ᠳᠡᠭᠡᠷ᠎ᠡ ᠬᠠᠭᠠᠰ ᠵᠢᠯ ᠳᠤ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠭᠦᠭᠵᠢᠯᠳᠠ ᠶᠢᠨ ᠪᠠᠶᠢᠳᠠᠯ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/10/11
      2023 ᠣᠨ ᠳᠤ᠂ ᠮᠠᠨ ᠤ ᠬᠤᠲᠠ ︽ᠮᠠᠯᠵᠢᠬᠤ ᠲᠠᠷᠢᠶᠠᠯᠠᠬᠤ ᠤᠷᠤᠨ ᠮᠠᠯ ᠲᠠᠷᠢᠶᠠᠯᠠᠩ ᠮᠠᠯᠴᠢᠨ ᠲᠠᠷᠢᠶᠠᠴᠢᠨ︾  ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠥᠬᠦ ᠬᠤᠲᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ︽ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠬᠤ ᠳᠤ ᠰᠠᠭᠤᠷᠢᠯᠠᠨ᠂ ᠠᠮᠤ ᠪᠤᠳᠠᠭ᠎ᠠ᠂ ᠢᠮᠠᠭᠠᠨ ᠨᠣᠤᠯᠤᠭᠤᠷ᠂ ᠮᠢᠬᠠᠨ ᠦᠬᠡᠷ᠂ ᠮᠢᠬᠠᠨ ᠬᠤᠨᠢ᠂ ᠰᠠᠭᠠᠯᠢ ᠶᠢᠨ ᠦᠢᠯᠡᠰ ᠵᠡᠷᠭᠡ ᠵᠠᠭᠤᠨ ᠳ᠋ᠦᠩᠰᠢᠭᠤᠷ ᠲᠠᠰ ᠤᠨ ᠲᠠᠪᠤᠨ ᠠᠵᠤ ᠦᠢᠯᠡᠰ ᠢ ᠲᠦᠷᠭᠡᠳᠭᠡᠨ ᠪᠠᠶᠢᠭᠤᠯᠪᠠ᠃ ᠲᠡᠭᠡᠷ᠎ᠠ ᠬᠠᠭᠠᠰ ᠵᠢᠯ ᠳᠤ ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠰᠠᠶᠢᠨ ᠪᠤᠯᠵᠤ᠂ ᠪᠥᠬᠦ ᠬᠤᠲᠠ ᠶᠢᠨ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠢ 31.0 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 8.7 % ᠪᠠᠷ ᠨᠡᠮᠡᠭᠳᠡᠪᠡ᠃      ᠢᠳᠡᠰᠢᠨ ᠨᠣᠭᠤᠭ᠎ᠠ ᠭᠤᠸᠠ ᠵᠢᠮᠢᠰ ᠤᠨ ᠭᠠᠷᠤᠯᠲᠠ ᠨᠡᠮᠡᠭᠳᠡᠵᠦ᠂ ᠢᠳᠡᠰᠢᠨ ᠨᠣᠭᠤᠭ᠎ᠠ ᠶᠢᠨ ᠬᠠᠩᠭᠠᠯᠭ᠎ᠠ ᠲᠣᠭᠲᠠᠭᠤᠨ ᠪᠤᠯᠪᠠ᠃ ᠮᠠᠨ ᠤ ᠬᠤᠲᠠ ᠭᠤᠸᠠ ᠵᠢᠮᠢᠰ ᠢᠳᠡᠰᠢᠨ ᠨᠣᠭᠤᠭ᠎ᠠ ᠪᠠ ᠡᠯᠳᠡᠪ ᠠᠮᠤ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠪᠣᠬᠢᠷᠲᠤᠯ ᠥᠬᠡᠶ ᠵᠢᠮᠢᠰ ᠢᠳᠡᠰᠢᠨ ᠨᠣᠭᠤᠭ᠎ᠠ ᠪᠠ ᠣᠷᠭᠠᠨᠢᠭ ᠡᠯᠳᠡᠪ ᠠᠮᠤ ᠶᠢᠨ ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠰᠦᠷᠦᠭᠵᠢᠯ ᠢ ᠬᠦᠴᠦᠯᠡᠨ ᠪᠣᠶ ᠪᠣᠯᠭᠠᠵᠤ᠂ ᠲᠦᠭᠦᠭᠡᠷᠤᠮᠵᠢᠳᠤ ᠲᠠᠷᠢᠶᠠᠯᠠᠩ ᠤᠨ ᠬᠡᠪᠴᠢᠶᠡᠵᠢᠯ ᠢ ᠢᠳᠡᠪᠬᠢᠲᠡᠶ ᠥᠷᠭᠡᠳᠭᠡᠪᠡ᠃ ᠲᠡᠭᠡᠷ᠎ᠠ ᠬᠠᠭᠠᠰ ᠵᠢᠯ ᠳᠤ ᠪᠥᠬᠦ ᠬᠤᠲᠠ ᠶᠢᠨ ᠢᠳᠡᠰᠢᠨ ᠨᠣᠭᠤᠭ᠎ᠠ ᠶᠢᠨ ᠲᠠᠷᠢᠮᠠᠯ ᠤᠨ ᠲᠠᠯᠠᠪᠠᠶ 10068.6 ᠾᠧᠺᠲ᠋ᠠᠷ ᠲᠤ ᠭᠦᠷᠴᠦ᠂ ᠭᠠᠷᠤᠯᠲᠠ ᠨᠢ 69048.3 ᠲᠣᠨ ᠳᠤ ᠬᠦᠷᠴᠦ᠂ 7998.5 ᠲᠣᠨ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 13.1% ᠨᠡᠮᠡᠭᠳᠡᠵᠡᠶ᠃ ᠭᠤᠸᠠ ᠵᠢᠮᠢᠰ ᠤᠨ ᠳᠠᠷᠢᠮᠠᠯ ᠤᠨ ᠲᠠᠯᠠᠪᠠᠶ 7173.1 ᠾᠧᠺᠲ᠋ᠠᠷ ᠲᠤ ᠬᠦᠷᠴᠦ᠂ ᠭᠠᠷᠤᠯᠲᠠ ᠨᠢ 36914.1 ᠲᠣᠨ ᠳᠤ ᠬᠦᠷᠴᠦ᠂ 20417.1 ᠲᠣᠨ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 123.8 % ᠨᠡᠮᠡᠭᠳᠡᠵᠡᠶ᠃ ᠲᠠᠷᠢᠶᠠᠯᠠᠩ ᠤᠨ ᠦᠢᠯᠡᠳᠬᠦᠨ ᠤ ᠦᠷᠳᠡᠭ 4.8 ᠳ᠋ᠦᠩᠰᠢᠭᠤᠷ ᠲᠥᠭᠦᠷᠢᠭ ᠲᠤ ᠬᠦᠷᠴᠦ᠂ 7.7 % ᠨᠡᠮᠡᠭᠳᠡᠪᠡ᠃       ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠢᠴᠢ ᠵᠠᠬ᠎ᠠ ᠳᠡᠯᠭᠡᠭᠦᠷ ᠤᠨ ᠦᠨ᠎ᠡ ᠬᠠᠩᠰᠢ ᠦᠷᠭᠦᠯᠵᠢᠯᠡᠨ ᠥᠨᠳᠥᠷ ᠪᠤᠯᠤᠬᠰᠠᠨ ᠵᠡᠷᠭᠡ ᠠᠰᠢᠭᠲᠠᠶ ᠬᠦᠴᠦᠨ ᠵᠦᠢᠯ ᠤᠨ ᠨᠦᠯᠦᠭᠡᠯᠡᠯ ᠳᠣᠤᠷ᠎ᠠ᠂ ᠮᠠᠨ ᠤ ᠬᠤᠲᠠ ᠶᠢᠨ ᠲᠡᠵᠢᠭᠡᠪᠤᠷᠢ ᠶᠢᠨ ᠦᠢᠯᠡᠰ ᠤᠨ ᠬᠡᠪᠴᠢᠶᠡᠵᠢᠯ ᠬᠢᠭᠡᠳ ᠦᠷ᠎ᠡ ᠠᠰᠢᠭ ᠢᠯᠡᠳᠲᠡ ᠳᠡᠭᠡᠭᠰᠢᠯᠡᠪᠡ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠪᠦᠷᠢᠳᠭᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠄ 1 - 6 ᠰᠠᠷ᠎ᠠ ᠳᠤ ᠮᠠᠨ ᠤ ᠬᠤᠲᠠ ᠶᠢᠨ ᠮᠠᠯ ᠠᠵᠤ ᠠᠬᠤᠶ ᠶᠢᠨ ᠦᠢᠯᠡᠳᠪᠦᠷᠢᠯᠡᠯ ᠲᠣᠭᠲᠠᠭᠤᠨ ᠢᠶᠠᠷ ᠰᠠᠶᠢᠵᠢᠷᠠᠵᠤ᠂ ᠦᠢᠯᠡᠳᠪᠦᠷᠢᠯᠡᠯ ᠤᠨ ᠴᠢᠳᠠᠪᠤᠷᠢ ᠨᠡᠯᠢᠶᠡᠳ ᠲᠦᠷᠭᠡᠨ ᠳᠡᠭᠡᠭᠰᠢᠯᠡᠵᠦ᠂ ᠪᠥᠬᠦ ᠬᠤᠲᠠ ᠶᠢᠨ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ᠂ ᠰᠠᠭᠠᠯᠢ ᠶᠢᠨ ᠶᠡᠷᠦᠩᠬᠡᠶ ᠭᠠᠷᠤᠯᠲᠠ ᠴᠥᠮ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠲᠡᠭᠡᠷ᠎ᠠ ᠬᠠᠭᠠᠰ ᠵᠢᠯ ᠳᠤ ᠮᠠᠨ ᠤ ᠬᠤᠲᠠ ᠮᠠᠯ ᠠᠵᠤ ᠠᠬᠤᠶ ᠶᠢᠨ ᠦᠢᠯᠡᠳᠬᠦᠨ ᠤ ᠥᠷᠲᠡᠭ ᠢ ᠨᠡᠶᠢᠲᠡ 18.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ 8.6 % ᠨᠡᠮᠡᠭᠳᠡᠨ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠦᠢᠯᠡᠰ ᠤᠨ ᠦᠢᠯᠡᠳᠬᠦᠨ ᠤ ᠶᠡᠷᠦᠩᠬᠡᠶ ᠥᠷᠲᠡᠭ ᠤᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 5.9 ᠳᠠᠶᠢᠴᠢᠯᠠᠵᠤ᠂ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 67.8 % ᠪᠤᠯᠪᠠ᠃       ᠤᠢ ᠰᠢᠭᠤᠶ᠂ ᠵᠢᠭᠠᠰᠤᠨ ᠤ ᠠᠵᠤ ᠦᠢᠯᠡᠰ᠂ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠵᠦ᠂ ᠨᠢᠭᠡᠳᠦᠭᠡᠷ ᠠᠵᠤ ᠦᠢᠯᠡᠰ ᠤᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠡᠯ᠎ᠡ ᠬᠤᠰᠢᠭᠤ ᠲᠤᠭᠤᠷᠢᠭ ᠤᠨ ᠬᠢᠨ ᠣᠷᠴᠢᠨ ᠲᠣᠭᠤᠷᠢᠨ ᠤ ᠨᠥᠬᠦᠴᠡᠯ᠂ ᠭᠦᠴᠦᠨ ᠵᠦᠢᠯ ᠤᠨ ᠳᠠᠪᠠᠭᠤᠯᠢᠭ ᠢᠶᠠᠨ ᠦᠨᠳᠦᠰᠦᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠯᠠᠩ ᠣᠶ ᠰᠢᠭᠤᠶ ᠡᠯᠡᠰᠦᠨ ᠤ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠣᠶ ᠰᠢᠭᠤᠶ ᠡᠯᠡᠰᠦᠨ ᠤ ᠠᠵᠤ ᠦᠢᠯᠡᠰ ᠢ ᠨᠠᠷᠢᠯᠢᠭ ᠬᠢᠵᠦ᠂ ᠣᠶ ᠰᠢᠭᠤᠶ ᠵᠢᠮᠢᠰ᠂ ᠬᠢᠲᠠᠳ ᠡᠮ ᠤᠨ ᠮᠠᠲ᠋ᠧᠷᠢᠶᠠᠯ ᠵᠡᠷᠭᠡ ᠤᠨᠴᠠᠯᠢᠬᠳᠤ ᠣᠶ ᠶᠢᠨ ᠠᠵᠤ ᠠᠬᠤᠶ ᠶᠢ ᠬᠥᠭᠵᠢᠭᠦᠯᠦᠨ᠂ ᠤᠰᠤᠨ ᠭᠠᠷᠤᠯᠲᠠ ᠶᠢᠨ ᠲᠡᠵᠢᠭᠡᠪᠤᠷᠢ ᠶᠢ ᠰᠢᠯᠢᠳᠡᠭᠵᠢᠭᠦᠯᠵᠦ᠂ ᠣᠶ ᠰᠢᠭᠤᠶ᠂ ᠵᠢᠭᠠᠰᠤᠨ ᠤ ᠠᠵᠦ ᠦᠢᠯᠡᠰ᠂ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠶᠡᠷᠦᠩᠬᠡᠶ ᠳᠡᠭᠡᠨ ᠲᠣᠭᠲᠠᠭᠤᠨ ᠪᠤᠯᠵᠤ᠂ ᠪᠦᠲᠦᠴᠡ ᠨᠢ ᠰᠢᠯᠢᠳᠡᠭᠵᠢᠨ᠂ ᠴᠢᠨᠠᠷᠵᠢᠯ ᠦᠷ᠎ᠡ ᠠᠰᠢᠭ ᠨᠢ ᠳᠡᠭᠡᠭᠰᠢᠯᠡᠭᠰᠡᠨ ᠪᠠᠶᠢᠨ᠎ᠠ᠃ ᠳᠡᠭᠡᠷ᠎ᠡ ᠬᠠᠭᠠᠰ ᠵᠢᠯ ᠳᠤ ᠪᠥᠬᠦ ᠬᠤᠲᠠ ᠶᠢᠨ ᠣᠶ ᠰᠢᠭᠤᠶ ᠶᠢᠨ ᠦᠢᠯᠡᠰ ᠤᠨ ᠦᠢᠯᠡᠳᠬᠦᠨ ᠤ ᠥᠷᠲᠡᠭ 3.8 ᠳ᠋ᠦᠩᠰᠢᠭᠤᠷ ᠲᠥᠭᠦᠷᠢᠭ ᠲᠤ ᠬᠦᠷᠴᠦ᠂ 11.2 % ᠨᠡᠮᠡᠭᠳᠡᠪᠡ︔ ᠵᠢᠭᠠᠰᠤᠨ ᠤ ᠠᠵᠤ ᠦᠢᠯᠡᠰ ᠤᠨ ᠦᠢᠯᠡᠳᠬᠦᠨ ᠤ ᠦᠷᠳᠡᠭ 1.3 ᠳ᠋ᠦᠩᠰᠢᠭᠤᠷ ᠲᠥᠭᠦᠷᠢᠭ ᠲᠤ ᠬᠦᠷᠴᠦ᠂ 9.5 % ᠨᠡᠮᠡᠭᠳᠡᠪᠡ︔ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠤ ᠠᠵᠤ ᠦᠢᠯᠡᠰ ᠤᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ ᠶᠢᠨ ᠦᠢᠯᠡᠳᠬᠦᠨ ᠤ ᠥᠷᠲᠡᠭ 2.8 ᠳ᠋ᠦᠩᠰᠢᠭᠤᠷ ᠲᠥᠭᠦᠷᠢᠭ ᠲᠤ ᠭᠦᠷᠴᠦ᠂ 7.5 % ᠨᠡᠮᠡᠭᠳᠡᠪᠡ᠃     
ᠢᠷᠡᠯᠲᠡ᠄ ᠤᠷᠳᠤᠰ ᠤᠨ ᠡᠳᠤᠷ ᠤᠨ ᠰᠤᠨᠢᠨ