ᠮᠠᠨ ᠤ ᠬᠤᠳᠠ ᠶᠢᠨ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠲᠦᠷᠦᠯ ᠵᠦᠢᠯ ᠤᠨ ᠤᠷᠤᠨ ᠠᠴᠠ ᠰᠢᠯᠢᠳᠡᠭ ᠴᠢᠨᠠᠷ ᠲᠠᠢ ᠤᠨᠴᠠᠯᠢᠬᠳᠤ ᠲᠠᠷᠢᠮᠠᠯ ᠬᠤᠷᠢᠶᠠᠪᠠ
ᠨᠡᠶᠢᠲᠡᠯᠡᠭᠰᠡᠨ ᠴᠠᠭ᠄
2023/10/11
      ᠲᠦᠷᠦᠭᠦᠭᠡᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2023 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠠᠶᠠᠷ ᠮᠠᠨ ᠤ ᠬᠤᠳᠠ ᠳᠤ ᠶᠠᠪᠤᠬᠳᠠᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠶᠢᠨ ᠦᠵᠡᠭᠦᠯᠭᠡ ᠶᠢᠨ ᠪᠠᠶᠢᠷᠢ ᠳᠡᠭᠡᠷ᠎ᠡ᠂ ᠮᠢᠩᠭ᠎ᠠ ᠭᠠᠷᠤᠢ ᠲᠦᠷᠦᠯ ᠤᠨ ᠲᠠᠷᠢᠶᠠᠯᠠᠩ ᠤᠨ ᠪᠦᠲᠦᠭᠡᠭᠳᠡᠬᠦᠨ ᠲᠤᠳᠤᠷᠠᠵᠤ᠂ ᠡᠭᠦᠨ ᠳᠤ ᠲᠠᠯᠠᠳ ᠬᠤᠰᠢᠭᠤᠨ ᠤ ︽ᠳ᠋ᠠ ᠯᠠ ᠲᠠᠨ ᠲᠡᠮᠳᠡᠭᠲᠦ ᠲᠤᠲᠤᠷᠭ᠎ᠠ︾ ᠤᠯᠠᠨ ᠭᠦᠮᠦᠰ ᠤᠨ ᠠᠩᠬᠠᠷᠤᠯ ᠢ ᠲᠡᠳᠡᠨ᠎ᠠ᠃      ᠣᠶᠢᠯᠠᠭᠠᠭᠰᠠᠨ ᠢᠶᠠᠷ᠂ ︽ᠳ᠋ᠠ ᠯᠠ ᠲᠠᠨ ᠲᠡᠮᠳᠡᠭᠲᠦ ᠲᠤᠲᠤᠷᠭ᠎ᠠ︾ ᠪᠤᠯ ᠲᠠᠯᠠᠳ ᠬᠤᠰᠢᠭᠤᠨ ᠤ ᠳ᠋ᠠ ᠯᠠ ᠲᠠᠨ ᠤᠰᠤᠨ ᠲᠤᠳᠤᠷᠭ᠎ᠠ ᠶᠢᠨ ᠲᠠᠷᠢᠮᠠᠯ ᠤᠨ ᠲᠤᠰᠬᠠᠢ ᠬᠤᠷᠰᠢᠶᠠᠵᠢᠯ ᠤᠨ ᠪᠦᠳᠦᠭᠡᠭᠳᠡᠭᠦᠨ ᠪᠤᠯᠤᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠲᠤᠰ ᠲᠤᠰᠬᠠᠢ ᠬᠤᠷᠰᠢᠶᠠᠵᠢᠯ ᠨᠢ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠮᠡᠷᠭᠡᠵᠢᠯ ᠤᠨ ᠰᠤᠳᠤᠯᠭᠠᠨ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠬᠤᠵᠢᠷᠯᠢᠬ ᠭᠠᠵᠠᠷ ᠲᠤ ᠴᠢᠬᠢ ᠪᠤᠶᠢᠵᠢᠭᠤᠯᠬᠤ ᠡᠯ᠎ᠡ ᠵᠦᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠲᠠᠷᠢᠶᠠᠨ ᠭᠠᠵᠠᠷ ᠢ ᠨᠡᠶᠢᠯᠡᠭᠦᠯᠦᠨ ᠵᠠᠰᠠᠬᠤ᠂ ᠬᠥᠷᠥᠰᠥ ᠰᠢᠷᠣᠶ ᠶᠢ ᠰᠠᠶᠢᠵᠢᠷᠠᠭᠤᠯᠬᠤ᠂  ᠲᠤᠨᠤᠭ ᠲᠥᠬᠦᠭᠡᠷᠦᠮᠵᠢ ᠶᠢ ᠲᠦᠭᠦᠷᠵᠢᠭᠦᠯᠭᠦ ᠵᠡᠷᠭᠡ ᠠᠷᠭ᠎ᠠ ᠪᠠᠷ ᠲᠠᠷᠢᠶᠠᠨ ᠭᠠᠵᠠᠷ ᠲᠤ ᠮᠠᠰᠢᠨᠴᠢᠯᠡᠨ ᠠᠵᠢᠯᠯᠠᠬᠤ᠂ ᠬᠡᠪᠴᠢᠶᠡᠵᠢᠭᠦᠯᠦᠨ ᠦᠢᠯᠡᠳᠪᠦᠷᠢᠯᠡᠬᠦ ᠪᠠ ᠰᠢᠨ᠎ᠡ ᠮᠡᠷᠭᠡᠵᠢᠯ ᠰᠢᠨ᠎ᠡ ᠠᠷᠭ᠎ᠠ ᠶᠢ ᠭᠡᠷᠡᠭᠯᠡᠭᠦ ᠭᠢᠷᠢ ᠲᠦᠪᠰᠢᠨ ᠢ ᠲᠡᠭᠡᠭᠰᠢᠯᠡᠭᠦᠯᠵᠤ᠂ ᠤᠯᠠᠮᠵᠢᠯᠠᠯᠲᠤ ᠲᠠᠷᠢᠶᠠᠯᠠᠩ ᠢ ᠣᠲᠣ ᠦᠶ᠎ᠡ ᠶᠢᠨ ᠲᠠᠷᠢᠶᠠᠯᠠᠩ ᠵᠦᠭ ᠬᠤᠪᠢᠷᠠᠭᠤᠯᠤᠨ ᠲᠡᠰ ᠲᠡᠪᠰᠢᠭᠦᠯᠭᠦ ᠶᠢ ᠠᠭᠢᠭᠤᠯᠤᠨ᠂ ︽ᠳ᠋ᠠ ᠯᠡ ᠲᠠᠨ ᠲᠡᠮᠳᠡᠭᠲᠦ ᠲᠤᠲᠤᠷᠭ᠎ᠠ︾ ᠶᠢᠨ ᠦᠢᠯᠡᠳᠪᠦᠷᠢᠯᠡᠯ ᠤᠨ ᠶᠠᠪᠤᠴᠠ ᠶᠢ ᠪᠦᠭᠦᠨ ᠢ ᠪᠠᠷᠢᠮᠵᠢᠶᠠᠵᠢᠭᠤᠯᠤᠨ ᠬᠠᠮᠢᠶᠠᠷᠬᠤ ᠶᠢ ᠪᠡᠶᠡᠯᠡᠭᠦᠯᠵᠤ᠂ ᠲᠠᠷᠢᠶᠠᠯᠠᠩ ᠤᠨ ᠦᠢᠯᠡᠳᠪᠦᠷᠢᠯᠡᠯ᠂ ᠡᠵᠡᠩᠨᠡᠯᠲᠡ᠂ ᠠᠰᠢᠭᠯᠠᠯᠲᠠ ᠶᠢᠨ ᠠᠷᠭ᠎ᠠ ᠭᠡᠯᠪᠠᠷᠢ ᠶᠢ ᠬᠤᠪᠢᠷᠠᠭᠤᠯᠬᠤ ᠶᠢ ᠪᠦᠳᠦᠮᠵᠢᠳᠠᠢ ᠠᠭᠢᠭᠤᠯᠤᠨ᠂ ᠵᠣᠣ ᠵᠢᠶᠦ᠋ᠨ ᠪᠠᠯᠭᠠᠰᠤ ᠵᠢᠴᠢ ᠤᠶᠢᠷ᠎ᠠ ᠬᠠᠪᠢ ᠶᠢᠨ 2000 ᠭᠠᠷᠤᠶ ᠡᠷᠦᠬᠡ᠂ 3 ᠲᠦᠮᠡ ᠭᠠᠷᠤᠶ ᠮᠤ᠋ ᠤᠰᠤᠨ ᠲᠤᠲᠤᠷᠭ᠎ᠠ ᠶᠢᠨ ᠲᠠᠷᠢᠮᠠᠯ ᠤᠨ ᠤᠭᠢ ᠰᠠᠶᠢᠨ ᠬᠥᠭᠵᠢᠯᠲᠡ ᠶᠢ ᠲᠠᠶᠢᠴᠢᠯᠠᠬᠰᠠᠨ ᠮᠦᠷᠳᠡᠭᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠲᠠᠷᠢᠭᠰᠠᠨ ᠤᠰᠤᠨ ᠲᠤᠲᠤᠷᠭ᠎ᠠ ᠶᠢ ᠵᠢᠩ ᠪᠦ᠋ᠷᠢ ᠳᠤ 1.9 ᠲᠥᠭᠦᠷᠢᠭ ᠤᠨ ᠦᠨ᠎ᠡ ᠪᠠᠷ ᠰᠢᠭᠤᠳ ᠣᠷᠣᠯᠠᠨ ᠬᠤᠷᠢᠶᠠᠵᠤ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠬᠤᠳᠠᠯᠳᠤᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠂ ᠲᠤᠬᠠᠶ ᠶᠢᠨ ᠭᠠᠵᠠᠷ ᠤᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠭᠢᠭᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠭᠦ ᠳᠤ ᠴᠢᠬᠤᠯᠠ ᠬᠤᠪᠢ ᠨᠡᠮᠡᠷᠢ ᠦᠵᠡᠭᠦᠯᠪᠡ᠃      ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠦᠪᠡᠳᠡᠭᠰᠢ ᠪᠠᠶᠢᠳᠠᠯ ᠨᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠦᠢᠯᠡᠳᠪᠤᠷᠢᠯᠠᠯ ᠤᠨ ᠰᠠᠭᠤᠷᠢᠨ ᠭᠠᠵᠠᠷ ᠤᠨ ᠰᠢᠯᠢᠳᠡᠭ ᠴᠢᠨᠠᠷᠳᠠᠢ ᠦᠨᠳᠦᠷ ᠪᠦᠳᠦᠮᠵᠢᠳᠠᠢ ᠪᠠᠷ ᠭᠡᠯᠪᠠᠷᠢ ᠪᠠᠨ ᠬᠤᠪᠢᠷᠠᠭᠤᠯᠬᠤ ᠶᠢ ᠠᠭᠢᠭᠤᠯᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠢ ᠨᠠᠩ ᠠᠮᠢᠳᠤᠯᠢᠭ ᠢᠶᠠᠷ ᠲᠡᠯᠭᠡᠨ ᠦᠵᠡᠭᠦᠯᠦᠭᠰᠡᠨ ᠪᠠᠶᠢᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ