︽ᠣᠷᠳᠣᠰ ᠬᠤᠲᠠ ᠶᠢᠨ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠶᠢ ᠬᠠᠮᠠᠭᠠᠯᠠᠬᠤ ᠳᠦᠷᠢᠮ ︵ᠲᠥᠰᠥᠯ︶︾ ᠢ ᠤᠶᠢᠷ᠎ᠠ ᠳᠤ ᠣᠷᠳᠣᠰ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠨ ᠤ ᠬᠢᠨᠠᠯᠲᠠ ᠪᠠᠷ ᠪᠠᠲᠤᠯᠠᠵᠤ᠂ ᠲᠥᠰᠥᠯ ᠤᠨ ᠠᠭᠤᠯᠭ᠎ᠠ ᠶᠢ ᠢᠯᠡ ᠪᠠᠷ ᠨᠡᠶᠢᠲᠡᠯᠡᠵᠦ᠂ | ᠣᠯᠠᠨ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠬᠤᠷᠢᠶᠠᠵᠤ ᠵᠠᠰᠠᠪᠤᠷᠢ ᠤᠷᠤᠭᠤᠯᠤᠭᠰᠠᠨ ᠤ ᠳᠠᠷᠠᠭ᠎ᠠ ᠵᠢᠩᠬᠢᠨᠢ ᠪᠠᠷ ᠨᠡᠶᠢᠲᠡᠯᠡᠨ | ᠬᠡᠷᠡᠭᠵᠢᠭᠦᠯᠬᠦ ᠪᠣᠯᠣᠨ᠎ᠠ᠃ ᠳᠤᠰ ᠳᠦᠷᠢᠮ ᠨᠢ ᠠᠷᠪᠠᠰ ᠤᠨ ᠨᠤᠤᠯᠤᠭᠤᠷ ᠤᠨ ᠴᠠᠭᠠᠨ ᠢᠮᠠᠭ᠎ᠠ ᠶᠢ ᠰᠢᠰᠲ᠋ᠧᠮᠵᠢᠭᠦᠯᠦᠨ ᠬᠠᠮᠠᠭᠠᠯᠠᠬᠤ ᠪᠠ ᠠᠷᠪᠠᠰ ᠤᠨ | ᠨᠤᠤᠯᠤᠭᠤᠷ ᠤᠨ ᠴᠠᠭᠠᠨ ᠢᠮᠠᠭ᠎ᠠ ᠶᠢᠨ ᠠᠵᠤ ᠦᠢᠯᠡᠰ ᠢ ᠨᠡᠭᠡᠭᠡᠨ ᠬᠦᠭᠵᠢᠬᠦᠯᠬᠦ ᠳᠤ ᠰᠢᠨᠵᠢᠯᠡᠬᠦ ᠤᠬᠠᠭᠠᠨᠴᠢ ᠬᠠᠤᠯᠢ ᠶᠢᠨ ᠬᠠᠮᠠᠭᠠᠯᠠᠯᠳᠠ ᠲᠠᠢ ᠪᠤᠯᠤᠭᠰᠠᠨ ᠢ | ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠳᠤᠰ ᠳᠦᠷᠢᠮ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠪᠠ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ ᠲᠣᠭᠲᠠᠭᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠᠶᠢᠵᠤ᠂ ᠨᠡᠶᠢᠳᠡᠯᠡᠨ ᠬᠡᠷᠡᠭᠵᠢᠬᠦᠯᠦᠭᠰᠡᠨ ᠤ ᠳᠠᠷᠠᠭ᠎ᠠ᠂ ᠣᠷᠳᠣᠰ ᠬᠤᠲᠠ ᠶᠢᠨ | ᠬᠡᠪᠴᠢᠶᠠᠨ ᠳᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠬᠤ᠂ ᠦᠷᠡᠵᠢᠭᠦᠯᠦᠨ ᠪᠤᠶᠢᠵᠢᠭᠤᠯᠬᠤ᠂ ᠠᠷᠠᠴᠢᠯᠠᠨ | ᠲᠡᠵᠢᠭᠡᠬᠦ᠂ ᠡᠵᠡᠩᠨᠡᠬᠦ᠂ ᠳᠡᠭᠡᠭᠡᠪᠦᠷᠢᠯᠡᠬᠦ᠂ ᠨᠢᠲᠤᠯᠬᠤ ᠵᠡᠷᠭᠡ ᠬᠠᠮᠢᠶ᠎ᠠ ᠪᠦᠬᠦᠢ ᠠᠵᠢᠯᠯᠠᠭ᠎ᠠ ᠶᠢ ᠴᠥᠮ ᠲᠣᠰ ᠳᠦᠷᠢᠮ ᠶᠣᠰᠣᠭᠠᠷ ᠶᠠᠪᠤᠭᠳᠠᠭᠤᠯᠬᠤ ᠪᠤᠯᠤᠨ᠎ᠠ᠃ ᠳᠤᠰ | ᠳᠦᠷᠢᠮ ᠳᠤ ᠭᠤᠣᠯᠳᠠᠭᠤ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠤᠯᠤᠨ ᠠᠮᠢᠳᠤ ᠪᠡᠶ᠎ᠡ᠂ ᠨᠡᠬᠡᠳᠡᠰᠦ᠂ | ᠬᠦᠪᠦᠷᠡᠯ᠂ ᠦᠷ᠎ᠡ ᠶᠢᠨ ᠰᠢᠩᠭᠡᠨ᠂ ᠥᠨᠳᠡᠭᠡᠨ ᠡᠰ᠂ ᠪᠡᠶ᠎ᠡ ᠶᠢᠨ ᠡᠰ᠂ ᠭᠧᠨ ᠤ ᠪᠣᠳᠠᠰ ᠵᠡᠷᠭᠡ ᠤᠳᠤᠮᠯᠠᠯ ᠤᠨ ᠮᠠᠲ᠋ᠧᠷᠢᠶᠠᠯ ᠤᠨ ᠳᠤᠬᠠᠢ ᠨᠠᠷᠢᠯᠢᠭ ᠳᠤᠭᠳᠠᠭᠠᠵᠠᠢ᠃ | ᠡᠬᠦᠨ ᠠᠴᠠ ᠭᠠᠳᠠᠨ᠎ᠠ ᠤᠷᠳᠤᠰ ᠬᠤᠳᠠ ᠶᠢᠨ ᠵᠠᠰᠠᠭ ᠤᠨ ᠣᠷᠳᠣᠨ ᠠᠴᠠ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠬᠠᠮᠠᠭᠠᠯᠠᠯᠲᠠ ᠪᠠ ᠠᠵᠤ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠤᠳᠤᠮᠯᠠᠯ ᠤᠨ ᠡᠬᠢ ᠪᠠᠶᠠᠯᠢᠭ ᠤᠨ | ᠬᠠᠮᠠᠭᠠᠯᠠᠯᠲᠠ ᠶᠢᠨ ᠣᠷᠣᠨ ᠵᠢᠴᠢ ᠡᠭᠦᠯᠳᠡᠷ ᠬᠠᠮᠠᠭᠠᠯᠠᠬᠤ ᠭᠤᠣᠯ ᠣᠷᠣᠨ ᠢ ᠵᠠᠭᠠᠭᠯᠠᠨ ᠲᠣᠭᠲᠠᠭᠠᠵᠤ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠮᠡᠷᠭᠡᠵᠢᠯ ᠵᠡᠷᠭᠡ | ᠲᠠᠯ᠎ᠠ ᠪᠠᠷ ᠲᠡᠳᠬᠦᠨ ᠳᠡᠮᠵᠢᠵᠤ᠂ ᠬᠠᠮᠠᠭᠠᠯᠠᠯᠲᠠ ᠶᠢᠨ ᠣᠷᠣᠨ ᠳᠤ ᠬᠠᠷᠢᠶᠠᠯᠠᠭᠳᠠᠵᠤ ᠪᠠᠶᠢᠭ᠎ᠠ ᠬᠤᠰᠢᠭᠤ ᠲᠣᠭᠤᠷᠢᠭ ᠨᠢ ᠪᠡᠯᠡ ᠤᠷᠤᠭᠤᠯᠤᠯᠳᠠ᠂ ᠠᠮᠢ ᠠᠬᠤᠢ | ᠣᠷᠴᠢᠨ ᠲᠣᠭᠤᠷᠢᠨ᠂ ᠬᠢᠵᠢᠭ ᠢ ᠰᠡᠷᠭᠡᠶᠢᠯᠡᠬᠦ ᠮᠡᠷᠭᠡᠵᠢᠯ᠂ ᠢᠵᠢ ᠪᠦᠷᠢᠳᠦᠭᠦᠯᠦᠭᠰᠡᠨ ᠠᠷᠠᠴᠢᠯᠠᠨ ᠳᠡᠵᠢᠭᠡᠬᠦ ᠲᠥᠬᠦᠭᠡᠷᠦᠮᠵᠢ᠂ ᠮᠠᠯ ᠠᠵᠤ ᠠᠬᠤᠢ ᠮᠠᠯ ᠡᠮᠨᠡᠯᠭᠡ ᠶᠢᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠵᠡᠷᠭᠡ ᠲᠠᠯ᠎ᠠ ᠶᠢᠨ ᠪᠠᠷᠢᠮᠵᠢᠶ᠎ᠠ ᠶᠢ ᠨᠠᠷᠢᠯᠢᠭ ᠲᠣᠭᠲᠠᠭᠠᠵᠤ᠂ ᠲᠦᠷᠦᠯ ᠲᠡᠮᠳᠡᠭᠲᠦ ᠶᠢᠨ ᠬᠠᠮᠠᠭᠠᠯᠠᠯᠲᠠ | ᠪᠠ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ᠪᠣᠳᠠᠲᠠᠢ | ᠱᠠᠭᠠᠷᠳᠠᠯᠭ᠎ᠠ ᠭᠠᠷᠭᠠᠭᠰᠠᠨ ᠪᠦᠭᠡᠳ ᠳᠦᠷᠢᠮ ᠠᠴᠠ ᠵᠥᠷᠢᠴᠡᠭᠰᠡᠨ ᠠᠵᠢᠯᠯᠠᠭ᠎ᠠ ᠶᠢ ᠲᠣᠭᠲᠠᠭᠠᠯ ᠶᠣᠰᠣᠭᠠᠷ ᠰᠶᠢᠳᠬᠡᠬᠦ ᠪᠤᠯᠤᠨ᠎ᠠ᠃ | ᠳᠤᠰ ᠳᠦᠷᠢᠮ ᠢ ᠬᠡᠷᠡᠭᠵᠢᠭᠦᠯᠬᠦ ᠪᠠᠷ ᠳᠡᠮᠵᠢᠨ ᠠᠷᠪᠠᠰ ᠤᠨ ᠨᠤᠤᠯᠤᠭᠤᠷ ᠤᠨ ᠴᠠᠭᠠᠨ ᠢᠮᠠᠭᠠᠨ ᠤ ᠬᠠᠮᠠᠭᠠᠯᠠᠯᠲᠠ ᠶᠢ ᠵᠠᠰᠠᠭ ᠤᠨ ᠣᠷᠳᠣᠨ ᠢᠶᠠᠷ | ᠭᠤᠣᠯᠯᠠᠭᠤᠯᠵᠤ᠂ ᠣᠯᠠᠨ ᠡᠰᠢᠴᠢᠯᠡᠨ ᠣᠷᠣᠯᠴᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠢᠡᠷ ᠲᠤᠯᠭᠠᠭᠤᠷᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ | ᠂ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠬᠤ᠂ ᠡᠭᠦᠷᠢᠳᠡ ᠦᠷᠭᠦᠯᠵᠢᠯᠡᠨ ᠠᠰᠢᠭᠯᠠᠨ ᠬᠥᠭᠵᠢᠬᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠬᠠᠮᠳᠤ ᠪᠠᠷ ᠪᠡᠶᠡᠯᠡᠭᠦᠯᠬᠦ ᠪᠣᠯᠣᠨ᠎ᠠ᠃ | |