ᠮᠠᠨ ᠤ ᠬᠤᠲᠠ ᠶᠢᠨ ᠨᠢᠭᠡᠨ ᠶᠡᠷᠦᠩᠬᠡᠢ ᠪᠡᠯᠡ ᠣᠷᠣᠭᠤᠯᠤᠯᠲᠠ ᠨᠢ 5.97 ᠳ᠋ᠦᠩᠰᠢᠭᠤᠷ ᠲᠥᠭᠦᠷᠢᠭ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠪᠠᠷᠢᠯᠭ᠎ᠠ ᠡᠬᠢᠯᠡᠵᠡᠢ
ᠨᠡᠶᠢᠲᠡᠯᠡᠭᠰᠡᠨ ᠴᠠᠭ᠄
2023/10/11
     ᠤᠢᠢᠷ᠎ᠠ ᠶᠢᠨ ᠡᠳᠦᠷ᠂ ᠮᠠᠨ ᠤ ᠬᠤᠳᠠ ᠶᠢᠨ ᠬᠠᠳᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ︵ᠤᠷᠳᠤᠰ ᠤᠨ ᠬᠡᠰᠡᠭ︶ ᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠠᠭᠤᠷᠢᠶᠠᠯ ᠦᠵᠡᠭᠦᠯᠬᠦ ᠪᠠᠷᠢᠯᠭ᠎ᠠ ᠶᠢᠨ ᠲᠦᠷᠦᠯ ᠵᠦᠢᠯ ᠤᠨ ᠪᠠᠷᠢᠯᠭ᠎ᠠ ᠡᠬᠢᠯᠡᠬᠦ ᠶᠣᠰᠣᠯᠠᠯ ᠢ ᠶᠠᠪᠤᠭᠳᠠᠭᠤᠯᠵᠠᠢ᠃     ᠮᠠᠨ ᠤ ᠬᠤᠲᠠ ᠶᠢᠨ ᠬᠠᠲᠤᠨ ᠭᠤᠤᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠣᠨ ︵ᠣᠷᠳᠣᠰ ᠤᠨ ᠬᠡᠰᠡᠭ︶  ᠤ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠲᠠᠭᠤᠷᠢᠶᠠᠯ ᠦᠵᠡᠭᠦᠯᠬᠦ ᠪᠠᠷᠢᠯᠭ᠎ᠠ ᠶᠢᠨ ᠲᠥᠷᠥᠯ ᠵᠦᠢᠯ ᠨᠢ 2023 ᠣᠨ ᠤ 5 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠥᠷᠢᠰᠥᠯᠳᠦᠭᠡᠨ ᠤ ᠴᠢᠨᠠᠷᠲᠠᠶ ᠰᠢᠯᠢᠨ ᠰᠤᠩᠭᠤᠯᠲᠠ ᠶᠢ ᠦᠩᠭᠡᠷᠡᠭᠡᠵᠦ᠂ ᠡᠴᠦᠰ ᠲᠡᠭᠡᠨ ᠪᠥᠬᠦ ᠤᠯᠤᠰ ᠤᠨ 21 ᠮᠤᠵᠢ ᠣᠷᠣᠨ᠂ 34 ᠥᠷᠢᠰᠥᠯᠳᠦᠭᠡᠨ ᠤ ᠲᠥᠷᠥᠯ ᠵᠦᠢᠯ ᠤᠨ ᠳᠤᠮᠳᠠ ᠠᠴᠠ ᠴᠣᠯᠭᠤᠷᠠᠨ ᠭᠠᠷᠴᠤ᠂ ᠰᠠᠶᠢᠨ ᠬᠢᠷᠢ ᠪᠦᠲᠦᠮᠵᠢ ᠪᠠᠷ ᠤᠯᠤᠰ ᠤᠨ ᠬᠢᠨᠠᠨ ᠪᠠᠶᠢᠴᠠᠭᠠᠯᠲᠠ ᠶᠢ ᠠᠮᠵᠢᠯᠲᠠ ᠲᠠᠢ ᠥᠩᠭᠡᠷᠡᠭᠦᠯᠪᠡ᠃ ᠲᠥᠷᠥᠯ ᠵᠦᠢᠯ ᠨᠢ 6 ᠬᠤᠰᠢᠭᠤ ᠲᠣᠭᠤᠷᠢᠭ ᠤᠨ 30 ᠰᠢᠶᠠᠩ ᠪᠠᠯᠭᠠᠰᠤ ᠶᠢ ᠬᠠᠮᠤᠷᠴᠤ᠂ ᠵᠠᠰᠠᠨ ᠴᠡᠭᠴᠡᠯᠡᠬᠦ ᠶᠡᠷᠦᠩᠬᠡᠶ ᠲᠠᠯᠠᠪᠠᠶ ᠨᠢ 32.15 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠥᠯᠥᠪᠯᠡᠭᠰᠡᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5.97 ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ ᠲᠥᠪ ᠤᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ 3 ᠳ᠋ᠦᠩᠰᠢᠭᠤᠷ ᠲᠥᠭᠦᠷᠢᠭ᠂ ᠬᠤᠲᠠ ᠶᠢᠨ ᠡᠳ᠋ ᠤᠨ ᠵᠠᠰᠠᠭ ᠤᠨ ᠢᠵᠢ ᠪᠥᠷᠢᠳᠦᠭᠦᠯᠦᠭᠰᠡᠨ ᠪᠠᠯᠠ ᠮᠥᠩᠭᠦ 2.67 ᠳ᠋ᠦᠩᠰᠢᠭᠤᠷ ᠲᠥᠭᠦᠷᠢᠭ᠂ ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠬᠰᠠᠨ ᠪᠡᠯᠡ ᠮᠦᠡᠭᠬᠦ 0.3 ᠳ᠋ᠦᠩᠰᠢᠭᠤᠷ ᠲᠥᠭᠦᠷᠢᠭ ᠪᠤᠢ᠃ ᠨᠡᠶᠢᠲᠡ 14 ᠰᠠᠭᠤᠷᠢ ᠲᠥᠷᠥᠯ ᠵᠦᠢᠯ᠂ 18 ᠪᠠᠷᠢᠮᠵᠢᠶᠠᠲᠤ ᠬᠡᠰᠡᠭ ᠬᠤᠪᠢᠶᠠᠵᠤ᠂ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ 461 ᠪᠠᠶᠢᠵᠤ᠂ ᠲᠠᠯᠠᠪᠠᠶ ᠨᠢ 22.43 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠡᠶ᠃      ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠡᠮ ᠰᠣᠭᠤᠭ ᠢ ᠨᠡᠶᠢᠲᠡ 78 ᠠᠷᠢᠯᠭᠠᠵᠤ᠂ 137.41 ᠾᠧᠺᠲ᠋ᠠᠷ ᠲᠠᠷᠢᠶᠠᠨ ᠭᠠᠵᠠᠷ ᠢ ᠵᠠᠰᠠᠨ ᠰᠡᠷᠭᠦᠭᠡᠵᠦ᠂ 262.89 ᠾᠧᠺᠲ᠋ᠠᠷ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠦᠨ᠂ 301.85 ᠾᠧᠺᠲ᠋ᠠᠷ ᠣᠶᠢᠲᠤ ᠭᠠᠵᠠᠷ ᠢ ᠵᠠᠰᠠᠨ ᠰᠡᠷᠭᠦᠭᠡᠵᠦ᠂ 671.12 ᠾᠧᠺᠲ᠋ᠠᠷ ᠣᠶᠢᠲᠤ ᠭᠠᠵᠠᠷ ᠢ ᠰᠢᠨ᠎ᠡ ᠪᠠᠷ ᠨᠡᠮᠡᠭᠳᠡᠭᠦᠯᠦᠨ᠂ 1239.52 ᠾᠧᠺᠲ᠋ᠠᠷ ᠡᠪᠡᠰᠤᠳᠤ ᠭᠠᠵᠠᠷ ᠢ ᠵᠠᠰᠠᠨ ᠰᠡᠷᠭᠦᠭᠡᠵᠦ᠂ 555.11 ᠾᠧᠺᠲ᠋ᠠᠷ ᠡᠪᠡᠰᠤᠳᠤ ᠭᠠᠵᠠᠷ ᠢ ᠰᠢᠨ᠎ᠡ ᠪᠠᠷ ᠨᠡᠮᠡᠭᠳᠡᠭᠦᠯᠦᠨ᠂ ᠪᠥᠬᠦ ᠬᠤᠲᠠ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ 2025 ᠣᠨ ᠠᠴᠠ ᠡᠮᠦᠨᠡᠬᠢ ᠣᠷᠳᠣᠰ ᠤᠨ ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢᠨ ᠵᠠᠰᠠᠯᠲᠠ ᠶᠢᠨ ︽ᠦᠭᠡᠶᠢᠰᠭᠡᠬᠦ︾ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠪᠤᠯᠤᠨ᠎ᠠ᠃  
ᠢᠷᠡᠯᠲᠡ᠄ ᠤᠷᠳᠤᠰ ᠤᠨ ᠡᠳᠤᠷ ᠤᠨ ᠰᠤᠨᠢᠨ