ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠰᠠᠶᠢᠨ ᠬᠢᠬᠦ ᠪᠤᠢ︖ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠠᠯᠠᠮᠰᠢᠯ ᠠᠰᠠᠭᠤᠳᠠᠯ ᠳᠤ ᠬᠠᠷᠢᠭᠤᠯᠲᠠ ᠦᠭᠪᠡ
ᠨᠡᠶᠢᠲᠡᠯᠡᠭᠰᠡᠨ ᠴᠠᠭ᠄
2023/1/30
     ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠭᠤᠤ ᠯᠸᠢ ᠰᠢᠶᠧ ᠰᠢ ᠶᠣᠣ ᠳ᠋ᠦᠩ ᠪᠥᠸᠧ ᠲᠢᠩ︶ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠦᠭᠰᠡᠨ ᠤ ᠳᠠᠷᠠᠭ᠎ᠠ ᠭᠤᠤᠯᠳᠠᠯᠭ᠎ᠠ ᠲᠠᠢ ᠬᠥᠮᠦᠰ᠂ ᠭᠤᠤᠯᠳᠠᠯᠭ᠎ᠠ ᠲᠠᠢ ᠪᠠᠶᠢᠭᠤᠯᠤᠮᠵᠢ᠂ ᠭᠤᠤᠯᠳᠠᠯᠭ᠎ᠠ ᠲᠠᠢ ᠲᠠᠯᠠᠪᠤᠷ ᠭᠠᠵᠠᠷ ᠨᠢ ᠮᠥᠨ ᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯᠵᠣ ᠪᠠᠶᠢᠨ᠎ᠠ᠃        ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠰᠠᠶᠢᠨ ᠬᠢᠬᠦ ᠪᠤᠢ︖ ᠬᠤᠳᠠᠯᠳᠤᠭᠠᠨ ᠤ ᠬᠡᠲᠦ ᠳᠡᠯᠭᠡᠭᠦᠷ᠂ ᠲᠦᠷᠭᠡᠨ ᠬᠦᠷᠭᠡᠯᠲᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠲᠣᠭᠲᠠᠭᠤᠨ ᠢᠶᠠᠷ ᠠᠵᠢᠯᠯᠠᠬᠤ ᠶᠢ ᠬᠡᠷᠬᠢᠨ ᠪᠠᠲᠤᠯᠠᠬᠤ ᠪᠣᠶ︖ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠳᠠᠯᠴᠠᠭ᠎ᠠ ᠶᠢ ᠬᠡᠷᠬᠢᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠣᠶ︖ 1 ᠰᠠᠷ᠎ᠠ ᠶᠢᠨ 11 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠬᠠᠷᠢᠭᠤᠯᠲᠠ ᠦᠭᠪᠡ᠃      ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠷᠦᠩᠬᠡᠶ ᠳ᠋ᠡᠭᠡᠨ‌ᠨᠡᠶᠢᠬᠡᠮ ᠤᠨ ᠲᠠᠯ᠎ᠠ ᠠᠴᠠ ᠴᠢᠩᠭ᠎ᠠ ᠠᠳᠬᠤᠪᠠᠯ ᠵᠤᠬᠢᠨ᠎ᠠ      ᠪᠥᠬᠦ ᠤᠯᠤᠰ ᠤᠨ 4 ᠲᠦᠮᠡ ᠭᠠᠷᠤᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ 220 ᠭᠠᠷᠤᠶ ᠲᠦᠮᠡᠨ ᠨᠠᠰᠤᠲᠠᠶᠢᠴᠤᠳ ᠰᠠᠭᠤᠵᠤ ᠪᠠᠶᠢᠨ᠎ᠠ᠂ ᠡᠭᠦᠨ ᠳᠤ ᠣᠯᠠᠩᠭᠢ ᠨᠢ ᠥᠨᠳᠥᠷ ᠨᠠᠰᠤᠲᠠᠶ᠂ ᠠᠮᠢᠳᠤᠷᠠᠯ ᠤᠨ ᠦᠨᠳᠦᠰᠦᠨ ᠴᠢᠳᠠᠪᠤᠷᠢ ᠪᠠᠨ ᠠᠯᠳᠠᠭᠰᠠᠨ᠂ ᠠᠷᠬᠠᠭ ᠡᠪᠡᠳᠴᠢᠨ ᠲᠠᠢ ᠨᠠᠰᠤᠲᠠᠶᠢᠴᠤᠳ ᠪᠢᠯᠡ᠃ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠤ ᠳᠠᠷᠠᠭ᠎ᠠ ᠬᠦᠨᠳᠦ ᠡᠪᠡᠳᠴᠢᠨ ᠤᠯᠬᠤ ᠲᠦᠭᠰᠢᠭᠦᠷᠢ ᠨᠡᠯᠢᠶᠡᠳ ᠥᠨᠳᠥᠷ ᠪᠠᠶᠢᠳᠠᠭ᠃         ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠬᠦ︾ ᠬᠠᠷᠠᠯᠲᠠ ᠶᠢ ᠬᠡᠷᠬᠢᠨ ᠪᠡᠶᠡᠯᠡᠭᠦᠯᠬᠦ ᠪᠣᠶ︖ ᠠᠷᠠᠳ ᠤᠨ ᠶᠠᠪᠤᠳᠠᠯ ᠤᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠤᠷᠭᠠᠨ ᠤ ᠳᠡᠳ᠋ ᠳᠠᠷᠤᠭ᠎ᠠ ᠯᠢ ᠪᠠᠩ ᠬᠤᠸᠠ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ ᠲᠠᠨᠢᠯᠴᠠᠭᠤᠯᠬᠤ ᠳᠠᠭᠠᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠲᠦᠷᠦᠭᠦᠬᠡᠨ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠢᠨ᠎ᠡ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭᠠᠨ ᠤ ᠵᠦᠭᠯᠡᠭᠦᠷ︾ ᠢ ᠳᠠᠷᠤᠮᠠᠯᠯᠠᠨ ᠲᠠᠷᠬᠠᠭᠠᠪᠠ᠃ ᠵᠦᠭᠯᠡᠭᠦᠷ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠷᠦᠩᠬᠡᠶ ᠳᠡᠭᠡᠨ ᠨᠡᠶᠢᠭᠡᠮ ᠤᠨ ᠲᠠᠯ᠎ᠠ ᠠᠴᠠ ᠴᠢᠩᠭ᠎ᠠ ᠠᠳᠬᠤᠪᠠᠯ ᠵᠤᠬᠢᠨ᠎ᠠ᠃ ᠨᠢᠭᠡ ᠭᠠᠵᠠᠷ ᠣᠷᠣᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠪᠢᠲᠡᠭᠦᠮᠵᠢᠯᠡᠨ ᠬᠠᠮᠢᠶᠠᠷᠬᠤ ᠶᠤᠮ ᠤᠤ ᠡᠰᠡᠬᠦᠯ᠎ᠡ ᠡᠮᠬᠢ ᠵᠢᠷᠤᠮ ᠲᠠᠢ ᠪᠠᠷ ᠴᠢᠯᠦᠭᠡᠳᠠᠢ ᠬᠠᠮᠢᠶᠠᠷᠬᠤ ᠶᠤᠮ ᠤᠤ ᠭᠡᠳᠡᠭ ᠢ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠤᠶᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠦᠳᠡᠯᠤᠩᠭᠦᠢ ᠪᠠᠷ ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠨ᠎ᠠ ᠭᠡᠪᠡ᠃        ᠡᠭᠦᠨ ᠠᠴᠠ ᠭᠠᠳᠠᠨ᠎ᠠ᠂ ᠯᠢ ᠪᠠᠨᠭ᠌ ᠬᠤᠸᠠ ᠲᠠᠨᠢᠯᠴᠠᠭᠤᠯᠬᠤ ᠳᠠᠭᠠᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠳᠦᠷ ᠪᠦᠷᠢ ᠨᠠᠭᠠᠳᠤ ᠵᠠᠬ᠎ᠠ ᠳᠠᠭᠠᠨ ᠬᠤᠶᠠᠷ ᠤᠳᠠᠭ᠎ᠠ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠪᠠ ᠭᠠᠷᠠᠭ ᠪᠦᠷᠢ ᠬᠤᠶᠠᠷ ᠤᠳᠠᠭ᠎ᠠ ᠪᠥᠭᠡᠮ ᠬᠦᠴᠢᠯ ᠪᠤᠶᠤ ᠥᠳᠥᠭᠡᠭᠴᠢ ᠶᠢᠨ ᠪᠠᠶᠢᠴᠠᠭᠠᠯᠲᠠ ᠬᠢᠬᠦ ᠴᠢᠬᠤᠯᠠ ᠲᠠᠢ᠃ ᠬᠡᠷᠪᠡ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠥᠪᠡᠰᠦᠪᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠠᠶᠢᠭᠤᠯᠤᠮᠵᠢ ᠲᠠᠢ ᠬᠠᠷᠢᠯᠴᠠᠬᠤ ᠳᠤ ᠬᠦᠴᠢᠷᠲᠡᠶ ᠪᠠᠶᠢᠪᠠᠯ᠂ ᠣᠷᠣᠨ ᠨᠤᠲᠤᠭ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠵᠣᠬᠢᠴᠠᠭᠤᠯᠬᠤ ᠬᠡᠷᠡᠭᠲᠡᠶ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠠᠰᠤᠲᠠᠶᠢᠴᠤᠳ ᠲᠤ ᠲᠥᠷᠥᠯ ᠪᠠ ᠲᠠᠰ ᠬᠤᠪᠢᠶᠠᠨ ᠡᠷᠡᠭᠦᠯ ᠮᠡᠨᠳᠦ ᠶᠢᠨ ᠦᠢᠯᠡᠴᠢᠯᠡᠭᠡ ᠬᠢᠬᠦ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠨᠠᠰᠤᠲᠠᠶᠢᠴᠤᠳ ᠢ ᠭᠤᠤᠯᠳᠠᠯᠭ᠎ᠠ ᠲᠠᠢ ᠠᠩᠬᠠᠷᠴᠤ᠂ ᠨᠠᠰᠤᠳᠠᠶᠢᠴᠤᠳ ᠤᠨ ᠬᠦᠨᠳᠦ ᠡᠪᠡᠳᠴᠢᠨ ᠢ ︽ᠡᠷᠲᠡ ᠢᠯᠭᠠᠨ ᠲᠠᠨᠢᠬᠤ︾ ᠶᠢ ᠪᠡᠶᠡᠯᠡᠭᠦᠯᠬᠦ ᠬᠡᠷᠡᠭᠲᠡᠶ ᠭᠡᠪᠡ᠃        ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠰᠠᠶᠢᠳᠤᠷ ᠬᠢᠬᠦ ᠨᠢ ᠴᠤ ᠪᠠᠰᠠ ᠮᠠᠰᠢ ᠴᠢᠬᠤᠯᠠ ᠶᠤᠮ᠃ ᠯᠢ ᠪᠠᠩ ᠬᠤᠸᠠ᠂ ᠬᠡᠯᠡᠯᠴᠡᠭᠡᠷ ᠬᠢᠭᠰᠡᠨ ᠳᠤᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ ᠵᠤᠬᠢᠬᠤ ᠡᠮ ᠤᠨ ᠵᠦᠢᠯᠡᠰ ᠢ ᠨᠥᠭᠡᠴᠡᠯᠡᠵᠦ᠂ ᠠᠯᠤᠰ ᠠᠴᠠ ᠪᠤᠶᠤ ᠡᠬᠦᠳᠡᠨ ᠳᠤᠨᠢ ᠬᠦᠷᠴᠦ ᠡᠮᠴᠢᠯᠡᠬᠦ  ᠦᠢᠯᠡᠴᠢᠯᠡᠭᠡ ᠪᠠᠷ ᠳᠠᠮᠵᠢᠭᠤᠯᠤᠨ᠂ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠨᠠᠰᠤᠲᠠᠶᠢᠴᠤᠳ ᠢ ᠡᠷᠲᠡᠬᠡᠨ ᠤᠨᠤᠰᠢᠯᠠᠨ ᠡᠮᠨᠡᠬᠦ ᠶᠢ ᠪᠠᠶᠠᠯᠠᠬᠦᠯᠬᠦ ᠭᠡᠷᠡᠭᠳᠡᠢ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠯᠳᠠᠪᠤᠷᠢᠯᠠᠬᠳᠠᠬᠰᠠᠳ ᠢ ᠰᠢᠯᠵᠢᠭᠦᠯᠤᠨ ᠬᠦᠷᠭᠡᠬᠦ ᠲᠣᠭᠲᠠᠴᠠ ᠪᠠ ᠡᠪᠡᠳᠴᠢᠨ ᠦᠵᠡᠭᠦᠯᠬᠦ ᠳᠤ ᠰᠠᠭᠠᠳ ᠥᠬᠡᠶ ᠨᠡᠪᠲᠡᠷᠡᠬᠦ ᠵᠠᠮ ᠢ ᠪᠦᠷᠢᠨᠰᠢᠬᠦᠯᠵᠦ᠂  ᠰᠢᠯᠵᠢᠭᠦᠯᠤᠨ ᠡᠮᠨᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠢᠯᠡᠷᠬᠡᠶᠢᠯᠡᠪᠡ᠃        ᠰᠢᠤᠳᠠᠨ ᠤ ᠲᠦᠷᠭᠡᠨ ᠬᠦᠷᠭᠡᠯᠲᠡ᠂ ᠠᠷᠠᠯᠵᠢᠶ᠎ᠠ ᠬᠤᠳᠠᠯᠳᠤᠭᠠᠨ ᠤ ᠬᠦᠢᠯᠭᠡᠭᠡ ᠵᠡᠷᠭᠡ ᠠᠵᠢᠯ ᠲᠥᠷᠥᠯ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ      ᠣᠶᠢᠷ᠎ᠠ ᠶᠢᠨ ᠬᠤᠭᠤᠴᠠᠭᠠᠨ ᠳᠤ᠂ ᠡᠮ ᠤᠨ ᠵᠦᠢᠯ ᠢ ᠭᠤᠪᠢᠭᠤᠯᠬᠤ ᠨᠢ ᠣᠯᠠᠨ ᠲᠦᠮᠡᠨ ᠤ ᠴᠢᠬᠤᠯᠠ ᠱᠠᠭᠠᠷᠳᠠᠯᠭ᠎ᠠ ᠪᠤᠯᠵᠤ ᠪᠠᠶᠢᠨ᠎ᠠ᠃     ᠤᠯᠤᠰ ᠤᠨ ᠰᠢᠤᠳᠠᠨ ᠤ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠳᠡᠳ᠋ ᠳᠠᠷᠤᠭ᠎ᠠ ᠪᠢᠶᠠᠨ ᠽᠦᠸᠧ ᠳ᠋ᠦᠩ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ ᠲᠠᠨᠢᠯᠴᠠᠭᠤᠯᠬᠤ ᠳᠠᠭᠠᠨ᠂ ᠡᠮᠴᠢᠯᠡᠭᠡᠨ ᠤ ᠴᠢᠬᠤᠯᠠ ᠡᠳ᠋ ᠪᠣᠳᠠᠰ ᠤᠨ ᠰᠢᠤᠳᠠᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠶᠢᠨ ᠲᠦᠯᠦᠭᠡ᠂ ᠤᠯᠤᠰ ᠤᠨ  ᠰᠢᠤᠳᠠᠨ ᠤ ᠲᠣᠪᠴᠢᠶ᠎ᠠ ᠠᠴᠠ ᠰᠢᠤᠳᠠᠨ ᠤ ᠲᠦᠷᠭᠡᠨ ᠭᠤᠪᠢᠭᠤᠯᠭ᠎ᠠ ᠶᠢᠨ ᠠᠵᠤ ᠠᠬᠤᠶᠢᠯᠠᠯ ᠡᠮᠴᠢᠯᠡᠭᠡᠨ ᠤ ᠡᠳ᠋ ᠪᠣᠳᠠᠰ ᠤᠨ ᠲᠦᠷᠭᠡᠨ ᠬᠦᠷᠭᠡᠯᠲᠡ ᠳᠤ ᠣᠨᠴᠠᠭᠠᠶ ᠲᠡᠮᠳᠡᠭ ᠲᠠᠯᠪᠢᠬᠤ᠂  ᠭᠤᠤᠯᠳᠠᠯᠭ᠎ᠠ ᠲᠠᠢ ᠪᠠᠲᠤᠯᠠᠬᠤ ᠵᠢᠴᠢ ᠤᠷᠢᠳ ᠢᠶᠠᠷ ᠬᠦᠷᠭᠡᠬᠦ ᠶᠢ ᠰᠢᠪᠠᠳᠠᠨ ᠵᠢᠯᠣᠭᠤᠳᠤᠨ᠎ᠠ᠃ ᠡᠭᠦᠨ ᠤ ᠬᠠᠮᠲᠤ᠂ ᠡᠯ᠎ᠡ ᠭᠠᠵᠠᠷ ᠤᠨ ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠡᠮᠴᠢᠯᠡᠭᠡᠨ ᠤ ᠡᠳ᠋ ᠪᠣᠳᠠᠰ ᠤᠨ ᠲᠦᠷᠭᠡᠨ ᠬᠦᠷᠭᠡᠯᠲᠡ ᠶᠢᠨ ᠭᠤᠮᠣᠳᠠᠯ ᠲᠣᠭᠠᠴᠢᠯᠲᠠ ᠶᠢ ᠤᠷᠢᠳ ᠢᠶᠠᠷ ᠰᠢᠢᠳᠪᠤᠷᠢᠯᠡᠵᠤ᠂ ᠲᠦᠷᠭᠡᠨ ᠰᠶᠢᠳᠪᠦᠷᠢᠯᠡᠨ᠎ᠡ ᠭᠡᠪᠡ᠃        ᠪᠢᠶᠠᠨ ᠽᠦᠸᠧ ᠳ᠋ᠦᠩ᠄ ︽ᠪᠢᠳᠡ ᠰᠢᠦᠳᠠᠨ ᠤ ᠭᠤᠪᠢᠭᠤᠯᠭ᠎ᠠ ᠶᠢᠨ ᠠᠵᠤ ᠠᠬᠤᠶᠢᠯᠠᠯ ᠢ ᠰᠢᠪᠠᠳᠠᠨ ᠱᠠᠭᠠᠷᠳᠠᠵᠤ ᠪᠠᠶᠢᠭᠠᠳ ᠲᠣᠬᠢᠷᠠᠭᠤᠯᠤᠨ ᠬᠦᠷᠭᠡᠭᠰᠡᠨ ᠡᠮᠴᠢᠯᠡᠭᠡᠨ ᠤ ᠡᠳ᠋ ᠪᠠᠷᠠᠭ᠎ᠠ᠂ ᠰᠢᠦᠳᠠᠨ ᠤ ᠵᠦᠢᠯ ᠳᠤ ᠬᠦᠳᠡᠯᠤᠩᠭᠦᠢ ᠮᠥᠷᠳᠡᠯᠲᠡ ᠪᠠ ᠲᠤᠰᠬᠠᠶ ᠬᠢᠨᠠᠨ ᠬᠡᠮᠵᠢᠯᠲᠡ ᠬᠢᠯᠭᠡᠨ᠎ᠡ︾ ᠭᠡᠪᠡ᠃ ᠲᠡᠷᠡ ᠪᠠᠰᠠ᠂ ᠭᠡᠷᠪᠡ ᠡᠮᠴᠢᠯᠡᠭᠡᠨ ᠤ ᠡᠳ᠋ ᠪᠣᠳᠠᠰ ᠢ ᠬᠦᠷᠭᠡᠬᠦ ᠶᠠᠪᠤᠴᠠ ᠳᠤ ᠭᠡᠭᠡᠵᠦ᠂ ᠡᠪᠳᠡᠵᠦ   ᠰᠦᠢᠳᠭᠡᠪᠡᠯ᠂ ᠠᠵᠤ ᠠᠬᠤᠶᠢᠯᠠᠯ ᠵᠣᠷᠢᠭᠰᠠᠨ ᠭᠠᠵᠠᠷ ᠠᠴᠠ ᠠᠳᠠᠯᠢ ᠲᠥᠷᠥᠯ ᠤᠨ ᠡᠮ ᠤᠨ ᠵᠦᠢᠯ ᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠬᠡᠷᠡᠭᠯᠡᠭᠴᠢ ᠶᠢᠨ ᠪᠠᠴᠢᠮ ᠬᠡᠷᠡᠭᠴᠡᠭᠡ ᠶᠢ ᠰᠢᠢᠳᠪᠤᠷᠢᠯᠡᠬᠦ ᠶᠢ ᠵᠣᠷᠢᠭᠵᠢᠭᠤᠯᠤᠨ᠎ᠠ ᠭᠡᠪᠡ᠃        ᠪᠢᠶᠠᠨ ᠽᠦᠸᠧ ᠳ᠋ᠦᠩ ᠲᠠᠨᠢᠯᠴᠠᠭᠤᠯᠬᠤ ᠳᠠᠭᠠᠨ᠂ ᠰᠢᠨ᠎ᠡ ᠱᠠᠲᠤ ᠦᠶ᠎ᠡ ᠳᠠᠬᠢ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠭᠠᠳᠠᠭᠠᠳᠤ ᠠᠴᠠ ᠣᠷᠣᠭᠤᠯᠬᠤ ᠣᠯᠠᠨ ᠤᠯᠤᠰ ᠤᠨ ᠲᠦᠷᠭᠡᠨ ᠬᠦᠷᠭᠡᠯᠲᠡ ᠶᠢᠨ ︽ᠠᠩᠬᠠᠨ ᠤ ᠥᠷᠲᠡᠭᠡᠨ ᠤ ᠠᠷᠢᠭᠤᠳᠬᠠᠯ︾ ᠵᠢᠴᠢ ᠦᠢᠯᠡᠳᠪᠤᠷᠢᠯᠡᠯ ᠤᠨ ᠠᠵᠢᠯᠯᠠᠭᠠᠨ ᠤ ᠪᠢᠲᠡᠭᠦᠮᠵᠢᠯᠡᠭᠰᠡᠨ ᠬᠠᠮᠢᠶᠠᠷᠤᠯᠲᠠ᠂ ᠠᠵᠢᠯᠲᠠᠨ ᠤ ᠲᠣᠭᠲᠠᠮᠠᠯ ᠬᠤᠭᠤᠴᠠᠭ᠎ᠠ ᠲᠠᠢ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠱᠠᠭᠠᠷᠳᠠᠯᠭ᠎ᠠ ᠶᠢ ᠬᠠᠰᠤᠬᠤ ᠶᠢᠨ ᠬᠠᠮᠲᠤ ᠠᠵᠢᠯᠯᠠᠬᠤ ᠭᠤᠭᠴᠤᠭ᠎ᠠ ᠶᠢ ᠰᠢᠯᠢᠳᠡᠭᠵᠢᠭᠦᠯᠵᠦ᠂ ᠠᠵᠢᠯ ᠲᠥᠷᠥᠯ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠤᠨ᠎ᠡ ᠭᠡᠪᠠ᠃     ᠴᠠᠭᠠᠨ ᠰᠠᠷ᠎ᠠ ᠪᠣᠯ ᠬᠡᠷᠡᠭᠯᠡᠭᠡᠨ ᠤ ᠬᠦᠭᠵᠢᠶᠡᠨ ᠲᠠᠢ ᠴᠠᠭ ᠮᠥᠨ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠵᠡᠷᠭᠡ ᠭᠠᠵᠠᠷ ᠲᠤ ᠬᠦᠮᠦᠨ ᠬᠠᠷ᠎ᠠ ᠢᠯᠡᠳᠲᠡ ᠨᠡᠮᠡᠭᠳᠡᠳᠡᠭ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠬᠡᠷᠡᠭᠯᠡᠭᠡ ᠶᠢ ᠠᠬᠢᠭᠤᠯᠬᠤ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠭᠸᠡᠭ ᠬᠤᠩ ᠵᠧᠦ ᠢᠯᠡᠷᠭᠡᠶᠢᠯᠡᠬᠦ ᠳᠡᠭᠡᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠬᠤᠳᠠᠯᠳᠤᠭᠠᠨ ᠤ ᠲᠠᠯᠠᠪᠤᠷ᠂ ᠬᠡᠳᠦ ᠳᠡᠯᠭᠡᠭᠦᠷ᠂ ᠲᠠᠷᠢᠶᠠᠯᠠᠩ ᠤᠨ ᠠᠷᠠᠯᠵᠢᠶ᠎ᠠ ︵ᠴᠤᠭᠯᠠᠭ᠎ᠠ ᠮᠠᠶᠢᠮᠠᠢ︶ ᠶᠢᠨ ᠵᠠᠬ᠎ᠠ ᠳᠡᠯᠭᠡᠭᠦᠷ ᠵᠡᠷᠭᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠯᠠᠭᠠᠨ ᠤ ᠵᠦᠭᠯᠡᠭᠦᠷ ᠢ ᠳᠤᠭᠲᠠᠭᠠᠵᠤ᠂ ᠠᠵᠢᠯ ᠲᠦᠷᠦᠯ ᠤᠨ ᠬᠢᠨ ᠢ ᠵᠢᠯᠤᠭᠤᠳᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠯᠭᠡᠨ᠎ᠠ᠂ ᠡᠭᠦᠨ ᠳᠤ ᠠᠵᠢᠯᠳᠠᠨ ᠠᠵᠢᠯᠴᠢᠨ ᠤ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ᠂ ᠠᠵᠢᠯᠳᠠᠨ ᠠᠵᠢᠯᠴᠢᠨ ᠠᠵᠢᠯᠯᠠᠵᠤ ᠪᠠᠶᠢᠬᠤ ᠬᠤᠭᠤᠴᠠᠭᠠᠨ ᠳᠠᠭᠠᠨ ᠠᠮᠠᠪᠴᠢ ᠵᠡᠭᠦᠬᠦ ᠵᠡᠷᠭᠡ ᠪᠠᠭᠲᠠᠨ᠎ᠠ ᠭᠡᠪᠡ᠃       ᠤᠷᠴᠢᠨ ᠲᠤᠭᠤᠷᠢᠨ ᠤ ᠡᠷᠡᠬᠦᠯ ᠬᠠᠮᠠᠭᠠᠯᠠᠯ᠂ ᠠᠷᠢᠭᠤᠳᠬᠠᠯ ᠢ ᠴᠢᠩᠭᠠᠳᠬᠠᠬᠤ ᠲᠠᠯ᠎ᠠ ᠪᠠᠷ ᠭᠧᠩ ᠬᠤᠩ ᠵᠸᠤ ᠢᠯᠡᠷᠭᠡᠶᠢᠯᠡᠬᠦ ᠳᠡᠭᠡᠨ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ ᠡᠳᠦᠷ ᠪᠦᠷᠢ 2 — 3 ᠤᠳᠠᠭ᠎ᠠ ᠴᠣᠩᠬᠤ ᠪᠠᠨ ᠨᠡᠭᠡᠭᠡᠨ ᠰᠠᠯᠬᠢ ᠨᠡᠪᠲᠡᠷᠡᠭᠦᠯᠵᠦ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ ᠣᠯᠠᠨ ᠨᠡᠶᠢᠲᠡ ᠶᠢᠨ ᠬᠡᠷᠡᠭᠯᠡᠭᠡᠨ ᠤ ᠵᠦᠢᠯ ᠪᠠ ᠲᠥᠬᠦᠭᠡᠷᠦᠮᠵᠢ ᠶᠢ ᠡᠳᠦᠷ ᠪᠦᠷᠢ ᠠᠳᠠᠭ ᠲᠠᠭᠠᠨ 2 ᠤᠳᠠᠭ᠎ᠠ ᠠᠷᠢᠭᠤᠳᠬᠠᠯ ᠬᠢᠵᠦ᠂ ᠲᠠᠷᠢᠶᠠᠯᠠᠩ ᠤᠨ ᠠᠷᠠᠯᠵᠢᠶ᠎ᠠ ︵ᠴᠤᠭᠯᠠᠭ᠎ᠠ ᠮᠠᠶᠢᠮᠠᠶ︶ ᠶᠢᠨ ᠵᠠᠬ᠎ᠠ ᠳᠡᠯᠭᠡᠭᠦᠷ ᠪᠥᠭᠡᠮ ᠢᠶᠠᠷ ᠬᠤᠳᠠᠯᠳᠤᠬᠤ ᠭᠠᠵᠠᠷ ᠲᠤ  ᠲᠦᠪᠯᠡᠷᠡᠭᠦᠯᠤᠨ ᠨᠢᠭᠡᠳᠦᠯᠲᠡᠶ ᠠᠷᠢᠭᠤᠳᠬᠠᠯ ᠬᠢᠵᠦ᠂ ᠲᠡᠯᠭᠡᠭᠡ ᠮᠠᠶᠢᠮᠠᠢ ᠡᠵᠡᠩᠨᠡᠭᠴᠢ ᠡᠳᠦᠷ ᠪᠦᠷᠢ ᠴᠠᠭ ᠲᠤᠬᠠᠶ ᠳᠤᠨᠢ ᠠᠷᠢᠭᠤᠳᠬᠠᠬᠤ ᠬᠡᠷᠡᠭᠲᠡᠶ ᠭᠡᠵᠡᠶ᠃      ᠭᠧᠩ ᠬᠤᠩ ᠵᠸᠤ ᠪᠠᠰᠠ᠂ ᠬᠡᠷᠡᠭᠯᠡᠭᠴᠢᠳ ᠤᠨ ᠺᠣᠳ᠋ ᠰᠢᠷᠪᠢᠵᠦ ᠲᠤᠭᠠᠴᠠᠭ᠎ᠠ ᠬᠢᠬᠦ ᠶᠢ ᠵᠣᠷᠢᠭᠵᠢᠭᠤᠯᠵᠤ᠂ ᠰᠢᠬᠠᠯᠴᠠᠵᠤ ᠪᠦᠭᠡᠮᠨᠡᠷᠡᠬᠦ ᠪᠠ ᠮᠥᠷᠯᠡᠬᠦ ᠴᠠᠭ ᠢ ᠠᠯᠢ ᠴᠢᠳᠠᠬᠤ ᠪᠠᠷ ᠪᠠᠭᠠᠰᠬᠠᠨ᠎ᠠ᠃ ᠰᠦᠯᠵᠢᠶᠡᠨ ᠳᠡᠭᠡᠷ᠎ᠡ ᠬᠢᠭᠡᠳ ᠰᠦᠯᠵᠢᠶᠡᠨ ᠭᠠᠳᠠᠨ᠎ᠠ ᠪᠠᠷᠠᠭ᠎ᠠ ᠬᠤᠳᠠᠯᠳᠤᠨ ᠠᠪᠬᠤ ᠶᠢ ᠬᠠᠷᠢᠯᠴᠠᠨ ᠤᠶᠠᠯᠳᠤᠭᠤᠯᠬᠤ ᠶᠢ ᠵᠣᠷᠢᠭᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠡᠷᠡ ᠳᠠᠷᠤᠢ ᠳᠤᠨᠢ ᠵᠢᠵᠢᠭᠯᠡᠨ ᠬᠤᠳᠠᠯᠳᠤᠬᠤ᠂ ᠰᠦᠯᠵᠢᠶ᠎ᠡ ᠪᠠᠷ ᠵᠠᠬᠢᠶᠠᠯᠠᠵᠤ ᠳᠡᠯᠭᠡᠭᠦᠷ ᠠᠴᠠ ᠬᠦᠷᠭᠡᠬᠦ ᠵᠡᠷᠭᠡ ᠦᠢᠯᠡᠴᠢᠯᠡᠭᠡ ᠶᠢ  ᠦᠷᠨᠢᠭᠦᠯᠤᠨ᠎ᠡ ᠭᠡᠵᠦ ᠢᠯᠡᠷᠬᠡᠶᠢᠯᠡᠪᠡ᠃        ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠳᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠤᠨ᠎ᠡ      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠢᠨ᠎ᠡ ᠱᠠᠲᠤᠨ ᠳᠤ ᠣᠷᠣᠬᠤ ᠶᠢ ᠳᠠᠭᠠᠯᠳᠤᠨ᠂ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ ᠠᠵᠢᠯ ᠤᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠰᠠᠭᠤᠭᠠᠯᠢ ᠠᠷᠠᠳ ᠢ ᠪᠦᠲᠦᠮᠵᠢᠲᠡᠶ ᠪᠠᠷ ᠵᠣᠬᠢᠶᠠᠨ ᠪᠠᠶᠢᠭᠤᠯᠵᠤ ᠳᠠᠶᠢᠴᠢᠯᠠᠬᠤ ᠨᠢ ᠲᠦᠢᠯ ᠤᠨ ᠴᠢᠬᠤᠯᠠ ᠶᠤᠮ᠃      ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ᠂ ᠠᠷᠠᠳ ᠤᠨ ᠶᠠᠪᠤᠳᠠᠯ ᠤᠨ ᠶᠠᠮᠤᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠪᠠ ᠨᠡᠶᠢᠭᠡᠮ ᠲᠣᠭᠤᠷᠢᠭ ᠤᠨ ᠵᠠᠰᠠᠯᠲᠠ ᠶᠢᠨ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ ᠵᠢᠶᠠᠨ ᠢᠯᠡᠷᠭᠡᠶᠢᠯᠡᠬᠦ ᠳᠡᠭᠡᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠦᠢᠯᠡᠳᠦᠯ ᠪᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠵᠢᠴᠢ ᠲᠣᠰᠬᠤᠨ ︵ᠨᠡᠶᠢᠭᠡᠮ ᠲᠣᠭᠤᠷᠢᠭ ︶ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠦᠢᠯᠡᠳᠦᠯ ᠢ ᠬᠦᠢᠴᠡᠳ ᠪᠠᠳᠠᠷᠠᠭᠤᠯᠵᠤ᠂ ᠲᠣᠰᠬᠤᠨ ᠤ ᠠᠷᠠᠳ ᠤᠨ ᠳᠤᠭᠤᠶᠢᠯᠠᠩ ᠤᠨ ᠳᠠᠷᠤᠭ᠎ᠠ᠂ ᠰᠠᠭᠤᠭᠠᠯᠢ ᠠᠷᠠᠳ ᠤᠨ ᠳᠤᠭᠤᠶᠢᠯᠠᠩ ᠤᠨ ᠳᠠᠷᠤᠭ᠎ᠠ᠂ ᠠᠰᠠᠷ ᠤᠨ ᠳᠠᠷᠤᠭ᠎ᠠ ᠵᠢᠴᠢ ᠲᠤᠤᠷᠵᠢᠯ ᠤᠨ ᠭᠡᠰᠢᠭᠦᠨ ᠤ ᠬᠠᠷᠢᠭᠤᠴᠠᠯᠭ᠎ᠠ ᠶᠢ ᠨᠠᠷᠢᠯᠢᠬᠵᠢᠭᠤᠯᠪᠠᠯ ᠵᠤᠬᠢᠨ᠎ᠠ︔ ᠨᠡᠶᠢᠭᠡᠮ ᠲᠣᠭᠤᠷᠢᠭ ᠬᠢᠭᠡᠳ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠳᠠᠨ᠂ ᠨᠡᠶᠢᠭᠡᠮ ᠲᠣᠭᠤᠷᠢᠭ ᠤᠨ ᠰᠠᠢᠨ ᠳᠤᠷᠠᠴᠤᠳ ᠵᠢᠴᠢ ᠨᠡᠶᠢᠭᠡᠮ ᠤᠨ ᠨᠢᠭᠦᠯᠡᠰᠦᠩᠭᠦᠶ ᠶᠢᠨ ᠡᠬᠢ ᠪᠠᠶᠠᠯᠢᠭ ᠤᠨ ᠬᠠᠮᠲᠤᠷᠠᠨ ᠬᠦᠳᠡᠯᠤᠯᠴᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ ᠢ ᠳᠠᠶᠢᠴᠢᠯᠡᠨ ᠤᠢᠢᠷ᠎ᠠ ᠬᠠᠪᠢ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ ᠶᠢ ᠥᠷᠨᠢᠭᠦᠯᠪᠠᠯ ᠵᠤᠬᠢᠨ᠎ᠠ ᠭᠡᠪᠡ᠃       ᠯᠢ ᠵᠢᠶᠠᠨ ᠲᠠᠨᠢᠯᠴᠠᠭᠤᠯᠬᠤ ᠳᠠᠭᠠᠨ᠂ ᠣᠳᠣᠬᠠᠨ ᠳᠤ ᠮᠠᠨ ᠤ ᠤᠯᠤᠰ ᠤᠨ 90 % ᠠᠴᠠ ᠳᠡᠭᠡᠭᠰᠢᠬᠢ ᠲᠣᠰᠬᠤᠨ ᠤ ᠠᠷᠠᠳ ᠤᠨ ᠵᠥᠪᠯᠡᠯ ᠪᠣᠯᠤᠨ ᠰᠠᠭᠤᠭᠠᠯᠢ ᠠᠷᠠᠳ ᠤᠨ ᠵᠥᠪᠯᠡᠯ ᠳᠤ ᠨᠢᠭᠡᠨᠲᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠢ ᠪᠠᠶᠢᠭᠤᠯᠪᠠ᠃     ᠵᠠᠯᠭᠠᠭᠠᠳ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠤᠨ ᠪᠤᠰᠤᠳ ᠪᠠᠶᠢᠭᠤᠯᠤᠮᠵᠢ ᠲᠠᠢ ᠬᠠᠮᠲᠤ ᠪᠠᠷ ᠪᠦᠲᠦᠮᠵᠢᠲᠡᠢ ᠬᠠᠮᠵᠢᠯᠴᠠᠨ ᠠᠵᠢᠯᠯᠠᠵᠤ ᠦᠢᠯᠡᠳᠦᠯ ᠢᠶᠠᠨ ᠪᠠᠳᠠᠷᠠᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠪᠡ᠃        ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠳ ︽ᠭᠤᠤᠨᠢ ᠨᠠᠰᠤᠲᠠᠨ ᠦᠨᠤᠴᠢᠨ ᠬᠡᠤᠬᠡᠳ︾ ᠵᠡᠷᠭᠡ ᠭᠤᠤᠯᠳᠠᠯᠭ᠎ᠠ ᠲᠠᠢ ᠬᠥᠮᠦᠰ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠬᠡᠷᠬᠢᠨ ᠰᠠᠶᠢᠲᠤᠷ ᠬᠠᠮᠵᠢᠨ ᠬᠢᠬᠦ ᠪᠣᠶ︖      ᠯᠢ ᠵᠢᠶᠠᠨ ᠢᠯᠡᠷᠭᠡᠶᠢᠯᠡᠬᠦ ᠳᠡᠭᠡᠨ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠳ ᠵᠢᠷᠭᠢᠶ᠎ᠡ ᠵᠡᠷᠭᠡ ᠶᠢ ᠠᠰᠢᠭᠯᠠᠨ  ᠭᠤᠤᠯᠳᠠᠯᠭ᠎ᠠ ᠲᠠᠢ ᠬᠥᠮᠦᠰ ᠵᠢᠴᠢ ᠲᠡᠳᠡᠨ ᠤ ᠬᠡᠷ ᠤᠨ ᠬᠥᠮᠦᠰ ᠲᠠᠢ ᠬᠠᠷᠢᠯᠴᠠᠵᠤ᠂ ᠰᠦᠯᠵᠢᠶᠡᠨ ᠳᠡᠭᠡᠷ᠎ᠡ ᠬᠠᠷᠢᠯᠴᠠᠬᠤ ᠠᠷᠭ᠎ᠠ ᠪᠠᠶᠢᠭᠤᠯᠤᠭᠰᠠᠨ ᠥᠬᠡᠶ ᠨᠠᠰᠤᠲᠠᠶᠢᠴᠤᠳ ᠵᠡᠷᠭᠡ ᠭᠤᠤᠯᠳᠠᠯᠭ᠎ᠠ ᠲᠠᠢ ᠬᠦᠮᠤᠰ ᠲᠤ ︽ᠡᠭᠦᠳᠡ ᠲᠣᠭᠰᠢᠬᠤ ᠠᠵᠢᠯᠯᠠᠬ᠋᠎ᠠ︾ ᠮᠡᠳᠤ ᠶᠢᠨ ᠠᠷᠭ᠎ᠠ ᠠᠪᠴᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠳ ᠲᠠᠢ ᠬᠠᠮᠲᠤ ᠪᠠᠷ ᠬᠡᠷ ᠲᠤᠨᠢ ᠬᠦᠷᠴᠦ᠂ ᠡᠳᠡᠭᠡᠷ ᠬᠦᠮᠤᠰ ᠤᠨ ᠪᠡᠶ᠎ᠡ ᠮᠠᠬᠠᠪᠣᠳ ᠤᠨ ᠪᠠᠶᠢᠳᠠᠯ ᠪᠤᠯᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠡᠵᠡᠮᠰᠢᠵᠦ᠂ ᠬᠠᠨᠳᠤᠯᠭᠠᠲᠤ ᠴᠢᠨᠠᠷᠲᠠᠶ ᠪᠠᠷ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠳᠤ ᠰᠠᠭᠤᠷᠢ ᠲᠠᠯᠪᠢᠨ᠎ᠠ ᠭᠡᠪᠡ᠃        ︽ᠭᠤᠣᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠦᠢᠯᠡᠴᠢᠯᠡᠭᠡ ᠨᠢ ᠭᠤᠣᠯᠳᠠᠭᠤ ᠡᠪᠡᠳᠴᠢᠨ ᠦᠵᠡᠭᠦᠯᠬᠦ᠂ ᠡᠮ ᠬᠡᠷᠡᠭᠯᠡᠬᠦ ᠵᠢᠴᠢ ᠸᠠᠺᠼᠢᠨ ᠤ ᠲᠠᠷᠢᠯᠭ᠎ᠠ ᠬᠢᠬᠦ ᠵᠡᠷᠭᠡ ᠭᠤᠷᠪᠠᠨ ᠲᠠᠯ᠎ᠠ ᠳᠤ ᠲᠥᠪᠯᠡᠷᠡᠵᠦ ᠪᠠᠶᠢᠨ᠎ᠠ︾ ᠭᠡᠵᠤ ᠯᠢ ᠵᠢᠶᠠᠨ ᠭᠡᠯᠡᠪᠡ᠃ ᠲᠡᠷᠡ ᠪᠠᠰᠠ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠳ ᠭᠡᠷ ᠪᠦᠯᠢ ᠶᠢᠨ ᠡᠮᠴᠢ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠳᠠᠨ᠂ ᠬᠠᠷᠢᠶ᠎ᠠ ᠣᠷᠣᠨ ᠤ ᠡᠮ ᠤᠨ ᠳᠡᠯᠭᠡᠭᠦᠷ᠂ ᠸᠠᠺᠼᠢᠨ ᠤ ᠲᠠᠷᠢᠯᠭ᠎ᠠ ᠲᠠᠷᠢᠬᠤ ᠨᠢᠭᠡᠴᠢ ᠲᠠᠢ ᠵᠣᠯᠭᠠᠯᠴᠠᠬᠤ ᠪᠠᠨ ᠴᠢᠩᠭᠠᠳᠬᠠᠵᠤ᠂ ᠰᠦᠯᠵᠢᠶᠡᠨ ᠳᠡᠭᠡᠷ᠎ᠡ ᠠᠰᠠᠭᠤᠨ ᠣᠨᠣᠰᠢᠯᠠᠬᠤ᠂ ᠡᠪᠡᠳᠴᠢᠨ ᠦᠵᠡᠭᠦᠯᠤᠨ ᠡᠮ ᠬᠦᠷᠭᠡᠬᠦ᠂  ᠰᠢᠯᠵᠢᠭᠦᠯᠤᠨ ᠣᠨᠣᠰᠢᠯᠠᠬᠤ ᠶᠢ ᠬᠠᠷᠢᠯᠴᠠᠬᠤ᠂ ᠸᠠᠺᠼᠢᠨ ᠤ ᠲᠠᠷᠢᠯᠭ᠎ᠠ ᠬᠢᠬᠦ ᠶᠢ ᠬᠦᠳᠦᠯᠤᠨ ᠵᠢᠯᠣᠭᠤᠳᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ ᠶᠢ ᠵᠣᠬᠢᠶᠠᠨ ᠪᠠᠶᠢᠭᠤᠯᠵᠤ᠂ ︽ᠬᠠᠮᠲᠤ ᠪᠠᠷ ᠡᠳ᠋ᠯᠡᠬᠦ ᠡᠮ ᠤᠨ ᠬᠠᠶᠢᠷᠴᠠᠭ︾ ᠭᠠᠷᠭᠠᠵᠤ᠂ ᠰᠠᠭᠤᠭᠠᠯᠢ ᠠᠷᠠᠳ ᠤᠨ ᠡᠮ ᠬᠡᠷᠡᠭᠯᠡᠬᠦ ᠬᠡᠷᠡᠭᠴᠡᠭᠡ ᠶᠢ ᠠᠯᠢ ᠴᠢᠳᠠᠬᠤ ᠪᠠᠷ ᠪᠠᠲᠤᠯᠠᠬᠤ ᠭᠡᠷᠡᠭᠳᠡᠢ ᠭᠡᠪᠡ᠃         ᠬᠥᠮᠦᠨ ᠪᠦᠬᠦᠨ ᠴᠥᠮ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠃ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠭᠠᠵᠠᠷ ᠤᠨ ᠰᠤᠳᠤᠯᠤᠭᠴᠢ ᠴᠠᠩ ᠵᠣᠣ ᠷᠦᠢ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ᠂ ᠦᠷᠭᠦᠯᠵᠢᠯᠡᠨ ᠠᠮᠠᠪᠴᠢ ᠵᠡᠭᠦᠬᠦ ᠶᠢ ᠵᠢᠷᠤᠮᠵᠢᠭᠤᠯᠪᠠᠯ ᠵᠣᠬᠢᠬᠤ ᠡᠰᠡᠬᠦ ᠲᠤᠬᠠᠶ ᠳᠤ ᠬᠠᠷᠢᠭᠤᠯᠲᠠ ᠦᠭᠪᠡ᠃     ᠴᠠᠩ ᠵᠣᠣ ᠷᠦᠢ ᠲᠠᠨᠢᠯᠴᠠᠭᠤᠯᠬᠤ ᠳᠠᠭᠠᠨ᠂ ᠣᠳᠣᠬᠠᠨ ᠳᠤ ᠤᠯᠤᠰ ᠤᠨ ᠳᠣᠲᠣᠭᠠᠳᠤ ᠳᠤ ᠬᠢᠵᠢᠭ ᠤᠨ ᠪᠠᠶᠢᠳᠠᠯ ᠮᠥᠨ ᠬᠦ ᠠᠳᠠᠯᠢ ᠪᠤᠰᠤ ᠳᠡᠯᠭᠡᠷᠡᠬᠦ ᠱᠠᠲᠤᠨ ᠳᠤ ᠣᠷᠣᠰᠢᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠮᠦᠨ ᠯᠠ ᠦᠷᠭᠦᠯᠵᠢᠯᠡᠨ ᠰᠠᠶᠢᠲᠤᠷ ᠬᠢᠵᠤ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠢᠷᠦᠮᠵᠢᠯ ᠲᠠᠢ ᠵᠡᠬᠦᠬᠦ ᠴᠢᠬᠤᠯᠠ ᠲᠠᠢ ᠪᠠᠶᠢᠨ᠎ᠠ᠂ ᠢᠯᠠᠩᠭᠤᠶ᠎ᠠ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠬᠤᠷᠠᠯ ᠤᠨ ᠲᠠᠯᠠᠪᠠᠶ᠂ ᠨᠢᠰᠭᠡᠯ ᠤᠨ ᠪᠠᠭᠤᠳᠠᠯ ᠲᠡᠷᠭᠡᠨ ᠥᠷᠲᠡᠭᠡ ᠵᠡᠷᠭᠡ ᠪᠢᠲᠡᠭᠦᠮᠵᠢᠯᠡᠭᠰᠡᠨ ᠣᠷᠴᠢᠨ ᠲᠣᠭᠤᠷᠢᠨ᠂ ᠬᠥᠮᠦᠨ ᠬᠠᠷ᠎ᠠ ᠤᠯᠠᠨ ᠴᠤᠭᠯᠠᠷᠠᠭᠰᠠᠨ ᠣᠯᠠᠨ ᠨᠡᠶᠢᠲᠡ ᠶᠢᠨ ᠲᠠᠯᠠᠪᠤᠷ ᠲᠤ ᠣᠷᠣᠬᠤ ᠪᠠ ᠨᠢᠰᠭᠡᠯ᠂ ᠭᠠᠯᠲᠤ ᠲᠡᠷᠭᠡ᠂ ᠭᠠᠵᠠᠷ ᠳᠤᠤᠷᠠᠬᠢ ᠲᠡᠮᠦᠷ ᠵᠠᠮ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ᠂ ᠸᠠᠭᠤᠨ  ᠮᠠᠶ᠋ᠢᠭ ᠤᠨ ᠴᠠᠬᠢᠯᠭᠠᠨ ᠱᠠᠲᠤᠨ ᠳᠤ ᠰᠠᠭᠤᠬᠤ ᠳᠠᠭᠠᠨ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠪᠤᠶᠤ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠶᠢ ᠵᠠᠮ ᠲᠤᠵᠢ ᠵᠡᠭᠦᠬᠦ ᠬᠡᠷᠡᠭᠲᠡᠶ ᠭᠡᠪᠡ᠃        ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠤᠷᠠᠢ ᠬᠦᠮᠤᠰ ᠲᠦᠪᠯᠡᠷᠡᠭᠰᠡᠨ ᠲᠠᠯᠠᠪᠤᠷ ᠲᠤ ᠣᠷᠣᠬᠤ ᠦᠶ᠎ᠡ ᠳᠤ᠂ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ᠂ ᠬᠤᠭᠤᠯᠠᠶ ᠡᠪᠡᠳᠬᠦ ᠵᠡᠷᠭᠡ ᠰᠢᠨ᠎ᠠ ᠲᠢᠳᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠡᠪᠡᠳᠴᠢᠨ ᠤ ᠢᠯᠡᠷᠡᠯ ᠭᠠᠷᠬᠤ ᠦᠶ᠎ᠡ ᠳᠤ᠂ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠬᠰᠠᠳ ᠲᠠᠢ ᠣᠶᠢᠷᠠᠳᠬᠤ ᠪᠤᠶᠤ ᠰᠢᠨ᠎ᠡ ᠲᠢᠳᠢᠮᠯᠢᠭ ᠸᠢᠷᠦ᠋ᠰ ᠲᠤ ᠬᠠᠯᠳᠠᠪᠤᠷᠢᠯᠠᠭᠳᠠᠬᠰᠠᠳ ᠵᠢᠴᠢ ᠰᠢᠨ᠎ᠠ ᠲᠢᠳᠢᠮᠯᠢᠭ ᠸᠢᠷᠦ᠋ᠰ ᠲᠤ ᠬᠠᠯᠳᠠᠪᠤᠷᠢᠯᠠᠬᠳᠠᠬᠰᠠᠨ ᠡᠪᠡᠳᠴᠢᠨ ᠤ ᠢᠯᠡᠷᠡᠯ ᠲᠠᠢ ᠬᠦᠮᠤᠰ ᠢ ᠰᠤᠪᠢᠯᠠᠬᠤ ᠦᠶ᠎ᠡ ᠳᠤ ᠴᠥᠮ ᠰᠢᠨᠵᠢᠯᠡᠬᠦ ᠤᠬᠠᠭᠠᠨᠴᠢ ᠪᠠᠷ ᠵᠢᠷᠦᠮᠵᠢᠯ ᠲᠠᠢ ᠠᠮᠠᠪᠴᠢ ᠵᠡᠭᠦᠬᠦ ᠬᠡᠷᠡᠭᠲᠡᠶ᠃ ᠡᠭᠦᠨ ᠠᠴᠠ ᠭᠠᠳᠠᠨ᠎ᠠ᠂ ᠡᠮ ᠡᠮᠨᠡᠯᠭᠡ᠂ ᠵᠠᠮ ᠲᠡᠭᠡᠭᠡᠪᠦᠷᠢ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠢᠳᠡᠭᠡᠨ ᠤᠮᠳᠠᠭᠠᠨ ᠵᠢᠭᠤᠯᠴᠢᠯᠠᠯ᠂ ᠲᠦᠷᠭᠡᠨ ᠬᠦᠷᠭᠡᠯᠲᠡ᠂ ᠴᠡᠪᠡᠷᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠬᠢᠭᠴᠢ ᠵᠢᠴᠢ ᠪᠢᠲᠡᠭᠦᠮᠵᠢᠯᠡᠭᠰᠡᠨ ᠲᠠᠯᠠᠪᠤᠷ ᠤᠨ ᠠᠵᠢᠯᠲᠠᠨ ᠡᠷᠬᠡᠪᠰᠢ ᠵᠢᠷᠦᠮᠵᠢᠯ ᠲᠠᠢ ᠪᠠᠷ ᠠᠮᠠᠪᠴᠢ ᠵᠡᠭᠦᠬᠦ ᠬᠡᠷᠡᠭᠲᠡᠢ ᠭᠡᠵᠦ ᠴᠠᠩ ᠵᠣᠣ ᠷᠦᠢ ᠢᠯᠡᠷᠭᠡᠶᠢᠯᠡᠪᠡ᠃       ᠴᠠᠩ ᠵᠤᠤ ᠷᠦᠢ᠄ ︽ᠣᠯᠠᠨ ᠨᠡᠶᠢᠲᠡ ᠶᠢᠨ ᠲᠠᠯᠠᠪᠤᠷ ᠲᠤ ᠪᠠᠰᠠ ᠨᠡᠶᠢᠭᠡᠮ ᠤᠨ ᠬᠠᠷᠢᠯᠴᠠᠭᠠᠨ ᠤ ᠠᠮᠤᠷ ᠲᠦᠪᠰᠢᠨ ᠵᠠᠶ᠂ ᠪᠤᠯᠪᠠᠰᠤᠨ ᠬᠠᠨᠢᠶᠠᠬᠤ ᠵᠢᠴᠢ ᠰᠠᠯᠬᠢ ᠨᠡᠪᠳᠡᠷᠡᠭᠦᠯᠤᠨ ᠠᠷᠢᠭᠤᠳᠬᠠᠬᠤ᠂ ᠠᠷᠢᠭᠤᠨ ᠴᠡᠪᠡᠷ ᠪᠠᠶᠢᠯᠭᠠᠬᠤ ᠵᠡᠷᠭᠡ ᠰᠡᠷᠭᠡᠶᠢᠯᠡᠬᠦ ᠠᠷᠭ᠎ᠠ ᠪᠠᠷᠢᠯ ᠢ ᠦᠷᠭᠦᠯᠵᠢᠯᠡᠨ ᠪᠠᠳᠤᠯᠠᠬᠤ ᠴᠢᠬᠤᠯᠠ ᠲᠠᠢ︾ ᠭᠡᠪᠡ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ