ᠳ᠋ᠦ᠋ ᠬᠤᠢ ᠯᠢᠶᠠᠩ ᠵᠡᠭᠦᠨᠭᠠᠷ ᠬᠤᠰᠢᠭᠤ ᠲᠠᠯᠠᠳ ᠬᠤᠰᠢᠭᠤᠨ ᠳᠤ ᠠᠶᠤᠯ ᠦᠭᠡᠢ ᠦᠢᠯᠡᠳᠪᠦᠷᠢᠯᠡᠯ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/10/11
     ᠤᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠵᠡᠭᠦᠨᠭᠠᠷ ᠬᠤᠰᠢᠭᠤ᠂ ᠳᠠᠯᠠᠳ ᠬᠤᠰᠢᠭᠤᠨ ᠳᠤ ᠠᠶᠤᠯ  ᠦᠭᠡᠢ ᠦᠢᠯᠡᠳᠪᠦᠷᠢᠯᠡᠯ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠣᠭᠤᠳᠪᠠ᠃

10.11.1.jpg

  

      ᠵᠡᠭᠦᠨᠭᠠᠷ ᠬᠤᠰᠢᠭᠤᠨ ᠤ ᠵᠢᠦ ᠳ᠋ᠢᠩ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠲᠢᠶᠠᠨ ᠷᠦᠨ ᠬᠢᠮᠢ ᠶᠢᠨ ᠪᠣᠷᠲᠣᠭᠤᠷ ᠤᠨ ᠺᠣᠮᠫᠠᠨᠢ᠂ ᠳᠠᠯᠠᠳ

ᠬᠤᠰᠢᠭᠤᠨ ᠤ ᠰᠢᠨ᠎ᠡ ᠡᠨᠧᠷᠭᠢ ᠶᠢᠨ ᠺᠣᠮᠫᠠᠨᠢ ᠪᠤᠯᠤᠨ ᠢ ᠯᠢ ᠪᠤᠬᠢᠷᠳᠤᠯ ᠦᠭᠡᠢ ᠡᠨᠧᠷᠭᠢ ᠶᠢᠨ ᠺᠣᠮᠫᠠᠨᠢ ᠳᠤ᠂ ᠳ᠋ᠦ᠋ ᠬᠤᠶ ᠯᠢᠶᠠᠩ ᠬᠡᠮ ᠰᠣᠭᠤᠭ ᠢ ᠵᠢᠭᠰᠠᠭᠠᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠡᠬᠡ ᠲᠠᠩᠰᠠ ᠪᠣᠯᠤᠨ ᠠᠮᠤᠷ ᠲᠦᠪᠰᠢᠨ ᠤ ᠰᠡᠷᠡᠮᠵᠢ ᠶᠢᠨ ᠲᠡᠮᠳᠡᠭᠯᠡᠯ ᠢ ᠨᠠᠷᠢᠯᠢᠭ ᠪᠠᠶᠢᠴᠠᠭᠠᠨ ᠦᠵᠡᠵᠦ᠂ ᠠᠵᠤ

ᠠᠬᠤᠶᠢᠯᠠᠯ ᠤᠨ ᠠᠮᠤᠷ ᠲᠦᠪᠰᠢᠨ ᠤ ᠣᠷᠣᠭᠤᠯᠤᠯᠲᠠ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ᠂ ᠡᠯᠧᠺᠲᠷᠣᠨ ᠬᠠᠰᠢᠶ᠎ᠠ ᠪᠤᠯᠤᠨ ᠠᠵᠢᠯᠲᠠᠨ ᠤ ᠤᠷᠤᠨ

ᠪᠠᠶᠢᠷᠢ ᠶᠢ ᠳᠤᠭᠲᠠᠭᠠᠬᠤ ᠰᠢᠰᠲ᠋ᠧᠮ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠯᠢᠭ ᠣᠶᠢᠯᠠᠭᠠᠵᠤ᠂ ᠢᠯᠡᠷᠡᠭᠦᠯᠦᠭᠰᠡᠨ ᠠᠮᠤᠷ ᠲᠦᠪᠰᠢᠨ ᠤ ᠬᠡᠮ ᠰᠣᠭᠤᠭ ᠲᠤ

ᠴᠢᠭᠯᠡᠭᠦᠯᠦᠨ ᠬᠠᠮᠢᠶ᠎ᠠ ᠪᠥᠬᠦᠶ ᠠᠵᠤ ᠠᠬᠤᠶᠢᠯᠠᠯ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠲᠡᠷᠡ᠂ ᠠᠮᠤᠷ ᠲᠦᠪᠰᠢᠨ ᠪᠣᠯ ᠠᠵᠤ

ᠠᠬᠤᠶᠢᠯᠠᠯ ᠤᠨ ᠣᠷᠣᠰᠢᠨ ᠲᠣᠭᠲᠠᠨᠢᠬᠤ ᠶᠢᠨ ᠦᠨᠳᠦᠰᠦ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠲᠤᠬᠠᠶ ᠴᠢᠬᠤᠯᠠ

ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ᠂ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠪᠠ

ᠬᠠᠮᠢᠶᠠᠷᠤᠯᠲᠠ ᠠᠴᠠ ᠠᠮᠤᠷ ᠲᠦᠪᠰᠢᠨ ᠢ ᠪᠠᠲᠤᠯᠠᠬᠤ ᠶᠢ ᠪᠠᠷᠢᠮᠲᠠᠯᠠᠨ᠂ ᠴᠢᠳᠠᠮᠵᠢ ᠲᠡᠭᠦᠯᠳᠡᠷ᠂ ᠬᠡᠷᠡᠭᠯᠡᠭᠡᠨ ᠳᠤ ᠲᠤᠰᠠᠲᠠᠢ ᠤᠶᠤᠨᠴᠢᠯᠠᠭᠰᠠᠨ ᠬᠢᠨᠠᠨ

ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠳᠣᠬᠢᠴᠢᠯᠠᠭᠰᠠᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠤᠭᠲᠠᠯᠴᠠᠭ᠎ᠠ ᠶᠢ

ᠬᠦᠴᠦᠯᠡᠨ ᠪᠠᠶᠢᠭᠤᠯᠵᠤ᠂ ᠴᠢᠨᠠᠷ ᠰᠠᠶᠢᠲᠠᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠪᠡ᠃

10.11.2.jpg

     

      ᠵᠡᠭᠦᠨᠭᠠᠷ ᠬᠤᠰᠢᠭᠤᠨ ᠤ ᠰᠢᠨ᠎ᠡ ᠶᠢ ᠡᠭᠦᠳᠬᠦ ᠮᠠᠲ᠋ᠧᠷᠢᠶᠠᠯ ᠢ ᠨᠢᠭᠡ ᠴᠣᠭᠴᠠᠵᠢᠭᠤᠯᠬᠤ ᠲᠥᠷᠥᠯ ᠵᠦᠢᠯ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠪᠣᠯᠤᠨ ᠳᠠᠯᠠᠳ ᠬᠤᠰᠢᠭᠤᠨ ᠤ ᠬᠤᠶ ᠳ᠋ᠠ ᠬᠡᠷᠡᠯ ᠴᠡᠨᠡᠭ ᠤᠨ ᠲᠣᠨᠣᠭᠯᠠᠯ ᠦᠢᠯᠡᠳᠪᠦᠷᠢᠯᠡᠬᠦ ᠰᠠᠭᠤᠷᠢᠨ ᠭᠠᠵᠠᠷ

᠂ ᠴᠠᠩ ᠾᠧ ᠠᠮᠢ ᠠᠬᠤᠶ ᠶᠢᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ᠂ ᠵᠢᠦ ᠶᠣᠣ ᠰᠢᠨ᠎ᠡ ᠮᠠᠲ᠋ᠧᠷᠢᠶᠠᠯ ᠤᠨ ᠪᠤᠲᠤᠨ ᠬᠤᠭᠤᠯᠠᠶ ᠪᠠᠭᠠᠨ᠎ᠠ ᠶᠢᠨ

ᠲᠥᠷᠥᠯ ᠵᠦᠢᠯ ᠤᠨ ᠠᠬᠤᠢ ᠲᠠᠯᠠᠪᠠᠶ ᠳᠤ᠂ ᠳ᠋ᠦ᠋ ᠬᠤᠶ ᠯᠢᠶᠠᠩ ᠠᠵᠤ ᠦᠢᠯᠡᠰ ᠤᠨ ᠲᠥᠯᠥᠪᠵᠢᠭᠦᠯᠭᠡ ᠪᠣᠯᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ

ᠵᠡᠷᠭᠡ ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠠ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ

ᠦᠢᠯᠡᠳᠪᠦᠷᠢ ᠵᠡᠷᠭᠡ ᠳᠠᠪᠠᠭᠤᠯᠢᠭ ᠠᠵᠤ ᠦᠢᠯᠡᠰ ᠢ ᠰᠢᠰᠲ᠋ᠧᠮ ᠲᠠᠢ ᠲᠥᠯᠥᠪᠵᠢᠭᠦᠯᠵᠦ᠂ ᠶᠡᠭᠡ ᠪᠠᠷ ᠬᠥᠭᠵᠢᠭᠦᠯᠤᠨ᠂ ᠭᠤᠣᠯᠳᠠᠯᠭ᠎ᠠ ᠲᠠᠢ ᠲᠦᠷᠦᠯ ᠵᠦᠢᠯ ᠢ

ᠴᠢᠩᠭ᠎ᠠ ᠠᠳᠬᠤᠨ᠂ ᠠᠵᠤ ᠦᠢᠯᠡᠰ ᠤᠨ ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠳᠡᠭᠡᠳᠦ ᠳᠤᠤᠷᠠᠳᠤ ᠬᠡᠯᠬᠢᠶᠡᠨ ᠤ ᠢᠵᠢ ᠪᠦᠷᠢᠳᠦᠭᠦᠯᠦᠨ

ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠳᠡᠰ ᠳᠠᠪᠬᠤᠷᠭ᠎ᠠ ᠪᠣᠯᠤᠨ ᠴᠢᠳᠠᠪᠤᠷᠢ ᠶᠢᠨ ᠳᠡᠰ ᠢ ᠳᠠᠰᠤᠷᠠᠯᠳᠠ ᠦᠭᠡᠢ

ᠳᠡᠭᠡᠭᠰᠢᠯᠡᠭᠦᠯᠬᠦ ᠬᠡᠷᠡᠭᠲᠡᠢ ᠭᠡᠪᠡ᠃

10.11.3.jpg

    

      ᠵᠡᠭᠦᠨᠭᠠᠷ ᠬᠤᠰᠢᠭᠤᠨ ᠤ ᠯᠦᠩ ᠸᠠᠩ ᠭᠸᠤ ᠨᠡᠭᠦᠷᠡᠰᠦᠨ ᠠᠭᠤᠷᠬᠠᠢ ᠪᠣᠯᠤᠨ ᠳᠠᠯᠠᠳ ᠬᠤᠰᠢᠭᠤᠨ ᠤ ᠲᠤᠮᠤ ᠳ᠋ᠠᠶᠢᠲ᠋ᠠ ᠶᠢᠨ ᠲᠥᠪ ᠲᠤ᠂ ᠳ᠋ᠦ᠋ ᠬᠤᠢ ᠯᠢᠶᠠᠩ

ᠤᠶᠤᠨᠴᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ᠂ ᠳᠣᠷᠣᠭᠰᠢ ᠰᠠᠭᠤᠭᠳᠠᠭᠰᠠᠨ ᠣᠷᠣᠨ ᠤ ᠵᠠᠰᠠᠯᠲᠠ ᠪᠣᠯᠤᠨ ᠵᠠᠳᠠᠭᠠᠢ ᠨᠡᠭᠦᠷᠡᠰᠦᠨ ᠠᠭᠤᠷᠬᠠᠢ ᠶᠢᠨ ᠣᠶᠤᠨᠴᠢ

ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠠᠪᠴᠠᠩ᠂ ᠤᠶᠤᠨᠴᠢ ᠡᠨᠧᠷᠭᠢ ᠶᠢᠨ ᠦᠢᠯᠡᠴᠢᠯᠡᠭᠡᠨ ᠤ ᠳᠤᠭᠲᠠᠯᠴᠠᠭ᠎ᠠ ᠶᠢᠨ ᠪᠦᠳᠦᠬᠡᠨ ᠪᠠᠶᠢᠭᠤᠯᠤᠯᠲᠠ ᠶᠢᠨ

ᠪᠠᠶᠢᠳᠠᠯ ᠢ ᠨᠠᠷᠢᠯᠢᠭ ᠣᠶᠢᠯᠠᠭᠠᠪᠠ᠃ ᠲᠡᠷᠡ᠂ ᠨᠡᠭᠦᠷᠡᠰᠦᠨ ᠠᠭᠤᠷᠬᠠᠢ ᠶᠢᠨ ᠤᠶᠤᠨᠴᠢᠯᠠᠭᠰᠠᠨ᠂ ᠪᠣᠬᠢᠷᠲᠤᠯ ᠦᠭᠡᠢ᠂ ᠠᠮᠤᠷ ᠲᠦᠪᠰᠢᠨ ᠢ ᠠᠭᠤᠰᠤᠯᠴᠠᠭᠤᠯᠤᠨ

ᠬᠥᠭᠵᠢᠭᠦᠯᠬᠦ ᠶᠢ ᠶᠡᠭᠡ ᠪᠠᠷ ᠠᠬᠢᠭᠤᠯᠵᠤ᠂ ᠨᠡᠭᠦᠷᠡᠰᠦᠨ ᠤ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢᠨ ᠬᠡᠪ ᠳᠠᠭᠤᠷᠢᠶᠠᠯ ᠢ ᠡᠭᠦᠳᠬᠦ ᠬᠡᠷᠡᠭᠲᠡᠢ ᠭᠡᠪᠡ᠃

 

10.11.4.jpg

     

      ᠳ᠋ᠦ᠋ ᠬᠤᠢ ᠯᠢᠶᠠᠩ ᠪᠠᠰᠠ ᠳᠠᠯᠠᠳ ᠬᠤᠰᠢᠭᠤᠨ ᠳᠤ ᠦᠳᠡᠰᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠢᠳᠡᠭᠡᠨ ᠤ ᠠᠮᠤᠷ

ᠲᠦᠪᠰᠢᠨ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠪᠠᠶᠢᠴᠠᠭᠠᠪᠠ᠃

    

 

ᠢᠷᠡᠯᠲᠡ᠄ ᠤᠷᠳᠤᠰ ᠤᠨ ᠡᠳᠤᠷ ᠤᠨ ᠰᠤᠨᠢᠨ