​ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠦᠢᠯᠡᠴᠢᠯᠡᠭᠡ ᠪᠠᠨ ᠰᠢᠯᠢᠳᠡᠭᠵᠢᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2023/10/11
     ᠡᠨᠡ ᠵᠢᠯ ᠠᠴᠠ ᠨᠠᠭᠠᠰᠢ᠂ ᠲᠡᠯᠡᠳ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠭᠤᠷᠢᠨ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠤᠨ᠂ ᠠᠵᠤ ᠠᠬᠤᠶᠢᠯᠠᠯ ᠳᠤ ᠭᠦᠨᠵᠡᠭᠡᠶᠢᠷᠠᠨ ᠠᠷᠭ᠎ᠠ ᠪᠣᠳᠣᠯᠭ᠎ᠠ ᠪᠠ ᠬᠡᠷᠡᠭᠴᠡᠭᠡ ᠶᠢ ᠠᠰᠠᠭᠤᠨ ᠯᠠᠪᠯᠠᠵᠤ᠂ ᠪᠠᠶᠢᠳᠠᠯ ᠢ ᠲᠣᠳᠣᠷᠬᠠᠶ ᠤᠶᠢᠯᠠᠭᠠᠨ᠂ ᠠᠰᠠᠭᠤᠳᠠᠯ ᠢ ᠣᠨᠣᠪᠴᠢᠲᠠᠶ ᠡᠷᠢᠵᠦ᠂ ᠭᠠᠶᠢᠯᠢ ᠲᠤᠰᠢᠶᠠᠬᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠭᠠᠶᠢᠯᠢ ᠲᠤᠰᠢᠶᠠᠬᠤ ᠪᠠ ᠰᠦᠢᠳᠭᠡᠯ ᠲᠤᠰᠢᠶᠠᠬᠤ ᠦᠢᠯᠡᠴᠢᠯᠡᠭᠡ ᠶᠢ ᠨᠠᠩ ᠲᠥᠬᠦᠮ ᠪᠣᠯᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠪᠠᠶᠢᠨ᠎ᠠ᠃      ᠠᠵᠢᠯ ᠤᠨ ᠳᠤᠮᠳᠠ ᠪᠠᠨ ᠲᠤᠰ ᠲᠣᠪᠴᠢᠶ᠎ᠠ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠤᠨ ᠭᠠᠶᠢᠯᠢ ᠲᠤᠰᠢᠶᠠᠬᠤ ᠬᠡᠪᠴᠢᠶ᠎ᠡ ᠪᠠ ᠠᠵᠢᠯ ᠲᠥᠷᠥᠯ ᠤᠨ ᠬᠡᠯᠪᠡᠷᠢ ᠶᠢ ᠪᠦᠬᠦ ᠲᠠᠯ᠎ᠠ ᠪᠠᠷ ᠡᠮᠬᠢᠯᠡᠨ ᠳᠢᠭᠯᠡᠵᠦ᠂ ︽ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠬᠤ — ᠵᠠᠳᠠᠯᠤᠨ ᠰᠤᠳᠤᠯᠵᠤ ᠮᠠᠭᠠᠳᠯᠠᠬᠤ — ᠬᠥᠳᠡᠯᠦᠩᠭᠦᠶ ᠪᠠᠷ ᠳᠠᠭᠠᠬᠤ — ᠦᠢᠯᠡᠴᠢᠯᠡᠭᠡ ᠶᠢ ᠰᠢᠯᠢᠳᠡᠭᠵᠢᠭᠦᠯᠬᠦ︾ ᠪᠢᠲᠡᠭᠦᠦ ᠴᠠᠭᠠᠷᠢᠭᠳᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ 558 ᠠᠵᠤ ᠠᠬᠤᠶᠢᠯᠠᠯ ᠢ ᠬᠡᠪᠴᠢᠶ᠎ᠡ᠂ ᠲᠥᠷᠥᠯ ᠬᠤᠪᠢᠶᠠᠨ ᠭᠦᠨᠵᠡᠭᠡᠶ ᠰᠤᠷᠪᠤᠯᠵᠢᠯᠠᠵᠤ᠂ ᠭᠠᠶᠢᠯᠢ ᠲᠤᠰᠢᠶᠠᠭᠴᠢ ᠶᠢᠨ 4 ᠶᠡᠭᠡ ᠲᠥᠷᠥᠯ ᠤᠨ 40 ᠵᠦᠢᠯ ᠤᠨ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ᠂ 28 ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠨ᠂ ᠬᠠᠨᠤᠮᠵᠢ ᠶᠢᠨ ᠨᠣᠷᠮ᠎ᠠ ᠨᠢ 100 % ᠳᠤ ᠭᠦᠷᠴᠦ᠂ ᠶᠠᠪᠤᠳᠠᠯ ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠬᠤ ᠶᠢ ᠦᠨᠡᠨ ᠬᠦ ᠪᠡᠶᠡᠯᠡᠭᠦᠯᠦᠭᠰᠡᠨ ᠪᠠᠶᠢᠨ᠎ᠠ︔ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠤᠨ᠂ ︽ᠴᠡᠭ ᠠᠴᠠ ᠴᠡᠭ ᠲᠤ ᠲᠠᠭᠠᠷᠠᠭᠤᠯᠬᠤ︾᠂ ︽ᠨᠢᠭᠡ ᠳᠤ ᠨᠢᠭᠡ ᠶᠢ ᠲᠠᠭᠠᠷᠠᠭᠤᠯᠬᠤ︾ ᠠᠷᠭ᠎ᠠ ᠮᠠᠶ᠋ᠢᠭ ᠢ ᠠᠪᠴᠤ᠂ ᠬᠠᠪᠰᠤᠷᠤᠨ ᠵᠢᠯᠣᠭᠤᠳᠬᠤ ᠡᠬᠡ ᠲᠠᠩᠰᠠ ᠪᠠᠶᠢᠭᠤᠯᠤᠨ᠂ ᠬᠠᠪᠰᠤᠷᠤᠨ ᠵᠢᠯᠣᠭᠤᠳᠴᠤ ᠨᠠᠶᠢᠳᠠᠪᠤᠷᠢᠵᠢᠭᠤᠯᠬᠤ ᠪᠠ ᠪᠥᠬᠦ ᠶᠠᠪᠤᠴᠠ ᠳᠤ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠭᠦᠷᠳᠡᠪᠡᠰᠦ ᠵᠣᠬᠢᠬᠤ ᠭᠠᠶᠢᠯᠢ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠷᠢᠨ ᠡᠳ᠋ᠯᠡᠬᠦ ᠶᠢ ᠪᠠᠳᠤᠯᠠᠬᠰᠠᠨ ᠪᠠᠶᠢᠨ᠎ᠠ︔ ︽ᠰᠦᠯᠵᠢᠶᠡᠨ ᠳᠡᠭᠡᠷ᠎ᠡ ᠭᠠᠶᠢᠯᠢ ᠭᠦᠢᠴᠡᠳᠭᠡᠬᠦ ᠪᠠᠷ ᠭᠤᠤᠯ ᠪᠣᠯᠭᠠᠵᠤ᠂ ᠥᠪᠡᠰᠦᠪᠡᠨ ᠭᠠᠶᠢᠯᠢ ᠭᠦᠢᠴᠡᠳᠭᠡᠬᠦ ᠪᠠᠷ ᠬᠠᠪᠰᠤᠷᠤᠮᠵᠢ ᠪᠣᠯᠭᠠᠵᠤ᠂ ᠪᠣᠳᠠᠲᠤ ᠴᠣᠭᠴᠠ ᠭᠠᠶᠢᠯᠢ ᠭᠦᠢᠴᠡᠳᠭᠡᠬᠦ ᠪᠠᠷ ᠦᠨᠳᠦᠰᠦᠨ ᠵᠦᠢᠯ ᠢ ᠪᠠᠲᠤᠯᠠᠬᠤ︾ ᠣᠯᠠᠨ ᠡᠰᠢᠵᠢᠭᠰᠡᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ︽ᠲᠤᠰᠢᠶᠠᠬᠤ ᠪᠠ ᠦᠢᠯᠡᠴᠢᠯᠡᠬᠦ ᠲᠤᠰᠬᠠᠶ ᠱᠤᠭᠤᠮ︾ ᠢ ᠨᠡᠮᠡᠨ ᠲᠤᠭᠢᠷᠠᠭᠤᠯᠵᠤ᠂ ᠠᠰᠠᠭᠤᠨ ᠯᠠᠪᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠪᠣᠰᠤᠭ᠎ᠠ ᠴᠣᠭᠴᠠᠲᠤ ᠮᠠᠶ᠋ᠢᠭ ᠤᠨ ᠭᠠᠶᠢᠯᠢ ᠭᠦᠢᠴᠡᠳᠭᠡᠬᠦ ᠲᠤᠬᠳᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ ᠭᠠᠶᠢᠯᠢ ᠲᠤᠰᠢᠶᠠᠭᠴᠢ ᠰᠦᠢᠳᠭᠡᠯ ᠲᠤᠰᠢᠶᠠᠭᠴᠢ ᠶᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ ᠪᠠᠶᠢᠨ᠎ᠠ᠃      
ᠢᠷᠡᠯᠲᠡ᠄ ᠤᠷᠳᠤᠰ ᠤᠨ ᠡᠳᠤᠷ ᠤᠨ ᠰᠤᠨᠢᠨ