ᠡᠪᠦᠯ ᠤᠨ ᠤᠯᠠᠷᠢᠯ ᠳᠤ ᠬᠢᠮᠢ ᠶᠢᠨ ᠪᠣᠷᠳᠣᠭᠤᠷ ᠬᠠᠳᠠᠭᠠᠯᠠᠬᠤ ᠲᠠᠪᠤᠨ ᠰᠡᠷᠭᠡᠶᠢᠯᠡᠯᠲᠡ
ᠨᠡᠶᠢᠲᠡᠯᠡᠭᠰᠡᠨ ᠴᠠᠭ᠄
2023/1/30
                                  ᠮᠠᠰᠢ ᠤᠯᠠᠨ ᠲᠠᠷᠢᠶᠠᠴᠢᠨ ᠡᠷᠦᠭᠡ ᠴᠥᠮ ᠡᠪᠦᠯ ᠤᠨ ᠤᠯᠠᠷᠢᠯ ᠳᠤ ᠬᠢᠮᠢ ᠶᠢᠨ ᠪᠣᠷᠳᠣᠭᠤᠷ ᠬᠠᠳᠠᠭᠠᠯᠠᠬᠤ ᠵᠠᠩᠰᠢᠯ ᠲᠠᠢ᠂ ᠡᠪᠦᠯ ᠤᠨ ᠤᠯᠠᠷᠢᠯ ᠳᠤ ᠬᠢᠮᠢ ᠶᠢᠨ ᠪᠣᠷᠳᠣᠭᠤᠷ ᠬᠠᠳᠠᠭᠠᠯᠠᠬᠤ ᠳᠤ ︽ᠲᠠᠪᠤ ᠶᠢ ᠰᠡᠷᠭᠡᠶᠢᠯᠡᠬᠦ︾ ᠶᠢ ᠪᠡᠶᠡᠯᠡᠭᠦᠯᠪᠡᠯ ᠪᠣᠷᠳᠣᠭᠤᠷ ᠤᠨ ᠰᠦᠢᠳᠦᠯ ᠪᠦᠷᠢᠯᠭᠡᠯᠲᠡ ᠶᠢ ᠪᠠᠭᠠᠰᠬᠠᠵᠤ ᠴᠢᠳᠠᠨ᠎ᠠ᠃    1. ᠨᠢᠭᠡ ᠳᠤ ᠠᠭᠤᠷᠰᠢᠬᠤ ᠶᠢ ᠰᠡᠷᠭᠡᠶᠢᠯᠡᠬᠦ ᠰᠢᠪᠲᠦᠷ ᠤᠨ ᠤᠰᠤ᠂ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠤ ᠠᠮᠮᠤᠨᠢ ᠨᠢ ᠡᠩ ᠤᠨ ᠳᠤᠯᠠᠭᠠᠨ ᠤ ᠳᠣᠣᠷ᠎ᠠ ᠲᠠᠰᠤᠷᠠᠯᠲᠠ ᠦᠭᠡᠢ ᠵᠠᠳᠠᠷᠠᠳᠠᠭ᠂ ᠳᠤᠯᠠᠭᠠᠨ ᠤ ᠬᠡᠮᠵᠢᠶ᠎ᠡ ᠨᠢ ᠬᠡᠳᠦᠢ ᠥᠨᠳᠥᠷ ᠪᠣᠯ ᠵᠠᠳᠠᠷᠠᠯᠲᠠ ᠨᠢ ᠲᠡᠳᠦᠢ ᠬᠤᠷᠳᠤᠨ ᠪᠠᠶᠢᠳᠠᠭ᠃ ᠲᠠᠷᠢᠶᠠᠴᠢᠨ ᠡᠷᠦᠭᠡ ᠬᠢᠮᠢ ᠶᠢᠨ ᠪᠣᠷᠳᠣᠭᠤᠷ ᠢ ᠬᠠᠳᠠᠭᠠᠯᠠᠬᠤ ᠳᠤ ᠪᠠᠨ ᠪᠣᠭᠤᠳᠠᠯ ᠪᠠᠭᠯᠠᠭ᠎ᠠ ᠶᠢ ᠨᠢ ᠡᠷᠬᠡᠪᠰᠢ ᠨᠢᠭᠲᠠ ᠪᠢᠲᠡᠭᠦᠮᠵᠢᠯᠡᠬᠦ ᠬᠡᠷᠡᠭᠲᠡᠢ᠃ ᠠᠽᠣᠲ ᠡᠳ᠋ ᠤᠨ ᠬᠢᠮᠢ ᠶᠢᠨ ᠪᠣᠷᠳᠣᠭᠤᠷ᠂ ᠬᠡᠳᠦ ᠹᠣᠰᠹᠣᠷ ᠬᠦᠴᠢᠯ ᠤᠨ ᠺᠠᠯᠼ ᠢ ᠱᠦᠯᠲᠦᠯᠢᠭ ᠪᠣᠳᠠᠰ ︵ᠵᠢᠱᠢᠶᠡᠯᠡᠪᠡᠯ ᠴᠣᠬᠤᠢ᠂ ᠡᠪᠡᠰᠦ ᠮᠣᠳᠣᠨ ᠤ ᠦᠨᠡᠰᠦ᠂ ᠺᠠᠯᠼ ᠮᠠᠭᠨᠢ ᠹᠣᠰᠹᠣᠷ ᠪᠣᠷᠳᠣᠭᠤᠷ ᠵᠡᠷᠭᠡ︶ ᠲᠠᠢ ᠬᠤᠯᠢᠵᠤ ᠣᠪᠣᠭᠠᠯᠠᠬᠤ ᠶᠢ ᠴᠢᠩᠭ᠎ᠠ ᠴᠠᠭᠠᠵᠠᠯᠠᠵᠤ᠂ ᠠᠽᠣᠲ ᠡᠳ᠋ ᠤᠨ ᠬᠢᠮᠢ ᠶᠢᠨ ᠪᠣᠷᠳᠣᠭᠤᠷ ᠤᠨ ᠠᠭᠤᠷᠰᠢᠨ ᠰᠦᠢᠳᠬᠦ ᠪᠠ ᠹᠣᠰᠹᠣᠷ ᠪᠣᠷᠳᠣᠭᠤᠷ ᠤᠨ ᠠᠰᠢᠭᠯᠠᠮᠵᠢ ᠶᠢ ᠪᠠᠭᠤᠷᠠᠭᠤᠯᠬᠤ ᠠᠴᠠ ᠰᠡᠷᠭᠡᠶᠢᠯᠡᠬᠦ ᠬᠡᠷᠡᠭᠲᠡᠢ᠃     2. ᠬᠤᠶᠠᠷ ᠲᠤ ᠴᠢᠭᠢᠭᠲᠦᠵᠦ ᠴᠢᠨᠠᠷ ᠬᠤᠪᠢᠷᠠᠬᠤ ᠶᠢ ᠰᠡᠷᠭᠡᠶᠢᠯᠡᠬᠦ ᠣᠯᠠᠩᠬᠢ ᠬᠢᠮᠢ ᠶᠢᠨ ᠪᠣᠷᠳᠣᠭᠤᠷ ᠨᠢ ᠴᠥᠮ ᠴᠢᠬᠢᠭ ᠢ ᠰᠢᠩᠭᠡᠭᠡᠬᠦ ᠴᠢᠨᠠᠷᠲᠠᠢ᠂ ᠣᠨᠴᠠᠭᠠᠶᠢᠯᠠᠨ ᠪᠣᠷᠣᠭᠠᠨ ᠳᠤ ᠨᠣᠷᠣᠭᠳᠠᠭᠰᠠᠨ ᠤ ᠳᠠᠷᠠᠭ᠎ᠠ᠂ ᠬᠢᠮᠢ ᠶᠢᠨ ᠪᠣᠷᠳᠣᠭᠤᠷ ᠤᠨ ᠰᠢᠮ᠎ᠡ ᠲᠡᠵᠢᠭᠡᠯ ᠨᠢ ᠤᠰᠤ ᠶᠢ ᠲᠠᠭᠠᠨ ᠤᠷᠤᠰᠳᠠᠭ᠃ ᠵᠠᠷᠢᠮ ᠬᠢᠮᠢ ᠶᠢᠨ ᠪᠣᠷᠳᠣᠭᠤᠷ ᠨᠢ ᠴᠢᠭᠢᠭᠲᠦᠭᠰᠡᠨ ᠤ ᠳᠠᠷᠠᠭ᠎ᠠ ᠭᠡᠰᠡᠭᠳᠡᠵᠦ ᠬᠠᠳᠠᠭᠤᠷᠠᠨ ᠴᠢᠨᠠᠷ ᠬᠤᠪᠢᠷᠠᠵᠤ᠂ ᠴᠢᠭᠢᠭᠲᠦᠵᠦ ᠵᠠᠳᠠᠷᠠᠳᠠᠭ᠂ ᠵᠢᠱᠢᠶᠡᠯᠡᠪᠡᠯ ᠠᠽᠣᠲ ᠬᠦᠴᠢᠯ ᠤᠨ ᠠᠮᠮᠤᠨᠢ ᠨᠢ ᠴᠢᠭᠢᠭᠲᠦᠪᠡᠯ ᠠᠮᠠᠷᠬᠠᠨ ᠬᠡᠰᠡᠭᠯᠡᠨ᠂ ᠴᠢᠭᠢᠭᠲᠦᠵᠦ ᠵᠠᠳᠠᠷᠠᠳᠠᠭ᠂ ᠬᠡᠳᠦ ᠹᠣᠰᠹᠣᠷ ᠬᠦᠴᠢᠯ ᠤᠨ ᠺᠠᠯᠼ ᠨᠢ ᠴᠢᠭᠢᠭᠲᠦᠪᠡᠯ ᠠᠮᠠᠷᠬᠠᠨ ᠭᠡᠰᠡᠭᠳᠡᠵᠦ ᠬᠠᠳᠠᠭᠤᠷᠠᠳᠠᠭ᠃ ᠡᠨᠡ ᠲᠦᠷᠦᠯ ᠤᠨ ᠬᠢᠮᠢ ᠶᠢᠨ ᠪᠣᠷᠳᠣᠭᠤᠷ ᠢ ᠵᠠᠪᠠᠯ ᠬᠠᠭᠤᠷᠠᠢ᠂ ᠰᠡᠷᠢᠭᠦᠨ ᠪᠥᠭᠡᠳ ᠰᠠᠯᠬᠢ ᠨᠡᠪᠲᠡᠷᠡᠬᠦ ᠭᠠᠵᠠᠷ ᠲᠤ ᠬᠠᠳᠠᠭᠠᠯᠠᠬᠤ ᠬᠡᠷᠡᠭᠲᠡᠢ᠃     3. ᠭᠤᠷᠪᠠ ᠳᠤ ᠢᠳᠡᠭᠳᠡᠬᠦ ᠬᠤᠤᠷᠳᠠᠬᠤ ᠶᠢ ᠰᠡᠷᠭᠡᠶᠢᠯᠡᠬᠦ ᠵᠠᠷᠢᠮ ᠬᠢᠮᠢ ᠶᠢᠨ ᠪᠣᠷᠳᠣᠭᠤᠷ ᠲᠤ ᠵᠣᠬᠢᠬᠤ ᠬᠡᠮᠵᠢᠶᠡᠨ ᠤ ᠢᠳᠡᠭᠳᠡᠭᠦᠯᠬᠦ ᠪᠣᠳᠠᠰ ᠪᠤᠶᠤ ᠬᠤᠣᠷᠲᠤ ᠪᠣᠳᠠᠰ ᠠᠭᠤᠯᠵᠤ ᠪᠠᠶᠢᠳᠠᠭ᠂ ᠵᠢᠱᠢᠶᠡᠯᠡᠪᠡᠯ ᠬᠡᠳᠦ ᠹᠣᠰᠹᠣᠷ ᠬᠦᠴᠢᠯ ᠤᠨ ᠺᠠᠯᠼ ᠲᠤ ᠴᠢᠯᠦᠭᠡᠲᠦ ᠬᠦᠴᠢᠯ ᠠᠭᠤᠯᠵᠤ᠂ ᠢᠳᠡᠭᠳᠡᠭᠦᠯᠬᠦ ᠴᠢᠨᠠᠷ ᠢᠶᠠᠷ ᠴᠢᠩᠭ᠎ᠠ ᠪᠠᠶᠢᠳᠠᠭ ᠃ ᠬᠡᠷᠪᠡ ᠡᠨᠡ ᠲᠦᠷᠦᠯ ᠤᠨ ᠪᠣᠷᠳᠣᠭᠤᠷ ᠢ ᠦᠷ᠎ᠡ ᠲᠠᠢ ᠬᠠᠮᠲᠤ ᠬᠠᠳᠠᠭᠠᠯᠠᠪᠠᠯ ᠦᠷ᠎ᠡ ᠶᠢᠨ ᠨᠠᠬᠢᠶᠠᠯᠠᠬᠤ ᠨᠤᠷᠮ᠎ᠠ ᠶᠢ ᠳᠣᠷᠣᠭᠰᠢᠯᠠᠭᠤᠯᠤᠨ᠎ᠠ᠃ ᠡᠨᠡ ᠲᠦᠷᠦᠯ ᠤᠨ ᠬᠢᠮᠢ ᠶᠢᠨ ᠪᠣᠷᠳᠣᠭᠤᠷ ᠢ ᠲᠡᠮᠦᠷ ᠰᠠᠪᠠ ᠪᠤᠶᠤ ᠮᠣᠳᠣᠨ ᠰᠠᠭᠤᠯᠠᠭ᠎ᠠ ᠳᠤ ᠤᠷᠳᠤ ᠬᠤᠭᠤᠴᠠᠭ᠎ᠠ ᠪᠠᠷ ᠬᠠᠳᠠᠭᠠᠯᠠᠵᠤ ᠪᠣᠯᠬᠤ ᠦᠭᠡᠢ᠂ ᠨᠡᠩ ᠴᠤ ᠦᠷ᠎ᠡ᠂ ᠲᠠᠷᠢᠶᠠᠯᠠᠩ ᠤᠨ ᠮᠠᠰᠢᠨ ᠪᠠᠭᠠᠵᠢ ᠵᠡᠷᠭᠡ ᠲᠠᠢ ᠬᠠᠮᠲᠤ ᠲᠠᠯᠪᠢᠵᠤ ᠪᠣᠯᠬᠤ ᠦᠭᠡᠢ᠃     4. ᠳᠥᠷᠪᠡ ᠳᠤ ᠲᠠᠷᠢᠶᠠᠨ ᠡᠮ ᠲᠠᠢ ᠬᠤᠯᠢᠯᠳᠤᠭᠤᠯᠤᠨ ᠲᠠᠯᠪᠢᠬᠤ ᠶᠢ ᠰᠡᠷᠭᠡᠶᠢᠯᠡᠬᠦ ᠬᠢᠮᠢ ᠶᠢᠨ ᠪᠣᠷᠳᠣᠭᠤᠷ ᠢ ᠲᠠᠷᠢᠶᠠᠨ ᠡᠮ ᠲᠠᠢ ᠬᠤᠯᠢᠯᠳᠤᠭᠤᠯᠤᠨ ᠲᠠᠯᠪᠢᠪᠠᠯ ᠂ ᠠᠮᠠᠷᠬᠠᠨ ᠥᠪᠡᠰᠦᠪᠡᠨ ᠰᠢᠲᠠᠵᠤ ᠳᠡᠯᠪᠡᠷᠡᠳᠡᠭ᠂ ᠵᠢᠱᠢᠶᠡᠯᠡᠪᠡᠯ ᠠᠽᠣᠲ ᠬᠦᠴᠢᠯ ᠤᠨ ᠨᠠᠳ᠋ᠷᠢ᠂ ᠠᠽᠣᠲ ᠬᠦᠴᠢᠯ ᠤᠨ ᠠᠮᠮᠤᠨᠢ ᠵᠡᠷᠭᠡ ᠬᠢᠮᠢ ᠶᠢᠨ ᠪᠣᠷᠳᠣᠭᠤᠷ ᠢ ᠨᠡᠷᠡᠨ ᠳᠤ ᠡᠭᠡᠭᠡᠬᠦ ᠪᠤᠶᠤ ᠬᠦᠨᠳᠦ ᠪᠣᠳᠠᠰ ᠲᠠᠢ ᠮᠦᠷᠬᠦᠯᠳᠦᠪᠡᠯ ᠬᠠᠯᠠᠭᠠᠳ ᠠᠮᠠᠷᠬᠠᠨ ᠥᠪᠡᠰᠦᠪᠡᠨ ᠰᠢᠳᠠᠵᠤ ᠳᠡᠯᠪᠡᠷᠡᠳᠡᠭ᠃ ᠴᠡᠶᠢᠳᠡᠮᠯᠢᠭ ᠡᠮ ᠤᠨ ᠲᠦᠷᠦᠯ ᠤᠨ ᠲᠠᠷᠢᠶᠠᠨ ᠡᠮ ᠳᠤ ᠤᠯᠠᠨ ᠬᠡᠮᠵᠢᠶᠡᠨ ᠤ ᠪᠦᠳᠦᠭᠦᠯᠢᠭ ᠪᠧᠨ᠋ᠽᠧᠨ᠂ ᠬᠤᠶᠠᠷ ᠮᠧᠲ᠋ᠢᠯᠲᠦ ᠪᠧᠨ᠋ᠽᠧᠨ ᠵᠡᠷᠭᠡ ᠠᠮᠠᠷᠬᠠᠨ ᠠᠭᠤᠷᠰᠢᠨ ᠠᠮᠠᠷᠬᠠᠨ ᠰᠢᠲᠠᠬᠤ ᠠᠭᠤᠰᠬᠠᠭᠴᠢ ᠠᠭᠤᠯᠤᠭᠳᠠᠵᠤ᠂ ᠭᠠᠯ ᠤᠨ ᠣᠴᠢ ᠲᠠᠢ ᠬᠦᠷᠦᠯᠴᠡᠪᠡᠯ ᠳᠠᠷᠤᠢ ᠲᠦᠷᠭᠡᠨ ᠰᠢᠲᠠᠳᠠᠭ᠃ ᠬᠡᠷᠪᠡ ᠬᠢᠮᠢ ᠶᠢᠨ ᠪᠣᠷᠳᠣᠭᠤᠷ ᠢ ᠲᠠᠷᠢᠶᠠᠨ ᠡᠮ ᠲᠠᠢ ᠬᠠᠮᠲᠤ ᠬᠠᠳᠠᠭᠠᠯᠠᠬᠤ ᠳᠤ ᠬᠦᠷᠪᠡᠯ᠂ ᠨᠢᠭᠡ ᠲᠠᠯ᠎ᠠ ᠨᠢ ᠥᠪᠡᠰᠦᠪᠡᠨ ᠰᠢᠲᠠᠪᠠᠯ ᠨᠦᠬᠦᠭᠡ ᠲᠠᠯ᠎ᠠ ᠪᠠᠨ ᠨᠥᠯᠥᠭᠡᠯᠡᠨ᠎ᠡ᠃     5. ᠲᠠᠪᠤ ᠳᠤ ᠬᠤᠯᠢᠯᠳᠤᠭᠤᠯᠤᠨ ᠲᠠᠯᠪᠢᠵᠤ ᠤᠳᠠᠭᠠᠨ ᠬᠠᠳᠠᠭᠠᠯᠠᠬᠤ ᠶᠢ ᠰᠡᠷᠭᠡᠶᠢᠯᠡᠬᠦ ᠬᠢᠮᠢ ᠶᠢᠨ ᠪᠣᠷᠳᠣᠭᠤᠷ ᠤᠨ ᠲᠦᠷᠦᠯ ᠵᠦᠢᠯ ᠤᠯᠠᠨ ᠪᠥᠭᠡᠳ ᠰᠢᠨᠵᠢ ᠴᠢᠨᠠᠷ ᠨᠢ ᠴᠦ ᠠᠳᠠᠯᠢ ᠦᠭᠡᠢ ᠪᠣᠯᠬᠤᠷ ᠬᠤᠯᠢᠯᠳᠤᠭᠤᠯᠤᠨ ᠣᠪᠣᠭᠠᠯᠠᠬᠤ ᠪᠤᠶᠤ ᠬᠤᠯᠢᠯᠳᠤᠭᠤᠯᠤᠨ ᠲᠠᠯᠪᠢᠵᠤ ᠪᠣᠯᠬᠤ ᠦᠭᠡᠢ᠃ ᠬᠠᠳᠠᠭᠠᠯᠠᠬᠤ ᠳᠤ ᠪᠠᠨ ᠬᠢᠮᠢ ᠶᠢᠨ ᠪᠣᠷᠳᠣᠭᠤᠷ ᠤᠨ ᠭᠠᠷᠤᠯᠲᠠ ᠶᠢᠨ ᠭᠠᠵᠠᠷ᠂ ᠲᠦᠷᠦᠯ ᠵᠦᠢᠯ ᠢᠶᠠᠷ ᠨᠢ ᠲᠤᠰ ᠲᠤᠰ ᠲᠤ ᠨᠢ ᠬᠠᠳᠠᠭᠠᠯᠠᠬᠤ ᠬᠡᠷᠡᠭᠲᠡᠢ᠃ ᠬᠦᠴᠢᠯᠯᠢᠭ ᠴᠢᠨᠠᠷ ᠪᠠ ᠱᠦᠯᠲᠦᠯᠢᠭ ᠴᠢᠨᠠᠷ ᠲᠠᠢ ᠪᠣᠷᠳᠣᠭᠤᠷ ᠢ ᠬᠠᠮᠲᠤ ᠳᠤ ᠨᠢ ᠬᠠᠳᠠᠭᠠᠯᠠᠵᠤ ᠪᠣᠯᠬᠤ ᠦᠭᠡᠢ᠂ ᠠᠽᠣᠲ ᠡᠳ᠋ ᠤᠨ ᠰᠦᠢᠳᠬᠦ ᠶᠢ ᠰᠡᠷᠭᠡᠶᠢᠯᠡᠨ᠎ᠡ︔ ᠹᠣᠰᠹᠣᠷ ᠪᠣᠷᠳᠣᠭᠤᠷ ᠢ ᠤᠳᠠᠭᠠᠨ ᠬᠠᠳᠠᠭᠠᠯᠠᠵᠤ ᠪᠣᠯᠬᠤ ᠦᠭᠡᠢ᠂ ᠤᠴᠢᠷ ᠨᠢ ᠬᠠᠳᠠᠭᠠᠯᠠᠬᠤ ᠶᠠᠪᠤᠴᠠ ᠳᠤ ᠠᠰᠢᠭᠲᠤ ᠹᠣᠰᠹᠣᠷ ᠨᠢ ᠠᠭᠠᠵᠢᠮ ᠢᠶᠠᠷ ᠪᠠᠭᠠᠰᠳᠠᠭ︔ ᠪᠠᠺᠲ᠋ᠧᠷᠢ ᠶᠢᠨ ᠪᠣᠷᠳᠣᠭᠤᠷ ᠢ ᠬᠠᠳᠠᠭᠠᠯᠠᠬᠤ ᠳᠤ ᠪᠠᠨ ᠬᠠᠯᠠᠭᠤᠨ ᠢ ᠰᠡᠷᠭᠡᠶᠢᠯᠡᠵᠦ᠂ ᠨᠡᠷᠡᠨ ᠳᠤ ᠰᠢᠷᠠᠭᠳᠠᠬᠤ ᠶᠢ ᠰᠡᠷᠭᠡᠶᠢᠯᠡᠬᠦ ᠬᠡᠷᠡᠭᠲᠡᠢ᠂ ᠬᠠᠮᠤᠭ ᠰᠠᠶᠢᠨ ᠨᠢ ᠬᠠᠷ᠎ᠠ ᠰᠢᠷᠳᠡᠮᠡᠯ ᠪᠥᠰ ᠤᠨ ᠤᠭᠤᠲᠠᠨ ᠳᠤ ᠬᠢᠵᠦ᠂ ᠪᠣᠷᠳᠣᠭᠤᠷ ᠤᠨ ᠳᠣᠲᠣᠷᠠᠬᠢ ᠪᠠᠺᠲ᠋ᠧᠷᠢ ᠨᠢ ᠰᠢᠷᠠᠭᠳᠠᠵᠤ ᠦᠬᠦᠭᠡᠳ ᠦᠢᠯᠡᠳᠦᠯ ᠢᠶᠠᠨ ᠠᠯᠳᠠᠬᠤ ᠠᠴᠠ ᠰᠡᠷᠭᠡᠶᠢᠯᠡᠨ᠎ᠡ᠃ 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ