ᠡᠯᠡᠰᠦᠨ ᠴᠥᠯ ᠤᠨ ᠨᠠᠩᠭᠤᠸᠠ ᠡᠯᠪᠡᠭ ᠬᠤᠷᠢᠶᠠᠯᠲᠠ ᠤᠯᠤᠯ᠎ᠠ
ᠨᠡᠶᠢᠲᠡᠯᠡᠭᠰᠡᠨ ᠴᠠᠭ᠄
2023/10/11
                                    ᠠᠯᠳᠠᠨ ᠨᠠᠮᠤᠷ ᠤᠨ ᠲᠠᠩᠰᠤᠭ ᠤᠯᠠᠷᠢᠯ ᠳᠤ᠂ ᠡᠯ᠎ᠡ ᠭᠠᠵᠠᠷ ᠤᠨ ᠲᠠᠷᠢᠶᠠᠴᠢᠳ ᠬᠤᠷᠢᠶᠠᠯᠳᠠ ᠶᠢᠨ ᠤᠯᠠᠷᠢᠯ ᠢᠶᠠᠨ ᠤᠬᠳᠤᠵᠤ᠂ ᠡᠯᠪᠡᠭ ᠬᠤᠷᠢᠶᠠᠯᠳᠠ ᠪᠠᠨ ᠪᠠᠶᠠᠷᠯᠡᠨ ᠪᠡᠯᠭᠡᠯᠡᠵᠡᠭᠡᠨ᠎ᠡ᠃      ᠬᠥᠪᠴᠢ ᠶᠢᠨ ᠡᠯᠡᠰᠦᠨ ᠤ ᠥᠷᠥᠴᠡᠨ ᠳᠤ ᠪᠠᠶᠢᠷᠢᠯᠠᠭ᠎ᠠ ᠳᠠᠯᠠᠳ ᠬᠤᠰᠢᠭᠤᠨ ᠤ ᠡ᠊ᠩᠬᠡᠪᠡᠢ ᠪᠠᠯᠭᠠᠰᠤ ᠶᠢᠨ ᠯᠢᠦ ᠽᠢ ᠭᠧ ᠳ᠋ᠠᠨ ᠲᠣᠰᠬᠤᠨ ᠳᠤ᠂ ᠨᠠᠩᠭᠤᠸᠠ ᠡᠯᠪᠡᠭ ᠬᠤᠷᠢᠶᠠᠯᠲᠠ ᠣᠯᠵᠤ᠂ ᠬᠤᠷᠰᠢᠶᠠᠵᠢᠯ ᠤᠨ ᠲᠣᠰᠬᠤᠨ ᠤ ᠠᠷᠠᠳ ᠲᠡᠭᠦᠬᠦ᠂ ᠤᠭᠤᠲᠠᠯᠠᠬᠤ᠂ ᠵᠥᠭᠡᠭᠡᠪᠦᠷᠢᠯᠡᠬᠦ ᠪᠠᠷ ᠶᠠᠭᠠᠷᠠᠯᠳᠤᠨ᠂ ᠤᠯᠠᠨ ᠤ ᠴᠢᠷᠠᠢ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃       ᠡᠨᠡ ᠬᠡᠰᠡᠭ ᠨᠠᠩᠭᠤᠸᠠ ᠶᠢᠨ ᠲᠠᠷᠢᠶ᠎ᠠ ᠨᠢ ᠲᠣᠰᠬᠤᠨ ᠤ ᠲᠠᠷᠢᠮᠠᠯ ᠤᠨ ᠡᠷᠦᠬᠡ ᠳᠤ ︽ᠨᠢᠭᠡᠳᠦᠯᠲᠡᠶ ᠳᠠᠷᠢᠵᠤ ᠬᠠᠮᠲᠤ ᠪᠠᠷ ᠬᠤᠷᠢᠶᠠᠨ᠎ᠠ︾ ᠭᠡᠰᠡᠨ ᠰᠢᠨ᠎ᠡ ᠨᠡᠷ᠎ᠡ ᠳᠤᠮᠢᠶ᠎ᠠ ᠶᠢ ᠮᠡᠳᠡᠭᠦᠯᠵᠡᠶ᠃ ᠬᠤᠷᠰᠢᠶᠠᠵᠢᠯ ᠤᠨ ᠬᠠᠷᠢᠭᠤᠴᠠᠯᠭᠠᠲᠠᠨ ᠯᠢᠦ ᠬᠠᠶ ᠶᠠᠨ ᠯᠢᠦ ᠽᠢ ᠭᠧ ᠳ᠋ᠠᠨ ᠲᠣᠰᠬᠤᠨ ᠪᠣᠯᠤᠨ ᠵᠡᠷᠭᠡᠯᠡᠳᠡᠭᠡ ᠲᠣᠰᠬᠤᠨ ᠤ 857 ᠮᠥ ᠭᠠᠵᠠᠷ ᠰᠢᠷᠣᠶ ᠶᠢ ᠡᠮᠬᠢᠯᠡᠨ ᠨᠡᠶᠢᠯᠡᠭᠦᠯᠵᠦ᠂ ᠨᠢᠭᠡᠳᠦᠯᠲᠡᠶ ᠳᠠᠷᠢᠵᠤ᠂ ᠨᠢᠭᠡᠳᠦᠯᠲᠡᠶ ᠴᠢᠬᠢ ᠪᠤᠶᠢᠵᠢᠭᠤᠯᠤᠨ᠂ ᠨᠢᠭᠡᠳᠦᠯᠲᠡᠶ ᠬᠠᠮᠢᠶᠠᠷᠴᠤ᠂ ᠨᠢᠭᠡᠳᠦᠯᠲᠡᠶ ᠬᠤᠷᠢᠶᠠᠵᠤ᠂ ᠨᠢᠭᠡᠳᠦᠯᠲᠡᠶ ᠪᠣᠷᠣᠯᠠᠭᠤᠯᠤᠨ᠂ ᠲᠣᠰᠬᠤᠨ ᠤ ᠠᠷᠠᠳ ᠢ ᠭᠠᠵᠠᠷ ᠰᠢᠷᠣᠶ ᠳᠤ ᠬᠤᠪᠢ ᠤᠷᠤᠭᠤᠯᠵᠤ ᠵᠢᠯ ᠤᠨ ᠡᠴᠦᠰ ᠲᠤ ᠠᠰᠢᠭ ᠬᠤᠪᠢᠶᠠᠷᠢᠯᠠᠬᠤ ᠶᠢ ᠵᠣᠷᠢᠭᠵᠢᠭᠤᠯᠪᠠ᠃      ᠯᠢᠦ ᠬᠠᠶ ᠶᠠᠨ᠄ ︽ᠡᠨᠡ ᠬᠦ ᠵᠠᠭᠪᠤᠷ ᠨᠢ ᠲᠠᠸᠠᠷ ᠤᠨ ᠴᠢᠨᠠᠷ ᠤᠨ ᠨᠢᠭᠡᠳᠦᠯ ᠢ ᠪᠡᠶᠡᠯᠡᠭᠦᠯᠵᠦ ᠲᠠᠶᠢᠯᠤᠨ᠎ᠠ᠂ ᠪᠢᠳᠡ ᠥᠪᠡᠷ ᠤᠨ ᠥᠷᠲᠡᠭ ᠢᠶᠠᠨ ᠬᠢᠵᠠᠭᠠᠷᠯᠠᠬᠤ ᠠᠷᠭ᠎ᠠ ᠬᠡᠮᠵᠢᠶ᠎ᠡ ᠠᠪᠴᠦ᠂ ᠨᠢᠭᠡ ᠮᠥ ᠲᠠᠷᠢᠶᠠᠨ ᠳᠤ 200 ᠭᠠᠷᠤᠶ ᠲᠥᠭᠦᠷᠢᠭ ᠠᠷᠪᠢᠯᠠᠵᠤ᠂ ᠴᠡᠪᠡᠷ ᠣᠷᠣᠯᠭ᠎ᠠ ᠪᠠᠷᠤᠭ 2000 ᠭᠠᠷᠤᠶ ᠲᠥᠭᠦᠷᠢᠭ ᠲᠤ ᠬᠦᠷᠴᠡᠢ ︾ ᠭᠡᠪᠡ᠃      ᠬᠤᠷᠢᠶᠠᠯᠲᠠ ᠰᠠᠶᠢᠨ ᠤᠴᠢᠷ ᠠᠴᠠ ᠬᠥᠮᠦᠰ ᠲᠠᠷᠢᠶᠠᠨ ᠠᠵᠢᠯ ᠬᠢᠬᠦ ᠡᠷᠴᠢ ᠵᠤᠷᠢᠭ ᠳᠡᠭᠦᠯᠳᠡᠷ ᠪᠠᠶᠢᠯ᠎ᠡ᠃ ᠠᠴᠢᠶᠠᠨ ᠤ ᠮᠠᠰᠢᠨ ᠲᠠᠷᠢᠶᠠᠨ ᠬᠠᠵᠠᠭᠤ ᠳᠤ ᠵᠣᠭᠰᠣᠵᠤ᠂ ᠬᠦᠮᠦᠰ ᠨᠠᠩᠭᠤᠸᠠ ᠶᠢ ᠮᠠᠰᠢ ᠲᠦᠷᠭᠡᠨ ᠢᠶᠠᠷ ᠤᠭᠤᠲᠠᠨ ᠳᠤ ᠰᠠᠪᠠᠯᠠᠵᠤ ᠲᠡᠷᠭᠡᠨ ᠳᠤ ᠲᠡᠭᠡᠭᠡᠵᠤ ᠭᠠᠷᠭᠠᠪᠠ᠃      ︽ᠨᠢᠭᠡ ᠲᠡᠷᠭᠡᠨ ᠳᠤ 7 ᠲᠦᠮᠡ ᠭᠠᠷᠤᠶ ᠵᠢᠩ ᠨᠠᠩᠭᠤᠸᠠ ᠲᠡᠭᠡᠭᠡᠵᠤ᠂ ᠡᠳᠦᠷ ᠲᠤ ᠠᠷᠪᠠᠨ ᠬᠡᠳᠦᠨ ᠤᠳᠠᠭ᠎ᠠ ᠲᠡᠭᠡᠭᠡᠳᠡᠭ︾ ᠭᠡᠵᠤ ᠯᠢᠦ ᠬᠠᠶ ᠶᠠᠨ ᠶᠠᠷᠢᠨ᠎ᠡ᠃ 2016 ᠣᠨ ᠳᠤ ᠲᠡᠷᠡ ᠲᠤᠰᠬᠠᠶᠢᠯᠠᠨ ᠱᠠᠨᠳᠦ᠋ᠩ ᠮᠤᠵᠢ ᠶᠢᠨ ᠱᠸᠦ ᠭᠤᠸᠠᠩ ᠬᠤᠲᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠪᠣᠷᠣᠯᠠᠭᠤᠯᠭ᠎ᠠ ᠰᠠᠶᠢᠲᠠᠶ ᠨᠠᠩᠭᠤᠸᠠ ᠶᠢ ᠣᠯᠵᠤ ᠲᠤᠭᠤᠵᠡᠢ᠃       ᠯᠢᠦ ᠬᠠᠶ ᠶᠠᠨ ᠰᠤᠷᠪᠤᠯᠵᠢᠯᠠᠭᠴᠢ ᠳᠤ᠄ ︽ᠭᠠᠳᠠᠭᠰᠢ ᠭᠠᠷᠴᠤ ᠰᠤᠷᠤᠯᠴᠠᠬᠤ ᠪᠠ ᠰᠠᠨᠠᠯ ᠢᠶᠠᠨ ᠰᠣᠯᠢᠯᠴᠠᠬᠤ ᠶᠠᠪᠤᠴᠠ ᠳᠤ᠂ ᠥᠪᠡᠷ ᠤᠨ ᠰᠤᠷᠤᠭᠰᠠᠨ ᠮᠡᠳᠡᠯᠭᠡ ᠭᠠᠳᠠᠨᠠᠬᠢ ᠲᠠᠢ ᠵᠥᠷᠢᠶ᠎ᠡ ᠲᠠᠢ ᠪᠠᠶᠢᠬᠤ ᠪᠠᠨ ᠤᠯᠵᠤ ᠮᠡᠳᠡᠯ᠎ᠠ᠂ ᠲᠠᠰᠤᠷᠠᠯᠲᠠ ᠥᠬᠡᠶ ᠰᠤᠷᠤᠯᠴᠠᠬᠤ ᠴᠢᠬᠤᠯᠠᠲᠠᠶ ᠪᠠᠶᠢᠨ᠎ᠠ︾ ᠭᠡᠵᠤ ᠪᠠᠶᠢᠯ᠎ᠠ᠃       2020 ᠣᠨ ᠤ ᠰᠡᠭᠦᠯᠴᠢ ᠪᠠᠷ᠂ ᠡ᠊ᠩᠬᠡᠪᠡᠢ ᠪᠠᠯᠭᠠᠰᠤ ᠶᠢᠨ ᠨᠠᠩᠭᠤᠸᠠ ᠪᠠᠷ ᠲᠥᠯᠥᠭᠡᠯᠡᠭᠦᠯᠦᠭᠰᠡᠨ ︽ᠳᠠᠯᠠᠳ ᠤᠨ ᠨᠠᠩᠭᠤᠸᠠ︾ ᠶᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠠᠴᠠ ᠪᠦᠬᠦ ᠤᠯᠤᠰ ᠤᠨ ᠨᠡᠷᠡᠳᠦ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠤᠳᠤᠬᠠᠨ ᠪᠣᠯᠲᠠᠯ᠎ᠠ᠂ ᠬᠤᠷᠰᠢᠶᠠᠵᠢᠯ ᠨᠢ ᠨᠢᠭᠡᠨᠲᠡ ᠲᠠᠷᠢᠶᠠᠴᠢᠨ ᠡᠷᠦᠬᠡ ᠲᠠᠢ 1830 ᠤᠳᠠᠭ᠎ᠠ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ ᠨᠢ 8400 ᠲᠦᠮᠡᠨ ᠲᠥᠭᠦᠷᠢᠭ ᠲᠤ ᠬᠦᠷᠴᠦ᠂ ᠨᠡᠶᠢᠲᠡ 298 ᠲᠠᠷᠢᠶᠠᠴᠢᠨ ᠡᠷᠦᠬᠡ ᠶᠢ ᠳᠠᠶᠢᠴᠢᠯᠠᠨ ᠵᠢᠯ ᠳᠤ 3 ᠲᠦᠮᠡ ᠭᠠᠷᠤᠶ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ