ᠰᠤᠷᠲ ᠤᠨ ᠦᠷ᠎ᠡ ᠶᠢᠨ ᠴᠢᠨᠠᠷ ᠤᠨ ᠱᠠᠭᠠᠷᠳᠠᠯᠭ᠎ᠠ
ᠨᠡᠶᠢᠲᠡᠯᠡᠭᠰᠡᠨ ᠴᠠᠭ᠄
2022/9/6
                             ᠲᠡᠵᠢᠬᠡᠯ ᠡᠪᠡᠰᠦᠨ ᠤ ᠦᠷ᠎ᠡ ᠶᠢᠨ ᠴᠢᠨᠠᠷ ᠤᠨ ᠰᠠᠶᠢᠨ ᠮᠠᠭᠤ ᠨᠢ ᠲᠠᠷᠢᠬᠤ ᠴᠢᠨᠠᠷ ᠢ ᠰᠢᠭᠤᠳ ᠨᠦᠯᠦᠬᠡᠯᠡᠵᠦ᠂ ᠡᠬᠦᠨ ᠤ ᠣᠯᠠᠮ ᠠᠴᠠ ᠲᠡᠵᠢᠬᠡᠯ ᠡᠪᠡᠰᠦᠨ ᠤ ᠤᠷᠭᠤᠯᠳᠠ ᠪᠤᠯᠤᠨ ᠤᠨᠠᠯᠳᠠ ᠶᠢ ᠨᠦᠯᠦᠬᠡᠯᠡᠳᠡᠭ᠃ ᠡᠶᠢᠮᠦ ᠠᠴᠠ ᠲᠠᠷᠢᠬᠤ ᠠᠴᠠ ᠡᠮᠦᠨ᠎ᠡ ᠵᠠᠪᠳᠤᠵᠤ ᠦᠷ᠎ᠡ ᠶᠢᠨ ᠴᠢᠨᠠᠷ ᠢ ᠪᠠᠳᠤᠯᠠᠵᠤ᠂ ᠲᠠᠷᠢᠬᠤ ᠴᠢᠨᠠᠷ ᠴᠢᠨᠰᠠᠭ᠎ᠠ ᠶᠢ ᠪᠠᠳᠤᠯᠠᠬᠤ ᠬᠡᠷᠡᠭᠳᠡᠢ᠃ ᠴᠢᠨᠠᠷ ᠰᠠᠶᠢᠨ ᠦᠷ᠎ᠡ ᠶᠢᠨ ᠴᠡᠪᠡᠷᠴᠡ ᠨᠢ ᠦᠨᠳᠦᠷ᠂ ᠮᠦᠬᠦᠯᠢᠭ ᠨᠢ ᠲᠦᠬᠦᠷᠡᠩ ᠲᠡᠭᠰᠢ ᠪᠦᠬᠡᠳ ᠠᠮᠢᠵᠢᠷᠠᠯ ᠤᠨ ᠬᠦᠴᠦ  ᠨᠢ ᠴᠢᠩᠭ᠎ᠠ᠂ ᠡᠷᠡᠬᠦᠯ ᠴᠢᠬᠢᠷᠠᠭ ᠮᠦᠷᠳᠡᠬᠡᠨ ᠡᠪᠡᠳᠴᠢᠨ ᠬᠤᠷᠤᠬᠠᠢ ᠶᠢᠨ ᠬᠦᠨᠦᠬᠡᠯ ᠦᠬᠡᠢ ᠪᠠᠶᠢᠬᠤ ᠬᠡᠷᠡᠭᠳᠡᠢ᠃ ᠦᠷ᠎ᠡ ᠶᠢᠨ ᠴᠡᠪᠡᠷᠴᠡ ᠬᠡᠳᠡᠭ ᠨᠢ ᠦᠷ᠎ᠡ ᠳᠤ ᠬᠤᠯᠢᠯᠳᠤᠵᠤ ᠪᠠᠶᠢᠭ᠎ᠠ ᠬᠤᠯᠢᠴᠠ ᠪᠤᠳᠠᠰ ᠢ ᠢᠯᠭᠠᠵᠤ ᠬᠠᠶᠠᠭᠰᠠᠨ ᠤ ᠰᠡᠬᠦᠯᠡᠷ ᠲᠤᠰ ᠰᠤᠷᠲ ᠤᠨ ᠦᠷ᠎ᠡ ᠶᠢᠨ ᠡᠵᠡᠯᠡᠬᠦ ᠬᠠᠷᠢᠴᠠᠯ ᠢ ᠵᠢᠭᠠᠨ᠎ᠠ᠃ ᠲᠠᠷᠢᠬᠤ ᠦᠷ᠎ᠡ  ᠶᠢᠨ ᠴᠡᠪᠡᠷᠴᠡ ᠶᠢ ᠪᠠᠳᠤᠯᠠᠬᠤ ᠨᠢ ᠮᠠᠰᠢ ᠴᠢᠬᠤᠯᠠ ᠶᠤᠮ᠃ ᠴᠡᠪᠡᠷ ᠤᠨ ᠬᠡᠮᠵᠢᠶ᠎ᠡ ᠦᠨᠳᠦᠷ ᠪᠤᠯ ᠰᠤᠷᠲ ᠤᠨ ᠤᠨᠴᠠᠯᠢᠭ ᠴᠢᠨᠠᠷ ᠢᠶᠠᠨ ᠤᠳᠠᠭᠠᠨ ᠬᠠᠳᠠᠭᠠᠯᠠᠵᠤ ᠲᠡᠶᠢᠯᠳᠡᠭ᠃ ᠬᠡᠷᠪᠡ ᠪᠤᠰᠤᠳ ᠬᠤᠯᠢᠴᠠ ᠦᠷ᠎ᠡ ᠤᠷᠤᠪᠠᠯ ᠤᠤᠯ ᠦᠷ᠎ᠡ ᠶᠢᠨ ᠰᠢᠯᠢᠳᠡᠭ ᠴᠢᠨᠠᠷ ᠢ ᠪᠠᠭᠤᠷᠠᠭᠤᠤᠯᠨ ᠴᠢᠨᠠᠷ ᠴᠢᠨᠰᠠᠭ᠎ᠠ ᠶᠢ ᠨᠦᠯᠦᠬᠡᠯᠡᠳᠡᠭ᠃ ᠦᠷ᠎ᠡ  ᠶᠢᠨ ᠮᠦᠬᠦᠯᠢᠭ ᠤᠨ ᠶᠡᠭᠡ ᠪᠠᠭ᠎ᠠ ᠨᠢ ᠲᠡᠵᠢᠬᠡᠯ ᠡᠪᠡᠰᠦᠨ ᠤ ᠰᠤᠶᠤᠭᠠᠯᠠᠬᠤ ᠪᠤᠯᠤᠨ ᠤᠷᠭᠤᠬᠤ ᠳᠤ ᠮᠠᠰᠢ ᠶᠡᠭᠡ ᠨᠦᠯᠦᠬᠡ ᠲᠠᠢ ᠪᠠᠶᠢᠳᠠᠭ᠃ ᠢᠵᠢᠯᠢᠬᠢᠨ ᠨᠢᠬᠡ ᠲᠦᠷᠦᠯ ᠤᠨ ᠲᠡᠵᠢᠬᠡᠯ ᠡᠪᠡᠰᠦᠨ ᠤ ᠦᠷ᠎ᠡ ᠶᠢᠨ ᠮᠦᠬᠦᠯᠢᠭ ᠨᠢ ᠲᠤᠮᠤ ᠪᠤᠯ ᠤᠷᠭᠤᠵᠤ ᠭᠠᠷᠬᠤ ᠨᠢᠯᠬ᠎ᠠ ᠴᠢᠬᠢ ᠶᠢᠨ ᠠᠮᠢᠳᠤᠷᠠᠬᠤ ᠬᠦᠴᠦᠨ ᠨᠢ ᠴᠢᠩᠭ᠎ᠠ ᠪᠠᠶᠢᠳᠠᠭ᠃ ᠵᠢᠵᠢᠭ ᠮᠦᠬᠦᠯᠢᠭᠳᠦ ᠦᠷ᠎ᠡ ᠲᠠᠢ ᠰᠤᠷᠲ ᠤᠨ ᠲᠡᠰ ᠨᠢ ᠲᠡᠳᠦᠢ ᠦᠨᠳᠦᠷ ᠪᠤᠯ ᠰᠤᠶᠤᠭᠠᠯᠠᠴᠠ ᠨᠢ ᠲᠡᠳᠦᠢ ᠦᠨᠳᠦᠷ ᠪᠠᠶᠢᠳᠠᠭ᠃       
ᠢᠷᠡᠯᠲᠡ᠄ ᠪᠠᠶᠠᠨᠨᠠᠭᠤᠷ ᠡᠳᠦᠷ ᠤᠨ ᠰᠤᠨᠢᠨ ᠠᠴᠠ ᠪᠠᠭᠤᠯᠭᠠᠪᠠ