| | ᠰᠤᠷᠭᠠᠨ ᠬᠥᠮᠦᠵᠢᠯ ᠤᠨ ᠶᠠᠮᠤᠨ 7 ᠳ᠋ᠤᠭᠠᠷ ᠰᠠᠷ᠎ᠠ ᠶᠢᠨ 27 ᠤ ᠡᠳᠦᠷ ᠠᠯᠪᠠᠨ ᠤ ᠰᠦᠯᠵᠢᠶ᠎ᠡ ᠳᠡᠭᠡᠨ | ᠮᠡᠳᠡᠭᠡ ᠨᠡᠶᠢᠲᠡᠯᠡᠵᠦ ᠵᠢᠭᠠᠬᠤ ᠳᠠᠭᠠᠨ᠂ ᠣᠳᠣᠬᠠᠨ ᠳᠤ ᠶᠠᠭ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠱᠠᠲᠤᠨ ᠳᠤ ᠪᠠᠶᠢᠨ᠎ᠠ᠂ ᠵᠠᠷᠢᠮ ᠬᠠᠤᠯᠢ ᠪᠤᠰᠤ ᠪᠠᠶᠢᠭᠤᠯᠤᠮᠵᠢ ᠪᠠ ᠬᠦᠮᠦᠰ ᠰᠤᠷᠤᠯᠭ᠎ᠠ ᠶᠢᠨ ᠨᠠᠮᠲᠠᠷ ᠦᠭᠡᠢ | ︽ᠰᠤᠷᠭᠠᠭᠤᠯᠢ︾ ᠶᠢ ᠶᠡᠭᠡ ᠪᠠᠷ ᠤᠬᠠᠭᠤᠯᠵᠤ᠂ ᠰᠣᠷᠣᠭᠴᠢ ᠡᠯᠰᠡᠬᠦ ᠬᠤᠳᠠᠯ ᠮᠡᠳᠡᠭᠡ ᠵᠠᠩᠭᠢ ᠨᠡᠶᠢᠲᠡᠯᠡᠵᠦ᠂ ᠶᠡᠭᠡ | ᠰᠤᠷᠭᠠᠭᠤᠯᠢ ᠳᠤ ᠰᠤᠷᠤᠭᠴᠢ ᠡᠯᠰᠡᠬᠦ ᠬᠠᠭᠤᠷᠮᠠᠭ ᠮᠡᠳᠡᠭᠳᠡᠯ ᠤᠨ ᠪᠢᠴᠢᠭ ᠢᠯᠡᠭᠡᠵᠦ᠂ ᠰᠢᠯᠭᠠᠭᠤᠯᠤᠭᠰᠠᠳ ᠤᠨ | ᠵᠣᠭᠤᠰ ᠮᠥᠩᠭᠦ ᠡᠳ᠋ ᠪᠣᠳᠠᠰ ᠢ ᠮᠡᠬᠡᠯᠡᠵᠦ ᠪᠠᠶᠢᠨ᠎ᠠ ᠭᠡᠵᠡᠢ᠃ ᠣᠶᠢᠷ᠎ᠠ ᠶᠢᠨ ᠵᠢᠯ ᠠᠴᠠ ᠨᠠᠭᠠᠰᠢ᠂ ᠡᠯ᠎ᠡ ᠭᠠᠵᠠᠷ ᠤᠨ | ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠᠮᠥ᠋ᠴᠢᠷ ᠤᠨ ᠬᠢᠨ ᠡᠶᠢᠮᠤᠷᠬᠦ ᠬᠠᠤᠯᠢ ᠪᠤᠰᠤ | ᠰᠤᠷᠭᠠᠭᠤᠯᠢ ᠳᠤ ᠴᠣᠬᠢᠯᠲᠠ ᠥᠭᠬᠦ ᠡᠷᠴᠢᠮ ᠢᠶᠠᠨ ᠴᠢᠩᠭᠠᠳᠬᠠᠭᠰᠠᠭᠠᠷ ᠢᠷᠠᠵᠠᠢ᠃ | ᠰᠤᠷᠭᠠᠨ ᠬᠥᠮᠦᠵᠢᠯ ᠤᠨ ᠶᠠᠮᠤᠨ ᠠᠴᠠ ︽ᠳᠥᠲᠡ ᠵᠠᠮ ᠢᠶᠠᠷ ᠶᠠᠪᠤᠬᠤ︾᠂ ︽ᠡᠷᠡᠮᠡᠯᠵᠡᠯᠡᠯ ᠲᠠᠭᠯᠠᠬᠤ ᠬᠡᠷᠡᠭ | ᠥᠬᠡᠶ︾᠂ ︽ᠳᠣᠣᠷ᠎ᠠ ᠬᠤᠪᠢ ᠪᠠᠷ ᠨᠠᠷᠠᠲᠤ ᠰᠤᠷᠭᠠᠭᠤᠯᠢ ᠳᠤ ᠣᠷᠣᠬᠤ︾ ᠵᠡᠷᠭᠡ ᠬᠤᠳᠠᠯ ᠦᠭᠡ ᠶᠢ ᠢᠲᠡᠭᠡᠵᠦ | ᠪᠣᠯᠬᠤ ᠥᠬᠡᠶ ᠭᠡᠵᠤ ᠰᠢᠯᠭᠠᠭᠤᠯᠤᠭᠰᠠᠳ ᠪᠣᠯᠤᠨ ᠬᠡᠷ ᠤᠨ ᠠᠬᠠᠮᠠᠳ ᠲᠤ ᠰᠠᠨᠠᠭᠤᠯᠵᠤ ᠪᠠᠶᠢᠬᠤ ᠪᠥᠭᠡᠳ ᠶᠡᠭᠡ | ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠬᠦ ᠪᠤᠶᠤ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ ᠢ | ᠤᠯᠬᠤ ᠦᠶ᠎ᠡ ᠳᠤ ᠵᠠᠪᠠᠯ ︽ᠭᠤᠷᠪᠠ ᠶᠢ ᠬᠠᠷᠭᠤᠭᠤᠯᠤᠨ ᠪᠠᠶᠢᠴᠠᠭᠠᠬᠤ︾ ᠬᠡᠷᠡᠭᠲᠡᠶ ᠭᠡᠵᠦ ᠰᠠᠨᠠᠭᠤᠯᠵᠤ ᠪᠠᠶᠢᠨ᠎ᠠ᠂ | ᠲᠤᠬᠠᠶᠢᠯᠠᠪᠠᠯ ᠨᠢᠭᠡ ᠳᠤ᠂ ᠰᠤᠷᠭᠠᠭᠤᠯᠢ ᠶᠢ ᠬᠠᠷᠭᠤᠭᠤᠯᠤᠨ ᠪᠠᠶᠢᠴᠠᠭᠠᠬᠤ ᠬᠡᠷᠡᠭᠲᠡᠶ᠃ 2022 ᠣᠨ ᠳᠤ ᠪᠥᠬᠦ | ᠤᠯᠤᠰ ᠤᠨ ᠡᠩ ᠤᠨ ᠳᠡᠭᠡᠳᠦ ᠵᠡᠷᠭᠡ ᠶᠢᠨ ᠰᠤᠷᠤᠯᠭ᠎ᠠ ᠵᠢᠨᠨᠠᠮᠲᠠᠷ ᠣᠯᠭᠤᠬᠤ ᠬᠢᠷᠢ ᠬᠡᠮ ᠲᠠᠢ ᠶᠡᠭᠡ ᠳᠡᠭᠡᠳᠦ | ᠰᠤᠷᠭᠠᠭᠤᠯᠢ ᠨᠡᠶᠢᠲᠡ 2759 ᠪᠠᠶᠢᠬᠤ ᠪᠥᠭᠡᠳ ᠨᠡᠷᠡᠰ ᠢ ᠨᠢᠭᠡᠨᠲᠡ ᠰᠤᠷᠭᠠᠨ ᠬᠥᠮᠦᠵᠢᠯ ᠤᠨ ᠶᠠᠮᠤᠨ ᠤ | ᠠᠯᠪᠠᠨ ᠤ ᠰᠦᠯᠵᠢᠶ᠎ᠡ ᠪᠠ ᠠᠯᠪᠠᠨ ᠤ ᠸᠢᠴᠠᠲ ᠤᠨ ᠲᠠᠪᠴᠠᠩ ᠳᠤ ᠨᠡᠶᠢᠲᠡᠯᠡᠵᠡᠢ᠃ ᠬᠤᠶᠠᠷ ᠲᠤ᠂ ᠡᠷᠡᠮᠡᠯᠵᠡᠯᠡᠯ | ᠢᠶᠠᠨ ᠬᠠᠷᠭᠤᠭᠤᠯᠤᠨ ᠪᠠᠶᠢᠴᠠᠭᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠰᠠᠳ ᠵᠠᠪᠠᠯ ᠡᠷᠦᠭᠡ | ᠠᠮᠠ ᠶᠢᠨ ᠳᠠᠩᠰᠠ ᠪᠠᠶᠢᠭ᠎ᠠ ᠭᠠᠵᠠᠷ ᠤᠨ ᠢᠶᠠᠨ ᠮᠤᠵᠢ ᠶᠢᠨ ᠱᠠᠲᠤᠨ ᠤ ᠶᠡᠭᠡ ᠳᠡᠭᠡᠳᠦ ᠰᠤᠷᠭᠠᠭᠤᠯᠢ ᠶᠢᠨ | ᠰᠣᠷᠣᠭᠴᠢ ᠡᠯᠰᠡᠬᠦ ᠬᠠᠮᠢᠶᠠᠲᠠᠢ ᠡᠷᠡᠮᠡᠯᠵᠡᠯᠡᠯ ᠲᠠᠭᠯᠠᠬᠤ ᠰᠢᠰᠲ᠋ᠧᠮ ᠳᠤ ᠭᠠᠷᠴᠤ᠂ ᠶᠡᠭᠡ ᠲᠡᠭᠡᠳᠦ ᠰᠤᠷᠭᠠᠭᠤᠯᠢ | ᠪᠠ ᠲᠤᠰᠬᠠᠶ ᠮᠡᠷᠭᠡᠵᠢᠯ ᠤᠨ ᠡᠷᠡᠮᠡᠯᠵᠡᠯᠡᠯ ᠢᠶᠠᠨ ᠲᠠᠭᠯᠠᠬᠤ ᠬᠡᠷᠡᠭᠲᠡᠢ᠃ ᠭᠤᠷᠪᠠ ᠳᠤ᠂ ᠰᠤᠷᠤᠭᠴᠢᠳ ᠶᠡᠭᠡ | ᠳᠡᠭᠡᠳᠦ ᠰᠤᠷᠭᠠᠭᠤᠯᠢ ᠳᠤ ᠡᠯᠰᠡᠭᠳᠡᠭᠰᠡᠨ ᠪᠠᠶᠢᠳᠠᠯ ᠢᠶᠠᠨ ᠪᠠᠶᠢᠴᠠᠭᠠᠵᠤ ᠪᠣᠯᠣᠨ᠎ᠠ᠃ ᠰᠢᠯᠭᠠᠭᠤᠯᠤᠭᠰᠠᠳ ᠪᠠ ᠬᠡᠷ ᠤᠨ | ᠠᠬᠠᠮᠠᠳ ᠶᠡᠭᠡ ᠳᠡᠭᠡᠳᠦ ᠰᠤᠷᠭᠠᠭᠤᠯᠢ ᠶᠢᠨ ᠣᠯᠭᠤᠭᠰᠠᠨ ᠰᠣᠷᠣᠭᠴᠢ ᠡᠯᠰᠡᠬᠦ ᠮᠡᠳᠡᠭᠳᠡᠯ ᠤᠨ ᠪᠢᠴᠢᠭ ᠢ | ᠣᠯᠤᠭᠰᠠᠨ ᠤ ᠳᠠᠷᠠᠭ᠎ᠠ᠂ ᠰᠣᠷᠣᠭᠴᠢ ᠶᠢᠨ ᠡᠷᠦᠭᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ | ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠵᠢᠨᠠᠯᠪᠠᠨ ᠤ ᠰᠦᠯᠵᠢᠶ᠎ᠡ ᠪᠠᠷ ᠳᠡᠮᠵᠢᠨ ᠡᠯᠰᠡᠭᠳᠡᠭᠰᠡᠨ | ᠪᠠᠶᠢᠳᠠᠯ ᠢᠶᠠᠨ ᠪᠠᠶᠢᠴᠠᠭᠠᠨ ᠯᠠᠪᠯᠠᠵᠤ ᠪᠣᠯᠤᠨ᠎ᠠ᠃ | |