ᠮᠠᠨ ᠤ ᠤᠷᠤᠨ ︽ᠬᠤᠤᠰ ᠪᠠᠶᠠᠷ︾ ᠤᠨ ᠠᠮᠠᠷᠠᠯᠲᠠ ᠳᠤ 1.77 ᠳ᠋ᠦᠩᠰᠢᠭᠤᠷ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠬᠡᠯ ᠢ ᠬᠠᠰᠤᠵᠤ ᠬᠡᠯᠳᠦᠷᠢᠭᠦᠯᠵᠠᠢ
ᠨᠡᠶᠢᠲᠡᠯᠡᠭᠰᠡᠨ ᠴᠠᠭ᠄
2023/10/11
      ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ 29 ᠠᠴᠠ 10 ᠰᠠᠷ᠎ᠠ ᠶᠢᠨ 6 ᠤ ᠡᠳᠦᠷ ᠪᠣᠯᠲᠠᠯᠡᠬᠢ ︽ᠬᠤᠤᠰ ᠪᠠᠶᠠᠷ︾ ᠤᠨ ᠠᠮᠠᠷᠠᠯᠲᠠ ᠳᠤ ᠣᠯᠠᠨ ᠲᠦᠮᠡᠨ ᠤ ᠠᠶᠠᠯᠠᠯ ᠤᠨ ᠬᠡᠷᠡᠭᠴᠡᠭᠡ ᠲᠦᠪᠯᠡᠷᠡᠨ ᠪᠥᠬᠦ ᠣᠷᠣᠨ ᠤ ᠵᠠᠰᠠᠮᠠᠯ ᠵᠠᠮ ᠤᠨ ᠲᠤᠤᠷ ᠤᠨ ᠲᠡᠷᠭᠡᠨ ᠤᠷᠤᠰᠬᠠᠯ ᠤᠨ ᠬᠡᠮᠵᠢᠶ᠎ᠡ ᠶᠡᠭᠡ ᠪᠠᠷ ᠨᠡᠮᠡᠭᠳᠡᠵᠦ᠂ 8 ᠡᠳᠦᠷ ᠤᠨ ᠲᠤᠳᠤᠷᠠᠬᠢ ᠲᠡᠷᠭᠡᠨ ᠤᠷᠤᠰᠬᠠᠯ ᠤᠨ ᠶᠡᠷᠦᠩᠬᠡᠢ ᠬᠡᠮᠵᠢᠶ᠎ᠠ 530 ᠲᠦᠮᠡ ᠶᠢ ᠲᠠᠪᠠᠨ᠂ ᠡᠳᠦᠷ ᠳᠤᠮᠳᠠᠴᠢ ᠶᠢᠨ ᠲᠡᠷᠭᠡᠨ ᠤᠷᠤᠰᠬᠠᠯ ᠤᠨ ᠬᠡᠮᠵᠢᠶ᠎ᠡ 66.25 ᠲᠦᠮᠡ ᠬᠦᠷᠴᠦ᠂ ᠪᠦᠬᠦ ᠤᠷᠤᠨ ᠳᠤ ᠨᠡᠶᠢᠳᠡ 1.77 ᠳ᠋ᠦᠩᠰᠢᠭᠤᠷ ᠲᠥᠭᠦᠷᠢᠭ ᠤᠨ ᠵᠠᠮ ᠨᠡᠪᠲᠡᠷᠡᠯᠭᠡ ᠶᠢᠨ ᠰᠦᠢᠳᠭᠡᠯ ᠢ ᠬᠠᠰᠤᠵᠤ ᠬᠡᠯᠳᠦᠷᠢᠭᠦᠯᠦᠭᠰᠡᠨ ᠪᠠᠶᠢᠨ᠎ᠠ᠃      ᠪᠥᠬᠦ ᠣᠷᠣᠨ ᠤ ᠲᠦᠷᠭᠡᠨ ᠤ ᠵᠠᠰᠠᠮᠠᠯ ᠵᠠᠮ ᠳᠠᠬᠢ ᠠᠶᠠᠨᠴᠢᠳ ᠤᠨ ᠮᠠᠰᠢᠨ ᠲᠡᠷᠭᠡ ᠶᠢᠨ ᠤᠷᠤᠰᠬᠠᠯ ᠤᠨ ᠬᠡᠮᠵᠢᠶ᠎ᠡ 447.14 ᠲᠦᠮᠡ ᠳᠤ ᠬᠦᠷᠴᠦ᠂ ᠲᠡᠷᠭᠡᠨ ᠤᠷᠤᠰᠬᠠᠯ ᠤᠨ ᠶᠡᠷᠦᠩᠬᠡᠶ ᠬᠡᠮᠵᠢᠶ᠎ᠡ ᠶᠢᠨ 84.36 % ᠶᠢ ᠡᠵᠡᠯᠡᠨ᠂ ᠡᠳᠦᠷ ᠳᠤᠮᠳᠠᠴᠢ ᠶᠢᠨ ᠲᠡᠷᠭᠡᠨ ᠤᠷᠤᠰᠬᠠᠯ ᠤᠨ ᠬᠡᠮᠵᠢᠶ᠎ᠡ 55.89 ᠲᠦᠮᠡ ᠳᠤ ᠬᠦᠷᠴᠦ᠂ 2019 ᠣᠨ ᠤ ᠠᠳᠠᠯᠢ ᠬᠤᠭᠤᠴᠠᠭᠠᠨ ᠤ ᠡᠳᠦᠷ ᠳᠤᠮᠳᠠᠴᠢ ᠶᠢᠨ ᠬᠡᠮᠵᠢᠭᠳᠡᠯ ᠠᠴᠠ 7.95 % ᠪᠠᠷ ᠨᠡᠮᠡᠭᠳᠡᠪᠠ᠃ ᠡᠬᠦᠨ ᠳᠤ ᠳᠤᠮᠳᠠ ᠪᠠ ᠣᠶᠢᠷ᠎ᠠ ᠵᠠᠮ ᠤᠨ ᠠᠶᠠᠯᠠᠯ ᠤᠨ ᠮᠠᠰᠢᠨ ᠤᠯᠠᠩᠬᠢ ᠶᠢ ᠡᠵᠡᠯᠡᠨ᠂ ᠣᠷᠳᠣᠰ ᠬᠤᠳᠠ᠂ ᠤᠯᠠᠭᠠᠨᠬᠠᠳᠠ ᠬᠤᠳᠠ᠂ ᠬᠥᠬᠡᠬᠤᠲᠠ ᠪᠠ ᠤᠯᠠᠭᠠᠨᠴᠠᠪ ᠬᠤᠲᠠ ᠶᠢᠨ ᠲᠡᠷᠭᠡᠨ ᠤᠷᠤᠰᠬᠠᠯ ᠤᠨ ᠬᠡᠮᠵᠢᠶ᠎ᠡ ᠨᠢ ᠪᠥᠬᠦ ᠣᠷᠣᠨ ᠤ ᠲᠦᠷᠬᠡᠨ ᠤ ᠵᠠᠰᠠᠮᠠᠯ ᠵᠠᠮ ᠳᠠᠬᠢ ᠲᠡᠷᠭᠡᠨ ᠤᠷᠤᠰᠬᠠᠯ ᠤᠨ ᠶᠡᠷᠦᠩᠬᠡᠶ ᠬᠡᠮᠵᠢᠶ᠎ᠡ ᠶᠢᠨ 60.68 % ᠶᠢ ᠡᠵᠡᠯᠡᠵᠠᠢ᠃      ᠤᠶᠢᠯᠠᠭᠠᠭᠰᠠᠨ ᠢᠶᠠᠷ᠂ ︽ᠬᠤᠤᠰ ᠪᠠᠶᠠᠷ︾ ᠤᠨ ᠠᠮᠠᠷᠠᠯᠲᠠ ᠳᠤ ᠪᠥᠬᠦ ᠣᠷᠣᠨ ᠤ ᠵᠠᠰᠠᠮᠠᠯ ᠵᠠᠮ ᠤᠨ ᠲᠤᠤᠷ ᠤᠨ ᠡᠷᠬᠢᠯᠳᠡ ᠶᠡᠷᠦᠩᠬᠡᠶ ᠳᠡᠭᠡᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠶᠡᠭᠡ ᠲᠠᠯᠠᠪᠠᠶ᠂ ᠬᠤᠯᠠ ᠵᠠᠶ ᠶᠢᠨ ᠲᠦᠭᠵᠢᠷᠡᠯ ᠭᠠᠷᠤᠭᠰᠠᠨ ᠥᠬᠡᠶ᠂ ᠠᠶᠤᠯᠭᠦᠶ ᠦᠢᠯᠡᠳᠪᠦᠷᠢᠯᠡᠯ ᠤᠨ ᠠᠳᠠᠯ ᠤᠨ ᠬᠡᠷᠡᠭ ᠭᠠᠷᠤᠭᠰᠠᠨ ᠥᠬᠡᠶ᠃ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠠᠶᠠᠨᠴᠢᠳ ᠤᠨ ᠤᠷᠤᠰᠬᠠᠯ ᠢ ᠤᠷᠢᠳᠴᠢᠯᠠᠨ ᠰᠤᠳᠤᠯᠤᠨ ᠮᠠᠭᠠᠳᠯᠠᠵᠤ᠂ ᠵᠦᠭᠡᠭᠡᠪᠦᠷᠢ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠲᠡᠮᠦᠷ ᠵᠠᠮ ᠪᠤᠯᠤᠨ ᠠᠭᠠᠷ ᠤᠨ ᠠᠶᠠᠯᠠᠯ ᠯᠤᠭ᠎ᠠ ᠵᠠᠪᠰᠠᠷ ᠥᠬᠡᠶ ᠵᠣᠯᠭᠠᠭᠤᠯᠵᠤ᠂ ᠪᠥᠬᠦ ᠣᠷᠣᠨ ᠤ ᠵᠠᠰᠠᠮᠠᠯ ᠵᠠᠮ ᠤᠨ ᠲᠤᠤᠷ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠡᠬᠦᠨ ᠤ ᠬᠠᠮᠳᠤ ᠵᠠᠰᠠᠮᠠᠯ ᠵᠠᠮ ᠤᠨ ᠲᠣᠭᠤᠷᠢᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ᠂ ᠠᠮᠤᠷ ᠲᠦᠪᠰᠢᠨ ᠤ ᠰᠡᠷᠭᠡᠶᠢᠯᠡᠯᠲᠡ  ᠶᠢᠨ ᠲᠦᠬᠦᠭᠡᠷᠦᠮᠵᠢ ᠪᠠ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠳᠠᠯᠳᠠ ᠬᠡᠮ ᠰᠤᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢ ᠴᠢᠩᠭᠠᠷᠠᠭᠤᠯᠵᠤ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠤᠨ ᠠᠮᠤ ᠪᠤᠳᠠᠭ᠎ᠠ᠂ ᠡᠨᠧᠷᠭᠢ᠂ ᠲᠠᠷᠢᠶᠠᠯᠠᠩ ᠤᠨ ᠦᠢᠯᠡᠳᠪᠦᠷᠢᠯᠡᠯ ᠵᠡᠷᠭᠡ ᠡᠯ᠎ᠡ ᠲᠥᠷᠥᠯ ᠤᠨ ᠭᠤᠤᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠥᠨᠳᠥᠷ ᠪᠦᠲᠦᠮᠵᠢᠲᠡᠶ ᠪᠥᠭᠡᠳ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠪᠠᠰᠠ ᠠᠶᠠᠯᠠᠯ ᠪᠠ ᠵᠠᠰᠠᠮᠠᠯ ᠵᠠᠮ ᠤᠨ ᠪᠠᠶᠢᠳᠠᠯ ᠤᠨ ᠮᠡᠳᠡᠭᠡ ᠵᠠᠩᠭᠢ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠵᠡᠷᠬᠡ ᠶᠢ ᠴᠠᠭ ᠲᠤᠬᠠᠶ ᠳᠤᠨᠢ ᠨᠡᠶᠢᠲᠡᠯᠡᠨ᠂ 12328 ᠪᠤᠯᠤᠨ 12345 ᠵᠡᠷᠭᠡ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠤᠯᠠᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ ᠠᠶᠠᠨᠴᠢᠳ ᠲᠤ ᠲᠦᠬᠦᠮ ᠦᠵᠡᠬᠦᠯᠦᠭᠰᠡᠨ ᠪᠦᠬᠡᠳ ᠬᠠᠤᠯᠢ ᠶᠣᠰᠣᠨ ᠤ ᠡᠷᠬᠡ ᠠᠰᠢᠭ ᠢ ᠨᠢ ᠭᠦᠢᠴᠡᠳ ᠬᠠᠮᠠᠭᠠᠯᠠᠭᠰᠠᠨ ᠪᠠᠶᠢᠨ᠎ᠠ᠃      
ᠢᠷᠡᠯᠲᠡ᠄ ᠤᠷᠳᠤᠰ ᠮᠤᠩᠭᠤᠯ ᠰᠦᠯᠵᠢᠶ᠎ᠡ