​ᠤᠢ ᠰᠢᠭᠤᠢ᠄ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠬᠦ ᠭᠤᠤᠯᠲᠠᠯᠭᠠᠲᠤ ᠵᠦᠢᠯ ᠮᠦᠨ
ᠨᠡᠶᠢᠲᠡᠯᠡᠭᠰᠡᠨ ᠴᠠᠭ᠄
2022/9/15
      ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ ᠨᠡᠭᠦᠷᠡᠰᠦᠳᠦ᠋ᠷᠦᠭᠴᠢ ᠶᠢ ᠱᠠᠭᠠᠷᠮᠠᠭᠵᠢᠭᠤᠯᠬᠤ︾ ᠬᠤᠤᠰ ᠬᠠᠷᠠᠯᠲᠠ ᠶᠢ ᠪᠡᠶᠡᠯᠡᠭᠦᠯᠬᠦ ᠳᠤ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠲᠠᠯ᠎ᠠ ᠪᠠᠷ ᠬᠦᠴᠦᠯᠡᠬᠦ ᠬᠡᠷᠡᠭᠲᠡᠶ᠃ ᠤᠢ ᠰᠢᠭᠤᠢ ᠪᠠ ᠨᠤᠲᠤᠭ ᠪᠡᠯᠴᠢᠭᠡᠷ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠰᠠᠭᠤᠷᠢᠯᠠᠬᠤ ᠴᠢᠨᠠᠷᠲᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠦᠢᠯᠡᠳᠦᠯ ᠲᠠᠢ ᠪᠠᠶᠢᠳᠠᠭ᠃ ᠤᠢ ᠰᠢᠭᠤᠢ ᠨᠢ ᠨᠡᠩ ᠴᠤ ᠡᠭᠡ ᠬᠠᠭᠤᠷᠠᠢ ᠳᠡᠭᠡᠷᠡᠬᠢ ᠬᠠᠮᠤᠭ ᠤᠨ ᠶᠡᠭᠡ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠮᠥᠨ᠂ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠦᠢᠯᠡᠳᠦᠯ ᠨᠢ ᠮᠠᠰᠢ ᠢᠯᠡᠷᠬᠡᠢ ᠮᠥᠷᠲᠡᠭᠡᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠲᠠᠯᠳᠠ ᠬᠦᠴᠦᠨ ᠢᠶᠠᠷ ᠶᠡᠭᠡ᠂ ᠥᠪᠡᠷ ᠤᠨ ᠦᠷᠳᠡᠭ ᠢᠶᠠᠷ ᠳᠣᠣᠷ᠎ᠠ᠂ ᠠᠮᠢ ᠠᠬᠤᠢ ᠶᠢᠨ ᠨᠡᠮᠡᠯᠲᠡ ᠦᠷᠳᠡᠭ ᠢᠶᠠᠷ ᠥᠨᠳᠥᠷ ᠵᠡᠷᠭᠡ ᠳᠠᠪᠠᠭᠤᠯᠢᠭ ᠲᠠᠯ᠎ᠠ ᠲᠠᠢ ᠪᠠᠶᠢᠵᠤ᠂ ᠪᠦᠬᠦ ᠪᠥᠮᠪᠥᠷᠴᠡᠭ ᠤᠨ ᠨᠡᠭᠦᠷᠡᠰᠦᠲᠥ᠋ᠷᠥᠭᠴᠢ ᠶᠢᠨ ᠲᠡᠩᠴᠡᠭᠦᠷᠢ ᠶᠢ ᠪᠠᠲᠤᠯᠠᠬᠤ ᠳᠤ ᠯᠤᠲᠤ ᠶᠡᠭᠡ ᠦᠢᠯᠡᠳᠦᠯ ᠦᠵᠡᠭᠦᠯᠵᠦ ᠪᠠᠶᠢᠳᠠᠭ᠃ ᠤᠢᠢᠷ᠎ᠠ ᠶᠢᠨ ᠵᠢᠯ ᠠᠴᠠ᠂ ᠮᠠᠨ ᠤ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠢ ᠰᠢᠭᠤᠢ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠤᠢ ᠰᠢᠭᠤᠢ ᠭᠡᠬᠦ ︽ᠨᠡᠭᠦᠷᠡᠰᠦᠲᠥ᠋ᠷᠥᠭᠴᠢ ᠶᠢᠨ ᠬᠥᠮᠥᠷᠭᠡ︾ ᠶᠢ ᠨᠡᠩ ᠴᠢᠨᠠᠷ ᠰᠠᠶᠢᠲᠠᠢ᠂ ᠨᠡᠩ ᠲᠣᠭᠲᠠᠭᠤᠨ ᠪᠤᠯᠭᠠᠬᠤ ᠪᠠᠷ ᠬᠦᠴᠦᠯᠡᠵᠦ ᠪᠤᠢ᠃ 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ