ᠤᠯᠠᠭᠠᠨ ᠯᠠᠵᠤᠤ ᠠᠴᠠ ᠪᠠᠶᠠᠵᠢᠯ ᠤᠨ ᠵᠠᠮ ᠰᠤᠨᠤᠯᠵᠠᠨ᠎ᠠ
ᠨᠡᠶᠢᠲᠡᠯᠡᠭᠰᠡᠨ ᠴᠠᠭ᠄
2023/10/11
       ᠤᠯᠠᠭᠠᠨ ᠯᠠᠵᠤᠤ ᠪᠤᠯ ᠲᠠᠯᠠᠳ ᠬᠤᠰᠢᠭᠤᠨ ᠤ ᠭᠠᠵᠠᠷ ᠤᠷᠤᠨ ᠤ ᠤᠨᠴᠠᠯᠢᠭ ᠰᠢᠨᠵᠢ ᠳᠤ ᠨᠡᠶᠢᠴᠡᠭᠰᠡᠨ ᠠᠵᠤ ᠠᠬᠤᠢ ᠶᠢᠨ ᠲᠠᠷᠢᠮᠠᠯ ᠪᠤᠯᠤᠨ᠎ᠠ᠃ ᠡ᠊ᠨᠳᠡ ᠲᠠᠷᠢᠶᠠᠨ ᠭᠠᠵᠠᠷ ᠲᠡᠭᠰᠢ᠂ ᠭᠡᠷᠡᠯ ᠤᠨ ᠲᠤᠰᠤᠯᠳᠡ ᠰᠠᠶᠢᠨ᠂ ᠡᠳᠤᠷ ᠰᠦᠨᠢ ᠶᠢᠨ ᠲᠤᠯᠠᠭᠠᠨ ᠤ ᠵᠦᠷᠢᠶ᠎ᠡ ᠶᠡᠭᠡ ᠵᠡᠷᠭᠡ ᠤᠨᠴᠠᠯᠢᠭ ᠲᠠᠢ ᠪᠠᠶᠢᠵᠤ᠂ ᠢᠳᠡᠰᠢᠨ ᠨᠤᠭᠤᠭ᠎ᠠ ᠭᠤᠸ᠋ᠨ ᠵᠢᠮᠢᠰ ᠤᠨ ᠲᠦᠷᠦᠯ ᠤᠨ ᠠᠵᠤ ᠠᠬᠤᠢ ᠶᠢᠨ ᠲᠠᠷᠢᠮᠠᠯ ᠢ ᠬᠦᠭᠵᠢᠭᠦᠯᠬᠦ ᠳᠤ ᠲᠤᠩ ᠲᠤᠬᠢᠷᠠᠮᠵᠢᠳᠠᠢ ᠪᠠᠶᠢᠳᠠᠭ᠃ ᠲᠤᠰ ᠬᠤᠰᠢᠭᠤᠨ ᠤ ᠽᠠᠨᠳᠠᠨᠵᠤᠤ ᠰᠤᠮᠤ ᠨᠢᠳᠤᠨᠤᠨ ︽ᠪᠤᠶᠠᠨ 829 ᠨᠡᠷᠡᠮᠵᠢᠳᠤ︾ ᠤᠯᠠᠭᠠᠨ ᠯᠠᠵᠤᠤ ᠶᠢ ᠲᠤᠷᠰᠢᠨ ᠲᠠᠷᠢᠭᠠᠳ ᠠᠮᠵᠢᠯᠳᠠ ᠤᠯᠵᠤ᠂ ᠡᠨᠡ ᠵᠢᠯ ᠲᠠᠷᠢᠮᠠᠯ ᠤᠨ ᠳᠠᠯᠠᠪᠠᠢ ᠪᠠᠨ ᠦᠷᠭᠡᠳᠬᠡᠵᠡᠢ᠃       ᠦᠢᠯᠠᠭᠠᠬᠰᠡᠨ ᠢᠶᠠᠷ᠂ ᠤᠯᠠᠭᠠᠨ ᠯᠠᠵᠤᠤ ᠪᠤᠯ ᠬᠡᠷᠡᠭᠴᠡᠭᠡ ᠶᠡᠭᠡ᠂ ᠬᠠᠳᠠᠭᠠᠯᠠᠬᠤ ᠳᠤ ᠲᠦᠭᠦᠮ ᠮᠦᠷᠳᠡᠭᠡᠨ ᠤᠨᠠᠯᠳᠡ ᠰᠠᠶᠢᠳᠠᠢ᠂ ᠤᠷᠭᠤᠯᠳᠡ ᠶᠢᠨ ᠬᠤᠭᠤᠴᠠᠭ᠎ᠠ ᠨᠢ ᠤᠬᠤᠷ ᠢᠳᠡᠰᠢᠨ ᠨᠤᠭᠤᠭ᠎ᠠ ᠶᠢᠨ ᠳᠦᠷᠦᠯ ᠪᠤᠯᠤᠨ᠎ᠠ᠃ ᠲᠡᠷᠡᠴᠢᠯᠡᠨ ᠲᠡᠭᠦᠨ ᠤ ᠠᠮᠳᠡ ᠨᠢ ᠪᠠᠰᠨ ᠭᠤᠱᠤᠭᠤᠨ ᠪᠠᠶᠢᠳᠠᠭ ᠪᠤᠯᠬᠤᠷ ᠬᠤᠷᠤᠬᠠᠢ ᠶᠢᠨ ᠬᠦᠨᠤᠭᠡᠯ ᠪᠠᠭ᠎ᠠ᠂ ᠲᠠᠷᠢᠶᠠᠨ ᠡᠮ ᠢ ᠬᠡᠷᠡᠭᠯᠡᠬᠦ ᠬᠡᠮᠵᠢᠶ᠎ᠡ ᠨᠢ ᠪᠠᠭ᠎ᠠ ᠪᠠᠶᠢᠳᠠᠭ᠃ ᠽᠠᠨᠳᠠᠨᠵᠤᠤ ᠰᠤᠮᠤᠨ ᠤ ᠨᠠᠮ ᠤᠨ ᠬᠤᠷᠢᠶ᠎ᠠ ᠶᠢᠨ ᠱᠦᠵᠢ ᠨᠠᠮᠤᠭᠤᠬᠠᠨ᠄ ︽ᠤᠯᠠᠭᠠᠨ ᠯᠠᠵᠤᠤ ᠵᠡᠷᠭᠡ ᠠᠵᠤ ᠠᠬᠤᠢ ᠶᠢᠨ ᠲᠠᠷᠢᠮᠠᠯ ᠢ ᠲᠡᠯᠭᠡᠷᠡᠭᠦᠯᠬᠦ ᠶᠢᠨ ᠲᠦᠯᠦᠭᠡ ᠪᠠᠯᠭᠠᠰᠤᠨ ᠤ ᠵᠠᠰᠠᠭ ᠤᠨ ᠤᠷᠳᠤᠨ ᠠᠴᠠ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠡᠯᠨ ᠮᠦᠡᠭᠬᠦ ᠶᠢᠨ ᠲᠠᠮᠵᠢᠯᠭᠡ ᠬᠦᠷᠳᠡᠭᠡᠵᠠᠢ᠃ ᠲᠠᠷᠤᠢ ᠲᠠᠷᠢᠶᠠᠴᠢᠨ ᠡᠷᠤᠭᠡ᠂ ᠲᠠᠷᠢᠮᠠᠯ ᠤᠨ ᠲᠤᠮᠤ ᠡᠷᠤᠭᠡ᠂ ᠬᠤᠷᠰᠢᠶᠠᠵᠢᠯ ᠢ ᠢᠳᠡᠪᠬᠢᠳᠠᠢ ᠳᠠᠶᠢᠴᠢᠯᠡᠨ ᠤᠯᠠᠭᠠᠨ ᠯᠠᠵᠤᠤ ᠲᠠᠷᠢᠬᠤ ᠶᠢ ᠨᠢ ᠵᠤᠷᠢᠬᠵᠢᠭᠤᠯᠤᠨ ᠮᠤ᠋ ᠪᠦᠷᠢ ᠳᠤ 200 — 500 ᠲᠦᠭᠦᠷᠢᠭ ᠤᠨ ᠨᠦᠬᠦᠪᠤᠷᠢ ᠤᠯᠭᠤᠵᠤ ᠪᠠᠶᠢᠨ᠎ᠠ ᠂ ᠳᠡᠷᠡᠴᠢᠯᠡᠨ ᠪᠦᠬᠦ ᠰᠤᠮᠤᠨ ᠤ ᠲᠠᠷᠠᠬᠠᠢ ᠪᠠᠷ ᠲᠠᠷᠢᠵᠤ ᠪᠠᠶᠢᠭ᠎ᠠ ᠤᠯᠠᠭᠠᠨ ᠯᠠᠵᠤᠤ ᠶᠢ ᠪᠦᠬᠦᠨ ᠢ ᠲᠠᠷᠢᠮᠠᠯ ᠤᠨ ᠲᠠᠭᠠᠳᠬᠠᠯ ᠳᠤ ᠤᠷᠤᠭᠤᠯᠵᠤ᠂ ᠲᠠᠭᠠᠳᠬᠠᠯ ᠤᠨ ᠮᠦᠡᠭᠭᠦ ᠶᠢᠨ ᠵᠠᠷᠤᠳᠠᠯ ᠤᠨ 80 % ᠶᠢ ᠨᠢ ᠪᠠᠯᠭᠠᠰᠤᠨ ᠤ ᠵᠠᠰᠠᠭ ᠤᠨ ᠤᠷᠳᠤᠨ ᠠᠴᠠ ᠭᠠᠷᠭᠠᠵᠤ ᠪᠠᠶᠢᠨ᠎ᠠ︾ ᠭᠡᠵᠤ ᠪᠠᠶᠢᠯ᠎ᠠ᠃ ᠽᠠᠨᠳᠠᠨᠵᠤᠤ ᠰᠤᠮᠤᠨ ᠤ ᠲᠤᠯᠤᠭᠠᠨ ᠬᠠᠯᠵᠠᠨ ᠲᠤᠰᠬᠤᠨ ᠤ ᠲᠠᠷᠢᠮᠠᠯ ᠤᠨ ᠲᠤᠮᠤ ᠡᠷᠤᠭᠡ ᠸᠠᠩ ᠹᠦ᠋ ᠴᠸᠡᠭ ᠤᠨ ᠬᠢ ᠡᠨᠡ ᠵᠢᠯ 300 ᠭᠠᠷᠤᠢ ᠮᠤ᠋ ᠤᠯᠠᠭᠠᠨ ᠯᠠᠵᠤᠤ ᠲᠠᠷᠢᠵᠤ᠂ ᠤᠳᠤ ᠶᠠᠭ ᠬᠦᠮᠤᠨ ᠬᠦᠯᠦᠰᠦᠯᠡᠨ ᠲᠡᠭᠦᠵᠤ ᠬᠤᠷᠢᠶᠠᠭᠠᠳ ᠶᠠᠭᠠᠷᠠᠯᠳᠠᠢ ᠪᠠᠶᠢᠨ᠎ᠠ᠃ ᠲᠡᠷᠨ ᠰᠤᠷᠪᠤᠯᠵᠢᠯᠠᠬᠴᠢ ᠳᠤ᠄ ︽ᠮᠠᠨ ᠤ ᠬᠢᠨ ᠭᠤᠷᠪᠡᠨ ᠵᠢᠯ ᠲᠠᠷᠠᠠᠭᠠᠯᠠᠨ ᠤᠯᠠᠭᠠᠨ ᠯᠠᠵᠤᠤ ᠲᠠᠷᠢᠵᠠᠢ᠃ ᠠᠩᠬᠠᠨ ᠤ ᠬᠤᠶᠠᠷ ᠵᠢᠯ ᠳᠤ ᠲᠤᠷᠰᠢᠯᠭ᠎ᠠ ᠬᠦᠷᠦᠯᠴᠡᠬᠦ ᠦᠭᠡᠢ ᠠᠴᠠ ᠪᠤᠯᠵᠤ ᠤᠨᠠᠯᠳᠡ ᠰᠠᠶᠢᠨ ᠪᠢᠰᠢ᠃ ᠡᠨᠡ ᠵᠢᠯ ᠬᠠᠷᠢᠨ ᠰᠢᠨ᠎ᠡ ᠲᠦᠷᠦᠯ ᠵᠦᠢᠯ ᠤᠨ ᠤᠯᠠᠭᠠᠨ ᠯᠠᠵᠤᠤ ᠶᠢ ᠰᠤᠩᠭᠤᠨ ᠲᠠᠷᠢᠬᠰᠡᠨ ᠠᠴᠠ ᠤᠷᠭᠤᠯᠳᠡ ᠨᠢ ᠲᠤᠩ ᠰᠠᠶᠢᠨ ᠪᠠᠶᠢᠵᠤ᠂ ᠪᠠᠷᠤᠬᠴᠠᠭᠠᠯᠠᠪᠠᠯ ᠨᠠᠭᠠᠳᠤ ᠵᠠᠬ᠎ᠠ ᠳᠠᠭᠠᠨ ᠵᠢᠷᠠᠭᠠᠳ ᠲᠦᠮᠡᠨ ᠲᠦᠭᠦᠷᠢᠭ ᠤᠨ ᠴᠡᠪᠡᠷ ᠤᠷᠤᠯᠭ᠎ᠠ ᠤᠯᠬᠤ ᠪᠤᠯᠤᠨ᠎ᠠ︾ ᠭᠡᠵᠤ ᠪᠠᠶᠢᠯ᠎ᠠ᠃ ᠲᠤᠯᠤᠭᠠᠨ ᠬᠠᠯᠵᠠᠨ ᠲᠤᠰᠬᠤᠨ ᠤ ᠲᠠᠷᠢᠶᠠᠴᠢᠨ ᠰᠦᠨ ᠮᠤᠤ ᠯᠸᠡᠭ ᠤᠨ ᠬᠢ ᠡᠨᠡ ᠬᠤᠶᠠᠷ ᠵᠢᠯ ᠪᠠᠰᠨ ᠤᠯᠠᠭᠠᠨ ᠯᠠᠵᠤᠤ ᠲᠠᠷᠢᠵᠠᠢ᠃ ᠵᠢᠷᠡᠨ ᠨᠠᠰᠤ ᠶᠢ ᠲᠠᠪᠠᠭᠰᠡᠨ ᠬᠤᠶᠠᠷ ᠨᠠᠰᠤᠳᠡᠨ ᠬᠦᠳᠡᠯᠮᠤᠷᠢ ᠬᠦᠴᠦ ᠬᠦᠷᠦᠯᠴᠡᠬᠦ ᠦᠭᠡᠢ ᠵᠡᠷᠭᠡ ᠰᠢᠯᠳᠠᠭᠠᠨ ᠠᠴᠠ ᠪᠤᠯᠵᠤ ᠡᠨᠡ ᠬᠤᠶᠠᠷ ᠵᠢᠯ ᠵᠦᠪᠭᠡᠨ ᠬᠤᠷᠢ ᠭᠤᠴᠢᠨ  ᠮᠤ᠋ ᠤᠯᠠᠭᠠᠨ ᠯᠠᠵᠤᠤ ᠲᠠᠷᠢᠭᠰᠠᠨ ᠴᠤ ᠪᠠᠰᠨ ᠨᠡᠯᠢᠶᠡᠳ ᠤᠷᠤᠯᠭ᠎ᠠ ᠶᠢ ᠡᠭᠦᠳᠦᠭᠰᠡᠨ ᠪᠠᠶᠢᠨ᠎ᠠ᠃   
ᠢᠷᠡᠯᠲᠡ᠄ ᠤᠷᠳᠤᠰ ᠤᠨ ᠡᠳᠤᠷ ᠤᠨ ᠰᠤᠨᠢᠨ