᠳᠤ ᠬᠤᠯᠪᠤᠭᠳᠠᠳᠠᠭ᠃ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠦᠨᠳᠦᠰᠦᠯᠡᠨ᠂ ᠪᠢᠳᠡ | ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠴᠢᠯᠠᠯᠲᠠ ᠶᠢᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠭᠡᠳ ᠰᠠᠨᠠᠯ ᠨᠢᠭᠡᠳᠴᠦ᠂ | ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠪᠠᠷ ᠲᠣᠭᠲᠠᠪᠠ᠃ | 6 . ︽ᠰᠠᠨᠠᠯ︾ ᠳᠤ ᠶᠠᠮᠠᠷ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠦᠭᠰᠡᠨ ᠴᠡᠭ ᠪᠠᠶᠢᠬᠤ ᠪᠣᠶ︖ | ᠨᠢᠭᠡ ᠳᠤ᠂ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ | ᠬᠡᠷᠡᠭᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠠᠪᠴᠠᠩ ᠳᠤ ᠲᠦᠰᠢᠭᠯᠡᠨ | ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠲᠤᠭ᠎ᠠ ᠪᠠᠷᠢᠮᠲᠠ ᠶᠢ ᠬᠢᠨᠠᠨ ᠬᠡᠮᠵᠢᠬᠦ | ᠲᠥᠪ ᠢ ᠪᠠᠶᠢᠭᠤᠯᠵᠤ᠂ ᠰᠦᠯᠵᠢᠶᠡᠨ ᠳᠠᠬᠢ ᠰᠤᠷᠤᠯᠭ᠎ᠠ ᠶᠢᠨ ᠬᠤᠪᠢ ᠶᠢᠨ ᠬᠢᠴᠢᠶᠡᠯ ᠤᠨ ᠵᠢᠭᠠᠨ ᠰᠤᠷᠭᠠᠯᠲᠠ ᠳᠤ | ᠲᠣᠮᠣ ᠳ᠋ᠠᠶᠢᠲ᠋ᠠ ᠶᠢᠨ ᠬᠢᠨᠠᠨ ᠬᠡᠮᠵᠢᠯᠲᠡ ᠶᠢ ᠬᠡᠷᠡᠭᠵᠢᠭᠦᠯᠦᠨ᠎ᠡ᠃ ᠤᠯᠤᠰ ᠤᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠬᠢᠨ ᠬᠢᠨᠠᠨ ᠬᠡᠮᠵᠢᠭᠰᠡᠨ ᠪᠠᠶᠢᠳᠠᠯ ᠢᠶᠠᠨ ᠦᠨᠳᠦᠰᠦᠯᠡᠨ᠂ ᠬᠡᠪ ᠤᠨ ᠪᠤᠰᠤ | ᠰᠤᠷᠤᠯᠴᠠᠬᠤ ᠦᠢᠯᠡ ᠠᠵᠢᠯᠯᠠᠭ᠎ᠠ ᠲᠥᠪᠯᠡᠷᠡᠭᠰᠡᠨ ᠳᠡᠭᠡᠳᠦ ᠰᠤᠷᠭᠠᠭᠤᠯᠢ᠂ ᠲᠠᠪᠴᠠᠩ ᠢ ᠨᠡᠶᠢᠲᠡᠯᠡᠵᠦ᠂ | ᠬᠠᠷᠢᠭᠤᠴᠠᠯᠭ᠎ᠠ ᠨᠡᠬᠡᠮᠵᠢᠯᠡᠨ᠎ᠡ᠃ | ᠬᠤᠶᠠᠷ ᠲᠤ᠂ ᠲᠠᠪᠴᠠᠩ ᠤᠨ ︽ᠦᠨᠡᠨ ᠬᠤᠳᠠᠯ ᠨᠡᠷᠡᠰ︾ ᠶᠢᠨ ᠲᠣᠭᠲᠠᠴᠠ ᠶᠢ ᠪᠠᠶᠢᠭᠤᠯᠤᠨ᠎ᠠ᠃ | ᠰᠤᠷᠤᠯᠭ᠎ᠠ ᠶᠢᠨ ᠬᠤᠪᠢ ᠶᠢᠨ ᠬᠢᠴᠢᠶᠡᠯ ᠬᠠᠩᠭᠠᠬᠤ ᠲᠠᠪᠴᠠᠩ ᠢ ᠡᠷᠬᠡᠪᠰᠢ ᠰᠤᠷᠭᠠᠨ ᠬᠥᠮᠦᠵᠢᠯ ᠤᠨ ᠰᠢᠯᠵᠢᠮᠡᠯ | ᠬᠤᠯᠪᠤᠭᠠᠨ ᠤ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠤᠭ᠍ᠷᠠᠮ ᠢ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ | ᠲᠠᠪᠴᠠᠩ ᠳᠤ ᠳᠠᠩᠰᠠᠯᠠᠭᠤᠯᠵᠤ᠂ ᠬᠢᠨᠠᠨ ᠪᠠᠶᠢᠴᠠᠭᠠᠬᠤ ᠪᠠᠷ ᠳᠠᠮᠵᠢᠭᠤᠯᠤᠨ ︽ᠦᠨᠡᠨ ᠨᠡᠷᠡᠰ︾ ᠲᠤ ᠣᠷᠣᠭᠤᠯᠵᠤ᠂ | ︽ᠬᠢᠴᠢᠶᠡᠯ ᠰᠢᠷᠪᠢᠬᠦ︾ ᠳᠤ ᠠᠰᠠᠭᠤᠳᠠᠯ ᠣᠯᠠᠨᠲᠠ ᠭᠠᠷᠴᠤ᠂ ᠬᠢᠴᠢᠶᠡᠯ ᠤᠨ ᠴᠢᠨᠠᠷ ᠴᠢᠨᠰᠠᠭ᠎ᠠ ᠨᠢ ᠮᠠᠭᠤ᠂ | ᠬᠠᠮᠢᠶᠠᠷᠤᠯᠲᠠ ᠪᠠ ᠦᠢᠯᠡᠴᠢᠯᠡᠭᠡ ᠨᠢ ᠬᠤᠴᠣᠷᠤᠩᠭᠤᠶ ᠪᠠᠶᠢᠬᠤ ᠲᠠᠪᠴᠠᠩ ᠢ ︽ᠬᠤᠳᠠᠯ ᠨᠡᠷᠡᠰ︾ ᠲᠤ | ᠣᠷᠣᠭᠤᠯᠤᠨ᠎ᠠ᠃ ᠡᠯ᠎ᠡ ᠳᠡᠭᠡᠳᠦ ᠰᠤᠷᠭᠠᠭᠤᠯᠢ ᠡᠷᠬᠡᠪᠰᠢ ︽ᠦᠨᠡᠨ ᠨᠡᠷᠡᠰ︾ ᠲᠤ ᠵᠢᠭᠰᠠᠭᠠᠨ ᠣᠷᠣᠭᠤᠯᠤᠭᠰᠠᠨ | ᠲᠠᠪᠴᠠᠩ ᠠᠴᠠ ᠰᠤᠷᠤᠯᠭ᠎ᠠ ᠶᠢᠨ ᠬᠤᠪᠢ ᠶᠢᠨ ᠬᠢᠴᠢᠶᠡᠯ ᠢ ᠰᠣᠩᠭᠤᠨ ᠬᠡᠷᠡᠭᠯᠡᠬᠦ ᠬᠡᠷᠡᠭᠲᠡᠶ᠃ | 7 . ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠲᠤᠬᠠᠢ ᠳᠠᠷᠠᠭ᠎ᠠ | ᠠᠯᠬᠤᠮ ᠳᠤ ᠶᠠᠮᠠᠷ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠪᠠᠶᠢᠬᠤ ᠪᠣᠶ︖ | ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠡᠯ᠎ᠡ ᠭᠠᠵᠠᠷ ᠤᠨ ᠡᠯ᠎ᠡ ᠳᠡᠭᠡᠳᠦ ᠰᠤᠷᠭᠠᠭᠤᠯᠢ ᠶᠢᠨ ᠬᠢᠨ ᠲᠣᠰ ︽ᠰᠠᠨᠠᠯ︾ ᠢ ᠦᠨᠳᠦᠰᠦᠯᠡᠨ᠂ ᠲᠣᠰ | ᠭᠠᠵᠠᠷ ᠣᠷᠣᠨ᠂ ᠲᠣᠰ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ | ᠠᠷᠭ᠎ᠠ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ ᠰᠤᠷᠭᠠᠨ ᠬᠥᠮᠦᠵᠢᠯ ᠤᠨ ᠶᠠᠮᠤᠨ ᠲᠥᠪ ᠤᠨ ᠰᠦᠯᠵᠢᠶᠡᠨ ᠤ | ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠤᠨ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠬᠢᠴᠢᠶᠡᠯ ᠰᠢᠷᠪᠢᠬᠦ ᠳᠤ | ᠡᠭᠦᠰᠦᠭᠰᠡᠨ︾ ᠠᠰᠠᠭᠤᠳᠠᠯ ᠢ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ | |