ᠬᠢᠮᠡᠯ ᠰᠢᠳᠦ ᠬᠢᠯᠭᠡᠬᠦ ᠦᠨ᠎ᠡ ᠶᠢ ᠪᠠᠭᠤᠷᠠᠭᠤᠯᠪᠠ
ᠨᠡᠶᠢᠲᠡᠯᠡᠭᠰᠡᠨ ᠴᠠᠭ᠄
2022/9/20
                               ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶ᠎ᠠ 9 ᠳ᠋ᠦ᠋ᠭᠡᠷ ᠰᠠᠷ᠎ᠠ ᠶᠢᠨ 8 ᠤ ᠡᠳᠦᠷ ︽ᠬᠢᠮᠡᠯ ᠰᠢᠳᠣ ᠬᠢᠬᠦ ᠡᠮᠴᠢᠯᠡᠭᠡᠨ ᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠲᠤᠰᠬᠠᠶᠢᠯᠠᠨ ᠵᠠᠰᠠᠬᠤ ᠲᠤᠬᠠᠶ ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ ᠱᠠᠭᠠᠷᠳᠠᠬᠤ ᠳᠠᠭᠠᠨ᠂ ᠨᠢᠭᠡ ᠰᠢᠳᠣ ᠲᠠᠷᠢᠬᠤ ᠡᠮᠴᠢᠯᠡᠭᠡᠨ ᠤ ᠦᠢᠯᠡᠴᠢᠯᠡᠭᠡᠨ ᠤ ᠬᠡᠰᠡᠭ ᠤᠨ ᠶᠡᠷᠦᠩᠬᠡᠶ ᠦᠨ᠎ᠡ ᠶᠢ ᠵᠠᠷᠴᠢᠮ ᠳᠡᠭᠡᠷ᠎ᠡ ᠪᠠᠨ 4500 ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ ᠭᠡᠵᠡᠢ᠃ ︵ᠡᠭᠦᠳᠡᠨ ᠡᠮᠨᠡᠯᠭᠡ ᠳᠤ ᠣᠨᠣᠰᠢᠯᠠᠨ ᠪᠠᠶᠢᠴᠠᠭᠠᠬᠤ᠂ ᠠᠮᠢᠳᠤ ᠪᠣᠳᠠᠰ ᠤᠨ ᠬᠢᠮᠢ ᠶᠢᠨ ᠰᠢᠯᠭᠠᠨ ᠪᠠᠶᠢᠴᠠᠭᠠᠯᠲᠠ ᠪᠠ ᠸᠢᠳᠢᠣ᠋ ᠪᠠᠶᠢᠴᠠᠭᠠᠯᠲᠠ᠂ ᠰᠢᠳᠣ ᠳᠠᠷᠢᠬᠤ᠂ ᠰᠢᠳᠦᠨ ᠤ ᠪᠡᠶ᠎ᠡ ᠰᠠᠭᠤᠯᠭᠠᠬᠤ ᠵᠡᠷᠭᠡ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠨᠡᠶᠢᠯᠡᠪᠦᠷᠢ ᠶᠢ ᠵᠢᠭᠠᠵᠤ ᠪᠠᠶᠢᠨ᠎ᠠ᠃ ᠬᠢᠮᠡᠯ ᠰᠢᠳᠣ ᠪᠠ ᠰᠢᠳᠦᠨ ᠤ ᠪᠡᠶ᠎ᠡ ᠪᠠᠭᠲᠠᠬᠤ ᠥᠬᠡᠶ︶   
ᠢᠷᠡᠯᠲᠡ᠄ ᠲᠥᠪ ᠷᠠᠳᠢᠣ᠋ ᠶᠢᠨ ᠮᠡᠳᠡᠭᠡ