​ ᠭᠠᠵᠠᠷ ᠰᠢᠷᠣᠢ ᠡᠵᠡᠩᠨᠡᠬᠦ ᠡᠷᠬᠡ ᠶᠢ ᠡᠷᠭᠢᠯᠲᠡ ᠳᠤ ᠣᠷᠣᠭᠤᠯᠬᠤ ᠳᠤ ︽ᠲᠡᠷᠢᠶᠠᠨ  ᠭᠠᠵᠠᠷ ᠲᠤ ᠠᠮᠤ  ᠪᠤᠳᠠᠭ᠎ᠠ ᠲᠠᠷᠢᠬᠤ ᠦᠭᠡᠢ︾ ᠪᠠᠶᠢᠵᠤ ᠪᠤᠯᠬᠤ ᠦᠭᠡᠢ
ᠨᠡᠶᠢᠲᠡᠯᠡᠭᠰᠡᠨ ᠴᠠᠭ᠄
2022/9/20
       ︽ᠬᠥᠳᠡᠭᠡ  ᠲᠣᠰᠬᠤᠨ ᠤ ᠭᠠᠵᠠᠷ  ᠰᠢᠷᠣᠶ ᠶᠢᠨ ᠡᠵᠡᠩᠨᠡᠯᠲᠡ ᠶᠢᠨ  ᠡᠷᠬᠡ ᠶᠢ  ᠡᠷᠭᠢᠯᠲᠡ ᠳᠤ  ᠣᠷᠣᠭᠤᠯᠬᠤ ᠬᠠᠮᠢᠶᠠᠷᠤᠯᠲᠠ ᠶᠢᠨ ᠠᠷᠭ᠎ᠠ︾ ᠶᠢ 3 ᠰᠠᠷ᠎ᠠ ᠶᠢᠨ 1 ᠤ ᠡᠳᠦᠷ ᠠᠴᠠ  ᠬᠡᠷᠡᠭᠵᠢᠭᠦᠯᠦᠨ᠎ᠡ᠃ ᠠᠷᠭ᠎ᠠ ᠨᠢ  ᠲᠠᠷᠢᠶᠠᠨ  ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠢ ᠴᠢᠩᠭᠠᠳᠬᠠᠬᠤ ᠶᠢᠨ  ᠲᠣᠭᠤᠷᠢᠨ ᠳᠤ᠂ ᠬᠥᠳᠡᠭᠡ ᠲᠣᠰᠬᠤᠨ ᠤ  ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ  ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃                 ᠠᠷᠭ᠎ᠠ ᠳᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠳᠤ ᠬᠥᠳᠡᠭᠡ ᠲᠣᠰᠬᠤᠨ ᠤ  ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ ᠤ  ᠬᠠᠤᠯᠢ ᠶᠣᠰᠣᠨ ᠤ  ᠡᠷᠬᠡ ᠠᠰᠢᠭ ᠢ ᠬᠤᠬᠢᠷᠠᠭᠤᠯᠵᠤ  ᠪᠣᠯᠬᠤ  ᠥᠬᠡᠶ᠂  ᠲᠠᠷᠢᠶᠠᠯᠠᠩ ᠤᠨ  ᠶᠡᠷᠦᠩᠬᠡᠶᠢᠯᠡᠭᠰᠡᠨ  ᠦᠢᠯᠡᠳᠪᠦᠷᠢᠯᠡᠯ ᠤᠨ  ᠴᠢᠳᠠᠪᠤᠷᠢ  ᠪᠣᠯᠤᠨ ᠲᠠᠷᠢᠶᠠᠯᠠᠩ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ  ᠪᠣᠯᠬᠤ ᠥᠬᠡᠶ᠂  ᠳᠠᠭᠠᠭᠠᠴᠢᠯᠠᠭᠰᠠᠨ  ᠭᠠᠵᠠᠷ  ᠰᠢᠷᠣᠶ ᠶᠢᠨ ᠥᠮᠴᠢᠯᠡᠯ ᠤᠨ ᠡᠷᠬᠡ ᠶᠢᠨ ᠰᠢᠨᠵᠢ ᠴᠢᠨᠠᠷ ᠵᠢᠴᠢ  ᠲᠡᠭᠦᠨ ᠤ ᠲᠠᠷᠢᠶᠠᠯᠠᠩ ᠤᠨ ᠬᠡᠷᠡᠭᠴᠡᠭᠡ ᠶᠢ ᠬᠤᠪᠢᠷᠠᠭᠤᠯᠵᠤ  ᠪᠣᠯᠬᠤ  ᠥᠬᠡᠶ᠂ ᠲᠠᠷᠢᠶᠠᠨ  ᠭᠠᠵᠠᠷ ᠢ  ᠲᠠᠷᠢᠶᠠᠯᠠᠩ ᠳᠤ  ᠬᠡᠷᠡᠭᠯᠡᠬᠦ ᠶᠢ  ᠦᠨᠡᠨ  ᠬᠦ  ᠪᠠᠲᠤᠯᠠᠵᠤ᠂  ᠡᠩ  ᠲᠡᠷᠢᠭᠦᠨ ᠳᠤ   ᠠᠮᠤ   ᠪᠤᠳᠠᠭᠠᠨ ᠤ  ᠦᠢᠯᠡᠳᠪᠦᠷᠢᠯᠡᠯ ᠳᠤ ᠬᠡᠷᠡᠭᠯᠡᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ  ᠪᠣᠯᠭᠠᠬᠤ︾ ᠶᠢ  ᠬᠤᠷᠢᠭᠯᠠᠨ  ᠵᠣᠭᠰᠣᠭᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃                ᠭᠦᠯᠢᠶᠠᠨ ᠠᠪᠤᠭᠴᠢ ᠨᠢ ᠬᠤᠯᠪᠣᠭᠳᠠᠯ ᠪᠦᠭᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠭᠠᠵᠠᠷ ᠰᠢᠷᠣᠢ ᠶᠢ ᠬᠠᠮᠠᠭᠠᠯᠠᠬᠤ ᠬᠡᠷᠡᠭᠲᠡᠢ᠂ ᠭᠠᠵᠠᠷ ᠰᠢᠷᠣᠢ ᠶᠢᠨ ᠲᠠᠷᠢᠶᠠᠯᠠᠩ ᠤᠨ  ᠬᠡᠷᠡᠭᠴᠡᠭᠡ ᠶᠢ  ᠬᠤᠪᠢᠷᠠᠭᠤᠯᠬᠤ ᠶᠢ  ᠴᠠᠭᠠᠵᠠᠯᠠᠨ᠎ᠠ᠃  ᠲᠠᠷᠢᠶᠠᠨ ᠭᠠᠵᠠᠷ ᠢ ᠰᠤᠯᠠ ᠲᠠᠯᠪᠢᠬᠤ᠂ ᠠᠲᠠᠷᠰᠢᠭᠤᠯᠬᠤ ᠶᠢ ᠴᠠᠭᠠᠵᠠᠯᠠᠨ᠎ᠠ᠂ ᠲᠠᠷᠢᠶᠠᠨ ᠭᠠᠵᠠᠷ ᠢ  ᠡᠵᠡᠯᠡᠨ ᠸᠠᠭᠠᠷ ᠲᠤᠭᠤᠰᠬ᠎ᠠ  ᠰᠢᠳᠠᠭᠠᠬᠤ ᠭᠠᠵᠠᠷ ᠭᠠᠷᠭᠠᠬᠤ᠂ ᠪᠤᠯᠠᠰᠢᠨ ᠭᠠᠵᠠᠷ ᠭᠠᠷᠭᠠᠬᠤ ᠪᠤᠶᠤ ᠲᠠᠷᠢᠶᠠᠨ ᠭᠠᠵᠠᠷ   ᠳᠡᠭᠡᠷ᠎ᠡ  ᠳᠤᠷ᠎ᠠ ᠪᠠᠷ ᠢᠶᠠᠨ  ᠭᠡᠷ  ᠪᠠᠷᠢᠬᠤ᠂  ᠡᠯᠡᠰᠦ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠢ ᠮᠠᠯᠲᠠᠬᠤ᠂   ᠰᠢᠷᠣᠢ  ᠠᠪᠬᠤ ᠶᠢ  ᠴᠠᠭᠠᠵᠠᠯᠠᠨ᠎ᠠ᠃  ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠣᠢ  ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠮᠠᠯᠲᠠᠵᠤ  ᠵᠢᠭᠠᠰᠤ  ᠲᠡᠵᠢᠭᠡᠬᠦ ᠶᠢ ᠴᠠᠭᠠᠵᠠᠯᠠᠨ᠎ᠠ ᠬᠡᠵᠦ  ᠲᠤᠳᠤᠷᠬᠠᠢ ᠲᠤᠬᠳᠠᠭᠠᠪᠠ᠃        
ᠢᠷᠡᠯᠲᠡ᠄ ᠠᠷᠠᠳ ᠤᠨ ᠰᠦᠯᠵᠢᠶ᠎ᠡ