ᠬᠢᠵᠢᠭ ᠲᠤ ᠨᠡᠷᠪᠡᠭᠳᠡᠭᠰᠡᠨ ᠤ ᠳᠠᠷᠠᠭ᠎ᠠ ᠡᠳᠡᠭᠡᠷ ᠢ ᠢᠳᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2023/1/30
                               ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠬᠳᠠᠭᠰᠠᠨ ᠤ ᠬᠤᠶᠢᠨ᠎ᠠ ᠢᠳᠡᠭᠡᠨ ᠤᠮᠳᠠᠭᠠᠨ ᠢᠶᠠᠨ ᠠᠩᠬᠠᠷᠬᠤ ᠶᠢᠨ ᠬᠠᠮᠲᠤ ᠵᠠᠷᠢᠮ ᠵᠦᠢᠯ ᠢ ᠵᠣᠬᠢᠰᠳᠠᠢ ᠴᠡᠭᠡᠷᠯᠡᠬᠦ ᠬᠡᠷᠡᠭᠲᠡᠢ᠂ ᠣᠨᠴᠠᠭᠠᠶᠢᠯᠠᠨ ᠡᠶᠢᠮᠦ ᠭᠤᠷᠪᠠᠨ ᠵᠦᠢᠯ ᠤᠨ ᠢᠳᠡᠭᠡᠨ ᠢ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠰᠠᠶᠢᠨ ᠶᠤᠮ ᠪᠠᠶᠢᠨ᠎ᠠ᠃    1. ᠳᠠᠪᠤᠰᠤ ᠶᠡᠬᠡᠲᠡᠢ ᠢᠳᠡᠭᠡᠨ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠦᠶ᠎ᠡ ᠳᠤ ᠳᠠᠪᠤᠰᠤ ᠪᠠᠭ᠎ᠠ ᠢᠳᠡᠬᠦ ᠬᠡᠷᠡᠭᠲᠡᠢ᠂ ᠲᠤᠭᠤᠯᠭᠠᠵᠤ ᠰᠠᠭᠤᠯᠭᠠᠭᠰᠠᠨ ᠦᠭᠡᠢ ᠪᠤᠶᠤ ᠶᠡᠭᠡ ᠬᠡᠮᠵᠢᠶᠡᠨ ᠤ ᠬᠥᠯᠥᠰᠦ ᠭᠠᠷᠤᠭᠰᠠᠨ ᠬᠦᠮᠦᠨ ᠡᠳᠦᠷ ᠪᠦᠷᠢ 5 ᠭᠷᠡᠮ ᠤᠨ ᠳᠣᠲᠣᠷ᠎ᠠ ᠬᠢᠵᠠᠭᠠᠷᠯᠠᠬᠤ ᠬᠡᠷᠡᠭᠳᠡᠢ᠃     2. ᠭᠤᠱᠤᠭᠤᠨ ᠢᠳᠡᠭᠡᠨ᠃ ᠡᠪᠡᠳᠴᠢᠯᠡᠭᠰᠡᠨ ᠬᠤᠭᠤᠴᠠᠭᠠᠨ ᠳᠤ᠂ ᠮᠠᠰᠢ ᠣᠯᠠᠨ ᠬᠥᠮᠥᠨ ᠤ ᠰᠢᠩᠭᠡᠭᠡᠯᠲᠡ ᠶᠢᠨ ᠴᠢᠳᠠᠪᠤᠷᠢ ᠨᠢ ᠮᠠᠭᠤᠳᠠᠳᠠᠭ᠂ ᠡᠨᠡ ᠦᠶ᠎ᠡ ᠳᠤ᠂ ᠬᠡᠲᠦᠷᠬᠡᠢ ᠭᠤᠱᠤᠭᠤᠨ ᠰᠡᠳᠦᠯᠲᠡ ᠶᠢᠨ ᠴᠢᠨᠠᠷᠲᠠᠢ ᠢᠳᠡᠭᠡᠨ ᠨᠢ ᠬᠤᠳᠣᠭᠤᠳᠤ ᠭᠡᠳᠡᠰᠦᠨ ᠤ ᠠᠵᠢᠯᠯᠠᠭ᠎ᠠ ᠶᠢ ᠤᠯᠠᠮ ᠰᠠᠮᠠᠭᠤᠷᠠᠭᠤᠯᠵᠤ᠂ ᠴᠢᠨᠠᠭᠰᠢᠯᠠᠪᠠᠯ ᠳᠤᠷ᠎ᠠ ᠪᠣᠯᠭᠢᠬᠤ᠂ ᠪᠥᠭᠡᠯᠵᠢᠬᠦ ᠳᠤ ᠬᠦᠷᠬᠡᠳᠡᠭ᠃ ᠬᠠᠯᠳᠠᠪᠤᠷᠢ ᠠᠪᠤᠪᠠᠯ ᠦᠷᠭᠦᠯᠵᠢ ᠬᠤᠭᠤᠯᠠᠢ ᠡᠪᠡᠳᠳᠡᠭ᠂ ᠤᠤᠯ ᠠᠴᠠ ᠪᠠᠨ ᠭᠤᠱᠤᠭᠤᠨ ᠢᠳᠡᠭᠡᠨ ᠳᠤ ᠲᠠᠭ᠎ᠠ ᠦᠭᠡᠢ ᠬᠥᠮᠥᠨ ᠳᠤ ᠠᠪᠴᠤ ᠬᠡᠯᠡᠪᠡᠯ᠂ ᠭᠤᠱᠤᠭᠤᠨ ᠢᠳᠡᠭᠡᠨ ᠨᠢ ᠪᠠᠰᠠ ᠵᠠᠯᠭᠢᠭᠤᠷ ᠤᠨ ᠬᠡᠰᠡᠭ ᠲᠤ ᠰᠡᠳᠦᠯᠲᠡ ᠥᠭᠴᠦ᠂ ᠡᠪᠡᠳᠴᠢᠨ ᠢ ᠬᠦᠨᠳᠦᠷᠡᠭᠦᠯᠳᠡᠭ᠃    3. ᠰᠢᠩᠭᠡᠭᠡᠬᠦ ᠳᠤ ᠬᠦᠴᠢᠷ ᠢᠳᠡᠭᠡᠨ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠤ ᠰᠡᠭᠦᠯᠡᠷ᠂ ᠮᠠᠰᠢ ᠣᠯᠠᠨ ᠬᠥᠮᠥᠨ ᠤ ᠬᠤᠳᠣᠭᠤᠳᠤᠨ ᠤ ᠴᠢᠳᠠᠪᠬᠢ ᠪᠠᠭᠤᠷᠠᠢ ᠪᠣᠯᠳᠠᠭ᠂ ᠡᠨᠡ ᠦᠶ᠎ᠡ ᠳᠤ ᠴᠤᠭᠤᠷ ᠨᠣᠭᠤᠭ᠎ᠠ᠂ ᠭᠤᠭᠤᠳ᠂ ᠬᠠᠯᠠᠭᠠᠢ᠂ ᠠᠮᠲᠠᠲᠤ ᠲᠥᠮᠥᠰᠥ ᠵᠡᠷᠭᠡ ᠢᠳᠡᠭᠡᠨ ᠢ ᠪᠠᠭ᠎ᠠ ᠢᠳᠡᠪᠡᠯ ᠵᠣᠬᠢᠨ᠎ᠠ᠂ ᠡᠭᠦᠨ ᠠᠴᠠ ᠭᠠᠳᠠᠨ᠎ᠠ ᠦᠬᠡᠷ ᠬᠤᠨᠢᠨ ᠤ ᠮᠢᠬ᠎ᠠ ᠵᠡᠷᠭᠡ ᠶᠢ ᠠᠯᠢ ᠴᠢᠳᠠᠬᠤ ᠪᠠᠷ ᠪᠠᠭ᠎ᠠ ᠢᠳᠡᠬᠦ ᠪᠤᠶᠤ ᠢᠳᠡᠬᠦ ᠦᠭᠡᠢ ᠪᠠᠶᠢᠪᠠᠯ ᠵᠣᠬᠢᠨ᠎ᠠ᠃    ᠲᠡᠭᠡᠪᠡᠯ ᠶᠠᠮᠠᠷ ᠶᠠᠮᠠᠷ ᠢᠳᠡᠭᠡᠨ ᠤᠮᠳᠠᠭᠠᠨ ᠨᠢ ᠡᠪᠡᠳᠴᠢᠨ ᠤ ᠪᠠᠶᠢᠳᠠᠯ ᠢ ᠨᠠᠮᠳᠠᠭᠤᠯᠬᠤ ᠳᠤ ᠳᠣᠰᠠᠳᠠᠢ ᠪᠤᠯ︖    1. ᠡᠳᠦᠷ ᠪᠦᠷᠢ 2000 ᠮᠢᠯᠯᠢᠯᠢᠲᠷ ᠤᠰᠤ ᠣᠣᠭᠤᠬᠤ᠃ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠭ᠎ᠠ ᠶᠢᠨ ᠰᠠᠨᠠᠭᠤᠯᠤᠭᠰᠠᠨ ᠢᠶᠠᠷ᠂ ᠬᠠᠯᠳᠠᠪᠤᠷᠢ ᠶᠢᠨ ᠬᠤᠭᠤᠴᠠᠭᠠᠨ ᠳᠤ ᠤᠰᠤ ᠰᠠᠶᠢᠨ ᠨᠥᠬᠦᠪᠦᠷᠢᠯᠡᠵᠦ᠂ ᠪᠦᠯᠢᠶᠡᠨ ᠤᠰᠤ ᠣᠣᠭᠤᠨ᠂ ᠬᠡᠳᠦ ᠬᠦᠢᠲᠡᠨ ᠤᠰᠤ ᠤᠤᠭᠤᠵᠤ ᠪᠣᠯᠬᠤ ᠦᠭᠡᠢ᠃    2. ᠰᠢᠩᠭᠡᠨ ᠱᠥᠯᠥ ᠪᠠ ᠰᠢᠩᠭᠡᠨ ᠪᠤᠳᠠᠭ᠎ᠠ᠃   3. ᠵᠢᠩᠨᠡᠭᠰᠡᠨ ᠲᠠᠬᠢᠶ᠎ᠠ ᠪᠠ ᠵᠢᠭᠠᠰᠤ᠃    4. ᠵᠥᠭᠡᠢ ᠶᠢᠨ ᠪᠠᠯ᠃ ᠤᠨᠲᠠᠬᠤ ᠠᠴᠠ ᠪᠠᠨ ᠬᠠᠭᠠᠰ ᠴᠠᠭ ᠤᠨ ᠡᠮᠦᠨ᠎ᠡ ᠨᠢᠭᠡ ᠬᠠᠯᠪᠠᠭ᠎ᠠ ᠵᠥᠭᠡᠢ ᠶᠢᠨ ᠪᠠᠯ ᠢᠳᠡᠪᠡᠯ ᠰᠥᠨᠢ ᠬᠠᠨᠢᠶᠠᠯᠭᠠᠬᠤ ᠶᠢ ᠨᠠᠮᠳᠠᠭᠠᠬᠤ ᠳᠤ ᠲᠤᠰᠠᠲᠠᠢ ᠶᠤᠮ ᠪᠠᠶᠢᠨ᠎ᠠ᠃ ᠬᠠᠷᠢᠨ ᠤᠢ ᠬᠦᠷᠦᠭᠡᠳᠦᠢ ᠨᠢᠯᠬ᠎ᠠ ᠬᠡᠦᠬᠡᠳ ᠲᠤ ᠢᠳᠡᠬᠦᠯᠵᠦ ᠪᠤᠯᠬᠤ ᠦᠬᠡᠢ᠃  
ᠢᠷᠡᠯᠲᠡ᠄ ᠳᠤᠮᠳᠠᠳᠤ ᠤᠯᠤᠰ ᠤᠨ ᠮᠣᠩᠭᠤᠯ ᠷᠠᠳᠢᠤ᠋ ᠰᠦᠯᠵᠢᠶ᠎ᠡ