ᠪᠦᠭᠦ ᠬᠤᠳᠠ ᠶᠢᠨ ᠨᠢᠭᠡᠳᠤᠭᠡᠷ ᠠᠵᠤ ᠦᠢᠯᠡᠰ ᠢ ᠲᠡᠭᠢᠨ ᠴᠤᠬᠴᠠᠯᠠᠬᠤ ᠶᠢ ᠠᠭᠢᠭᠤᠯᠬᠤ ᠲᠤᠬᠠᠢ ᠶᠢᠨ ᠭᠠᠵᠠᠷ ᠤᠨ ᠲᠤᠭᠤᠷᠢᠨ ᠦᠵᠡᠵᠤ ᠲᠤᠷᠰᠢᠯᠭ᠎ᠠ ᠰᠤᠯᠢᠯᠴᠠᠬᠤ ᠬᠤᠷᠡᠯ ᠬᠤᠷᠡᠯᠳᠤᠵᠡᠢ
ᠨᠡᠶᠢᠲᠡᠯᠡᠭᠰᠡᠨ ᠴᠠᠭ᠄
2022/9/28
    ᠤᠶᠢᠷ᠎ᠠ ᠶᠢᠨ ᠡᠳᠦᠷ᠂ ᠪᠦᠬᠦ ᠬᠤᠳᠠ ᠶᠢᠨ ᠨᠢᠭᠡᠳᠦᠭᠡᠷ ᠠᠵᠤ ᠦᠢᠯᠡᠰ ᠢ ᠲᠠᠬᠢᠨ ᠴᠤᠬᠴᠠᠯᠠᠬᠤ ᠶᠢ ᠠᠬᠢᠭᠤᠯᠬᠤ ᠲᠤᠬᠠᠢ ᠶᠢᠨ ᠭᠠᠵᠠᠷ ᠤᠨ ᠲᠤᠭᠤᠷᠢᠨ ᠦᠵᠡᠵᠤ ᠲᠤᠷᠰᠢᠯᠭ᠎ᠠ ᠰᠤᠯᠢᠯᠴᠠᠬᠤ ᠬᠤᠷᠠᠯ ᠬᠤᠷᠠᠯᠳᠤᠵᠤ᠂ ᠬᠠᠷᠢᠯᠴᠠᠨ ᠲᠤᠯᠢ ᠪᠣᠯᠭᠠᠵᠤ᠂ ᠲᠤᠷᠰᠢᠯᠭ᠎ᠠ ᠪᠠᠨ ᠰᠣᠯᠢᠯᠴᠠᠨ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠲᠡᠷᠢᠭᠦᠨ ᠤ ᠬᠢ ᠪᠠᠷ ᠪᠠᠷᠢᠮᠵᠢᠶᠡᠯᠡᠨ᠂ ᠨᠡᠭᠡᠨ ᠲᠠᠪᠠᠵᠤ᠂ ᠲᠤᠰ ᠲᠤᠰ ᠤᠨ ᠢᠶᠠᠨ ︽ ᠨᠢᠭᠡᠳᠦᠭᠡᠷ ᠠᠵᠤ ᠦᠢᠯᠡᠰ ᠢ ᠲᠠᠬᠢᠨ ᠴᠤᠬᠴᠠᠯᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠰᠡᠳᠭᠢᠴᠡ ᠪᠠ ᠲᠠᠭᠤᠷᠢᠶᠡᠯ ᠦᠵᠡᠭᠦᠯᠵᠦ᠂ ᠪᠦᠬᠦ ᠬᠤᠳᠠ ᠶᠢᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠰᠢᠨ᠎ᠡ ᠲᠠᠪᠰᠢᠯᠳᠠ ᠲᠠᠢ ᠪᠤᠯᠵᠤ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠲᠡᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠶ᠎ᠠ ᠪᠠᠭᠰᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠵᠧᠩ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠣᠷᠣᠯᠴᠠᠪᠠ᠃         ᠬᠤᠷᠠᠯ ᠠᠴᠠ᠂ ᠣᠳᠣᠬᠠᠨ ᠳᠤ ᠤᠷᠳᠤᠰ ᠤᠨ ᠲᠠᠷᠢᠶᠠᠯᠠᠩ ᠮᠠᠯ ᠠᠵᠤ ᠠᠬᠤᠢ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠭᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠮᠠᠰᠢ ᠤᠯᠠᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠮᠠᠯ ᠲᠠᠷᠢᠶᠠᠯᠠᠩ ᠤᠨ ᠠᠵᠢᠯ ᠢ ᠰᠠᠶᠢᠲᠤᠷ ᠬᠢᠬᠦ ᠳᠤ ᠲᠠᠨᠢᠯᠲᠠ ᠪᠠᠨ ᠳᠡᠭᠡᠭᠰᠢᠯᠡᠭᠦᠯᠬᠦ ᠪᠣᠯ ᠤᠷᠢᠲᠠᠯ ᠪᠣᠯᠤᠨ᠎ᠠ᠂ ᠲᠦᠷᠦ ᠶᠢᠨ ᠪᠤᠳᠤᠯᠭ᠎ᠠ ᠶᠢ ᠨᠡᠪᠲᠡᠷᠬᠡᠢ ᠣᠶᠢᠯᠠᠭᠠᠬᠤ ᠪᠣᠯ ᠰᠠᠭᠤᠷᠢ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠡᠭ ᠤᠨ ︽ᠭᠦᠳᠡᠭᠡ ᠠᠵᠤ ᠠᠬᠤᠢ ᠭᠦᠳᠡᠭᠡ ᠲᠤᠰᠬᠤᠨ ᠲᠠᠷᠢᠶᠡᠴᠢᠨ︾  ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠴᠢᠳᠠᠪᠤᠷᠢ ᠶᠢᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠨᠢᠭᠡᠳᠦᠭᠡᠷ ᠠᠵᠤ ᠦᠢᠯᠡᠰ ᠤᠨ ᠲᠤᠭ᠎ᠠ ᠪᠦᠷᠢᠳᠭᠡᠯ ᠤᠨ ᠠᠵᠢᠯ ᠢ ᠴᠢᠩᠭᠠᠳᠬᠠᠨ᠂  ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠶᠢ ᠪᠠᠲᠤᠯᠠᠨ᠂ ᠬᠦᠴᠦᠲᠡᠶ ᠠᠵᠢᠯ ᠤᠨ ᠠᠷᠭ᠎ᠠ ᠬᠡᠮᠵᠢᠶ᠎ᠡ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠭᠡᠷᠡᠭᠳᠡᠢ ᠭᠡᠵᠤ ᠴᠢᠬᠤᠯᠠᠴᠢᠯᠡᠪᠡ᠃        ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠦᠬᠦ ᠬᠤᠳᠠ ᠶᠢᠨ 9 ᠬᠤᠰᠢᠭᠤ ᠲᠣᠭᠤᠷᠢᠭ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤ ᠬᠠᠳᠤᠨ ᠭᠤᠣᠯ ᠤᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ᠂ ᠪᠣᠬᠢᠷᠲᠤᠯ ᠦᠭᠡᠢ ᠲᠣᠭᠠᠵᠢᠭᠤᠯᠤᠬᠰᠡᠨ ᠲᠠᠷᠢᠶᠠᠨ ᠭᠠᠵᠠᠷ᠂ ᠢ ᠲᠠᠢ ᠴᠡᠴᠡᠭ ᠡᠪᠡᠰᠦ᠂ ᠤᠷᠳᠤᠰ · ᠮᠠᠯᠵᠢᠯ ᠤᠨ ᠲᠠᠯᠠᠪᠠᠢ᠂ ᠵᠠᠭᠤᠨ ᠲᠦᠮᠡᠨ ᠮᠦ ᠶᠢᠨ ᠨᠢᠮᠪᠡᠭᠡ ᠶᠢᠨ ᠲᠠᠷᠢᠮᠠᠯ ᠤᠨ ᠰᠠᠭᠤᠷᠢᠨ ᠭᠠᠵᠠᠷ᠂ ᠴᠤᠤᠳᠠᠢ ᠤᠳᠤ ᠦᠶ᠎ᠡ ᠶᠢᠨ ᠮᠢᠬᠠᠨ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂  ᠮᠸᠡᠭ ᠲᠠᠢ ᠶᠢᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ᠂ ᠤᠯᠠᠨ ᠪᠦᠲᠦᠭᠡᠭᠳᠡᠬᠦᠨ ᠢᠶᠠᠷ ᠲᠠᠷᠢᠶᠠᠯᠠᠩ ᠢ ᠲᠤᠰᠠᠯᠠᠵᠤ ᠲᠠᠷᠢᠶᠠᠴᠢᠳ ᠲᠤ ᠠᠰᠢᠭ ᠬᠦᠷᠲᠡᠭᠡᠬᠦ ᠲᠠᠪᠴᠠᠩ ᠵᠡᠷᠭᠡ 21 ᠲᠦᠷᠦᠯ ᠵᠦᠢᠯ ᠤᠨ ᠬᠥᠭᠵᠢᠯᠲᠡ ᠪᠣᠯᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠤᠷᠢᠨ ᠦᠵᠡᠪᠡ᠃         
ᠢᠷᠡᠯᠲᠡ᠄ ᠤᠷᠳᠤᠰ ᠬᠤᠳᠠ ᠶᠢᠨ ᠮᠤᠩᠭᠤᠯ ᠬᠡᠯᠡᠨ ᠤ ᠰᠦᠯᠵᠢᠶ᠎ᠡ