| 7 ᠳ᠋ᠤᠭᠠᠷ ᠰᠠᠷ᠎ᠠ ᠶᠢᠨ 27 ᠤ ᠡᠳᠤᠷ ᠥᠪᠥᠷ ᠮᠣᠩᠭᠤᠯ ᠤᠨ ᠤᠷᠳᠣᠰ ᠬᠤᠳᠠ ᠶᠢᠨ ᠦᠤᠰᠢᠨ ᠬᠤᠰᠢᠭᠤᠨ | ᠤ ᠤᠣᠯ ᠤᠨ ᠴᠠᠭᠠᠨ ᠰᠦᠯᠳᠡ ᠠᠮᠢ ᠠᠬᠤᠢ ᠨᠡᠭᠦᠳᠡᠯ ᠮᠠᠯᠵᠢᠯ ᠤᠨ ᠵᠢᠭᠤᠯᠴᠢᠯᠠᠯ ᠤᠨ ᠤᠷᠤᠨ ᠳᠤ ᠣᠷᠳᠣᠰ ᠤᠨ | ᠠᠷᠪᠠᠨ ᠲᠠᠪᠤᠳᠤᠭᠠᠷ ᠬᠤᠭᠤᠴᠠᠭᠠᠨ ᠤ ᠶᠤᠰᠤ ᠰᠤᠷᠲᠠᠬᠤᠨ ᠵᠠᠩ ᠦᠢᠯᠡ ᠶᠢᠨ ᠵᠢᠭᠤᠯᠴᠢᠯᠠᠯ ᠤᠨ ᠨᠠᠶᠢᠷ ᠵᠢᠴᠢ | ᠥᠪᠥᠷ ᠮᠣᠩᠭᠤᠯ ᠤᠨ ᠠᠩᠬᠠᠳᠤᠭᠠᠷ ᠤᠳᠠᠭᠠᠨ ᠤ ᠦᠦᠰᠢᠨ ᠵᠢᠷᠤᠭ᠎ᠠ ᠮᠣᠷᠢᠨ ᠤ ᠤᠷᠤᠯᠳᠤᠭᠠᠨ᠂ ᠦᠦᠰᠢᠨ | ᠬᠤᠰᠢᠭᠤᠨ ᠤ ᠠᠩᠬᠠᠳᠤᠭᠠᠷ ᠤᠳᠠᠭᠠᠨ ᠤ ᠠᠶᠠᠯᠠᠯ ᠵᠢᠭᠤᠯᠴᠢᠯᠠᠯ ᠤᠨ ᠨᠠᠭᠠᠳᠤᠮ ᠤᠨ ᠡᠬᠢᠯᠡᠯᠳᠡ ᠶᠢᠨ ᠶᠤᠰᠤᠯᠠᠯ | ᠶᠠᠪᠤᠭᠳᠠᠵᠤ᠂ ᠨᠠᠭᠠᠳᠤᠮᠴᠢᠨ ᠲᠦᠮᠡᠨ ᠢᠶᠠᠨ ᠪᠠᠶᠠᠰᠬᠠᠯ᠎ᠠ᠃ | | | | | ᠡᠬᠢᠯᠡᠯᠳᠡ ᠶᠢᠨ ᠶᠤᠰᠤᠯᠠᠯ ᠲᠡᠭᠡᠷ᠎ᠡ ᠢᠷᠠᠭᠤ ᠰᠤᠨᠤᠰᠬᠤᠯᠠᠩ ᠤᠶᠠᠩᠭ᠎ᠠ ᠲᠠᠭᠤᠤ᠂ ᠬᠠᠷᠠᠭ᠎ᠠ ᠪᠠᠶᠠᠰᠠᠬᠠᠮᠠ | ᠤᠷᠠᠨ ᠪᠦᠵᠢᠭ᠂ ᠥᠩᠬᠡ ᠢᠯᠭᠠᠷᠠᠭᠰᠠᠨ ᠬᠤᠪᠴᠠᠰᠤᠨ ᠦᠵᠡᠭᠦᠯᠭᠡ ᠵᠡᠷᠭᠡ ᠤᠷᠠᠨ ᠰᠠᠶᠢᠬᠠᠨ ᠤ ᠲᠤᠭᠯᠠᠯᠳᠠ | ᠭᠠᠷᠭᠠᠭᠰᠠᠨ ᠤ ᠬᠠᠮᠳᠤ ᠤᠯᠣᠰ ᠤᠨ ᠲᠠᠰ ᠤᠨ ᠪᠡᠶᠡᠲᠦ ᠪᠤᠰᠤ ᠰᠤᠶᠤᠯ ᠤᠨ ᠥᠪ ᠤᠨ ᠲᠦᠷᠥᠯ ᠵᠦᠢᠯ ᠪᠤᠯᠠᠬᠤ ︽ | ᠦᠤᠰᠢᠨ ᠵᠢᠷᠤᠭ᠎ᠠ ᠮᠤᠷᠢᠨ ᠤ ᠤᠷᠤᠯᠳᠤᠭᠠᠨ︾ ᠤ ᠫᠠᠶᠢᠰᠠ ᠪᠤᠯᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠮᠤᠷᠢᠨ ᠮᠡᠷᠭᠡᠵᠢᠯ ᠤᠨ ᠪᠤᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠢᠷᠡᠬᠦ ᠶᠤᠰᠤᠯᠠᠯ ᠵᠡᠷᠭᠡ ᠣᠯᠠᠨ | ᠦᠢᠯᠡ ᠠᠵᠢᠯᠯᠠᠭ᠎ᠠ ᠥᠷᠨᠢᠭᠦᠯᠦᠭᠰᠡᠨ ᠪᠠᠶᠢᠨ᠎ᠠ᠃ | | | | | ᠨᠠᠭᠠᠳᠤᠮ ᠤᠨ ᠨᠢᠭᠡᠨ ᠤᠨᠴᠠᠯᠢᠭ ᠪᠤᠯᠬᠤ ᠰᠢᠷᠠᠭᠰᠠᠨ ᠪᠥᠭᠦᠯᠢ ᠦᠬᠡᠷ ᠤᠨ ᠮᠢᠬ᠎ᠠ ᠶᠢ ᠠᠮᠲᠠᠯᠠᠬᠤ ᠠᠵᠢᠯᠯᠠᠭ᠎ᠠ | ᠨᠢ ᠬᠤᠯᠠ ᠤᠶᠢᠷ᠎ᠠ ᠠᠴᠠ ᠢᠷᠡᠭᠰᠡᠨ ᠨᠠᠭᠠᠳᠤᠮᠴᠢᠨ ᠲᠦᠮᠡᠨ ᠤ ᠠᠩᠬᠠᠷᠤᠯ ᠢ ᠲᠠᠳᠠᠵᠤ᠂ ᠠᠩᠬᠢᠯᠤᠮ᠎ᠠ ᠦᠨᠦᠷ ᠲᠠᠢ | ᠰᠢᠷᠠᠭᠰᠠᠨ ᠦᠬᠡᠷ ᠤᠨ ᠮᠢᠬ᠎ᠠ ᠶᠢ ᠨᠠᠭᠠᠳᠤᠮᠴᠢᠳ ᠲᠤ ᠲᠦᠭᠡᠭᠡᠨ ᠠᠮᠰᠠᠭᠤᠯᠵᠤ ᠮᠤᠩᠭᠤᠯ ᠨᠤᠳᠤᠭ ᠤᠨ ᠵᠤᠴᠢᠨᠰᠠᠭ | ᠵᠠᠩ ᠢ ᠬᠠᠷᠠᠭᠤᠯᠤᠯ᠎ᠠ᠃ | 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠠᠪᠤᠨ ᠬᠤᠨᠤᠭ ᠶᠠᠪᠤᠭᠳᠠᠬᠤ ᠰᠤᠶᠤᠯ ᠵᠢᠭᠤᠯᠴᠢᠯᠠᠯ ᠤᠨ | ᠨᠠᠭᠠᠳᠤᠮ ᠨᠢ ᠥᠨᠥ ᠵᠢᠯ ᠦᠤᠰᠢᠨ ᠬᠤᠰᠢᠭᠤᠨ ᠳᠤ ᠪᠤᠯᠤᠭᠰᠠᠨ ᠬᠠᠮᠤᠭ ᠤᠨ ᠦᠷᠭᠡᠨ ᠭᠡᠪᠴᠢᠶ᠎ᠡ ᠲᠠᠢ ᠨᠠᠭᠠᠳᠤᠮ | ᠪᠣᠯᠵᠤ᠂ ᠡᠭᠦᠨ ᠳᠤ ᠡᠷ᠎ᠡ ᠶᠢᠨ ᠭᠤᠷᠪᠠᠨ ᠨᠠᠭᠠᠳᠤᠮ᠂ ᠪᠡᠶᠡᠲᠦ ᠪᠤᠰᠤ ᠰᠤᠶᠤᠯ ᠤᠨ ᠦᠪ ᠤᠨ ᠲᠡᠯᠭᠡᠨ ᠦᠵᠡᠭᠦᠯᠭᠡ᠂ | ᠦᠤᠰᠢᠨ ᠠᠳᠤᠭᠤᠨ ᠤ ᠭᠡᠷᠡᠯ ᠵᠢᠷᠤᠭ ᠤᠨ ᠦᠵᠡᠭᠦᠯᠭᠡ᠂ ᠮᠤᠩᠭᠤᠯ ᠰᠢᠳᠡᠷ᠎ᠡ ᠶᠢᠨ ᠮᠦᠷᠦᠶᠢᠴᠡᠭᠡᠨ᠂ ᠪᠠᠷᠠᠭ᠎ᠠ | ᠲᠠᠸᠠᠷ ᠤᠨ ᠰᠤᠯᠢᠯᠴᠠᠭ᠎ᠠ᠂ ᠭᠡᠭᠡᠷᠡᠯᠡᠨ ᠠᠶᠠᠯᠠᠬᠤ᠂ ᠤᠷᠤᠨ ᠨᠤᠳᠤᠭ ᠤᠨ ᠣᠨᠴᠠ ᠭᠠᠷᠤᠯᠳᠠ ᠶᠢᠨ ᠲᠡᠯᠭᠡᠨ | ᠦᠵᠡᠭᠦᠯᠭᠡ᠂ ᠤᠷᠠᠨ ᠰᠠᠶᠢᠬᠠᠨ ᠤ ᠲᠤᠭᠯᠠᠯᠳᠠ ᠵᠡᠷᠭᠡ ᠪᠠᠶᠠᠯᠢᠭ ᠠᠭᠤᠯᠭ᠎ᠠ ᠲᠠᠢ ᠠᠵᠢᠯᠯᠠᠭ᠎ᠠ ᠤᠳ ᠢ ᠦᠷᠨᠢᠭᠦᠯᠭᠦ | ᠪᠤᠯᠤᠨ᠎ᠠ᠃ | | |