ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠲᠤᠭᠲᠠᠭᠠᠯ ᠠᠴᠠ ᠵᠦᠷᠢᠴᠡᠨ ᠬᠤᠪᠢᠷᠠᠭᠤᠯᠵᠦ ᠪᠤᠯᠬᠤ ᠦᠭᠡᠢ
ᠨᠡᠶᠢᠲᠡᠯᠡᠭᠰᠡᠨ ᠴᠠᠭ᠄
2022/9/15
    ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠨᠡᠶᠢᠲᠡᠯᠡᠭᠰᠡᠨ ᠢᠶᠠᠷ᠂ ᠵᠠᠷᠢᠮ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ ᠴᠢᠨᠠᠭᠰᠢᠯᠠᠪᠠᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠢ ᠵᠢᠭᠤᠯᠴᠢᠯᠠᠯ ᠠᠮᠠᠷᠠᠯᠲᠠ ᠶᠢᠨ ᠭᠠᠵᠠᠷ᠂ ᠲᠠᠸᠠᠷ ᠤᠨ ᠤᠷᠤᠨ ᠰᠠᠭᠤᠴᠠ ᠪᠣᠯᠭᠠᠨ ᠪᠠᠶᠢᠭᠤᠯᠤᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠲᠤᠭᠲᠠᠭᠠᠯ ᠠᠴᠠ ᠵᠦᠷᠢᠴᠡᠨ ᠬᠤᠪᠢᠷᠠᠭᠤᠯᠵᠦ ᠪᠤᠯᠬᠤ ᠦᠭᠡᠢ ᠭᠡᠵᠦ ᠲᠤᠳᠤᠷᠬᠠᠢ ᠲᠤᠭᠲᠠᠭᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠠᠰᠠᠭᠤᠳᠠᠯ ᠢ ᠬᠠᠷᠭᠤᠭᠤᠯᠤᠨ ᠪᠠᠶᠢᠴᠠᠭᠠᠵᠦ ᠴᠡᠭᠴᠡᠯᠡᠨ ᠵᠠᠰᠠᠬᠤ ᠬᠤᠭᠤᠴᠠᠭ᠎ᠠ ᠶᠢ ᠲᠠᠪᠤᠨ ᠵᠢᠯ ᠪᠠᠶᠢᠭᠰᠠᠨ ᠢ ᠠᠷᠪᠠᠨ ᠵᠢᠯ ᠪᠤᠯᠭᠠᠠ ᠤᠷᠳᠤᠳᠬᠠᠵᠤ᠂ ᠤᠶᠢᠷ᠎ᠠ ᠶᠢᠨ ᠠᠷᠪᠠᠨ ᠵᠢᠯ  ᠤᠨ ᠲᠤᠷᠰᠢᠬᠢ ᠠᠰᠠᠭᠤᠳᠠᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠠᠬᠢᠴᠠ ᠶᠢ ᠲᠦᠷᠭᠡᠳᠭᠡᠵᠦ᠂ ᠲᠤᠳᠤᠷᠬᠠᠢ ᠪᠠᠶᠢᠯᠭᠠᠬᠤ ᠬᠡᠷᠡᠭᠲᠠᠢ ᠭᠡᠪᠡ᠃ ᠡᠭᠦᠨ ᠠᠴᠠ ᠭᠠᠳᠠᠨ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ  ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠢ ᠬᠠᠩᠭᠠᠭᠰᠠᠨ ᠤ ᠳᠠᠷᠠᠭ᠎ᠠ ᠬᠠᠷᠠᠬᠠᠨ ᠪᠠᠶᠢᠭᠤᠯᠤᠭᠠᠳᠦᠢ ᠪᠠᠶᠢᠪᠠᠯ ᠬᠦᠳᠡᠯᠤᠩᠭᠦᠢ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ︔ ᠭᠠᠵᠠᠷ ᠬᠡᠷᠡᠭᠯᠡᠬᠦ ᠵᠦᠪᠰᠢᠶᠡᠷᠡᠯ ᠶᠤᠰᠤᠭᠠᠷ ᠨᠡᠭᠡᠭᠡᠨ ᠠᠰᠢᠭᠯᠠᠭᠰᠠᠨ ᠦᠭᠡᠢ᠂ ᠵᠥᠪᠰᠢᠶᠡᠷᠡᠭᠡᠳ ᠳᠤᠲᠠᠭᠤ ᠪᠠᠶᠢᠭᠤᠯᠤᠭᠰᠠᠨ ᠪᠤᠯ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠬᠤ ᠬᠡᠷᠡᠭᠲᠡᠢ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠬᠡᠷᠡᠭᠯᠡᠬᠦ ᠭᠠᠵᠠᠷ ᠢ ᠵᠢᠭᠤᠯᠴᠢᠯᠠᠯ ᠠᠮᠠᠷᠠᠯᠲᠠ ᠶᠢᠨ ᠭᠠᠵᠠᠷ ᠪᠤᠯᠤᠨ ᠲᠠᠸᠠᠷ ᠤᠨ ᠤᠷᠤᠨ ᠰᠠᠭᠤᠴᠠ ᠪᠣᠯᠭᠠᠨ ᠪᠠᠶᠢᠭᠤᠯᠣᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠦ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦᠯᠤᠨ᠎ᠠ᠃     
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋