ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ 7.5 % ᠪᠠᠷ ᠨᠡᠮᠡᠭᠳᠡᠯ᠎ᠡ
ᠨᠡᠶᠢᠲᠡᠯᠡᠭᠰᠡᠨ ᠴᠠᠭ᠄
2023/10/11
     ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠤᠶᠢᠯᠠᠭᠠᠭᠰᠠᠨ  ᠢᠶᠠᠷ᠂ ᠡᠨᠡ ᠵᠢᠯ ᠤᠨ 1 — 8 ᠰᠠᠷ᠎ᠠ ᠳᠤ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5 % ᠪᠠᠷ ᠨᠡᠮᠡᠭᠳᠡᠵᠤ᠂ ᠳᠤᠭᠳᠠᠭᠤᠨ ᠤ ᠳᠤᠮᠳᠠ ᠨᠡᠮᠡᠭᠳᠡᠬᠦ ᠶᠢ ᠪᠠᠳᠤᠯᠠᠪᠠ᠃      ᠠᠵᠤ ᠦᠢᠯᠡᠳᠪᠤᠷᠢ ᠶᠢᠨ ᠭᠤᠷᠪᠠᠨ ᠶᠡᠭᠡ ᠲᠦᠷᠦᠯ ᠵᠦᠢᠯ ᠤᠨ ᠬᠤᠪᠢ ᠳᠤ 1 — 8 ᠰᠠᠷ᠎ᠠ ᠳᠤ ᠪᠦᠬᠦ ᠤᠷᠤᠨ ᠤ ᠠᠭᠤᠷᠬᠠᠢ ᠮᠠᠯᠳᠠᠬᠤ ᠦᠢᠯᠡᠰ᠂ ᠦᠢᠯᠡᠳᠬᠦ ᠦᠢᠯᠡᠰ᠂ ᠴᠠᠬᠢᠯᠭᠠᠨ ᠬᠦᠴᠤ ᠢᠯᠴᠢ ᠶᠢᠨ ᠬᠦᠴᠦ ᠪᠠᠶᠢᠭᠠᠯᠢ  ᠶᠢᠨ ᠰᠢᠳᠠᠮᠠᠬᠠᠢ ᠬᠡᠢ ᠵᠢᠴᠢ ᠤᠰᠤᠨ ᠤ ᠦᠢᠯᠡᠳᠪᠤᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠦᠷᠳᠡᠭ ᠲᠤᠰ ᠲᠤᠰ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.7 %᠂ 11.9 % ᠪᠠ 10.6 % ᠪᠠᠷ ᠨᠡᠮᠡᠭᠳᠡᠪᠡ᠃ ᠠᠵᠤ ᠠᠬᠤᠢ ᠶᠢᠨ ᠲᠦᠷᠦᠯ ᠬᠡᠯᠪᠡᠷᠢ ᠶᠢᠨ ᠬᠤᠪᠢ ᠳᠤ ᠪᠦᠬᠦ ᠤᠷᠤᠨ ᠤ ᠤᠯᠤᠰ ᠤᠨ ᠦᠮᠴᠢᠯᠡᠯᠳᠤ ᠠᠵᠤ ᠠᠬᠤᠶᠢᠯᠠᠯ᠂ ᠬᠤᠪᠢᠴᠠᠭᠠᠳᠤ ᠠᠵᠤ ᠠᠬᠤᠶᠢᠯᠠᠯ᠂ ᠭᠠᠳᠠᠭᠠᠳᠤ ᠶᠢᠨ ᠠᠷᠠᠯᠵᠢᠶᠠᠴᠢᠨ ᠵᠢᠴᠢ ᠰᠢᠶᠠᠩᠭᠠᠩ ᠤᠤᠮᠧᠨ ᠲᠠᠶᠢᠸᠠᠨ ᠤ ᠠᠷᠠᠯᠵᠢᠶᠠᠴᠢᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠦᠷᠳᠡᠭ ᠲᠤᠰ ᠲᠤᠰ 7.5 %᠂ 7.4 % ᠪᠠ 15.7 % ᠪᠠᠷ ᠨᠡᠮᠡᠭᠳᠡᠪᠡ᠃ ᠠᠵᠢᠯ ᠲᠦᠷᠦᠯ ᠤᠨ ᠬᠤᠪᠢ ᠳᠤ᠂ ᠪᠦᠬᠦ ᠤᠷᠤᠨ ᠤ ᠠᠵᠤ ᠦᠢᠯᠡᠳᠪᠤᠷᠢ ᠶᠢᠨ 38 ᠶᠡᠭᠡ ᠠᠵᠢᠯ ᠲᠦᠷᠦᠯ ᠠᠴᠠ 27 ᠠᠵᠢᠯ ᠲᠦᠷᠦᠯ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠲᠠᠢ ᠪᠠᠶᠢᠬᠤ ᠬᠡᠮᠵᠢᠶ᠎ᠠ ᠨᠢ 71.1 % ᠳᠤ ᠬᠦᠷᠦᠭᠰᠡᠨ ᠪᠠᠶᠢᠨ᠎ᠠ᠃ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠬᠤᠪᠢ ᠳᠤ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠲᠤᠰ ᠲᠤᠰ 20.4 % ᠪᠠ 21.4 % ᠪᠠᠷ ᠨᠡᠮᠡᠭᠳᠡᠪᠠ᠃       ᠠᠵᠤ ᠦᠢᠯᠡᠳᠪᠤᠷᠢ ᠶᠢᠨ ᠭᠤᠤᠯ ᠪᠤᠯᠬᠤ ᠦᠢᠯᠡᠳᠭᠦᠨ ᠤ ᠬᠤᠪᠢ ᠳᠤ 1 — 8 ᠰᠠᠷ᠎ᠠ ᠳᠤ ᠪᠦᠬᠦ ᠤᠷᠤᠨ ᠤ ᠲᠦᠬᠦᠭᠡᠢ ᠨᠡᠭᠦᠷᠡᠰᠦᠨ ᠤ ᠭᠠᠷᠤᠯᠳᠠ 8 ᠳ᠋ᠦᠩᠰᠢᠭᠤᠷ ᠳᠤᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠠ 4787.3 ᠳ᠋ᠦᠩᠰᠢᠭᠤᠷ ᠺᠢᠯᠤᠸᠠᠲ ᠴᠠᠭ ᠲᠤ ᠬᠦᠷᠴᠤ᠂ 12.7 % ᠪᠠᠷ ᠨᠡᠮᠡᠭᠳᠡᠵᠠᠢ︔ ᠰᠦ ᠶᠢᠨ ᠪᠦᠳᠦᠬᠡᠭᠳᠡᠬᠦᠨ 307 ᠲᠦᠮᠡᠨ ᠳᠤᠨ ᠳᠤ ᠬᠦᠷᠴᠤ᠂ 13.8 % ᠪᠠᠷ ᠨᠡᠮᠡᠭᠳᠡᠪᠡ︔ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ 189 ᠲᠦᠮᠡᠨ ᠺᠢᠯᠤᠸᠠᠲ ᠪᠠᠶᠢᠵᠤ᠂ 129.6 % ᠪᠠᠷ ᠨᠡᠮᠡᠭᠳᠡᠵᠠᠢ᠃ 1 — 7 ᠰᠠᠷ᠎ᠠ ᠳᠤ ᠪᠦᠬᠦ ᠤᠷᠤᠨ ᠤ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ ᠠᠵᠤ ᠠᠬᠤᠶᠢᠯᠠᠯ 15999.6 ᠳ᠋ᠦᠩᠰᠢᠭᠤᠷ ᠲᠦᠭᠦᠷᠢᠭ ᠤᠨ ᠡᠵᠡᠩᠨᠡᠯᠳᠡ ᠶᠢᠨ ᠤᠷᠤᠯᠭ᠎ᠠ ᠶᠢ ᠪᠡᠶᠡᠯᠡᠭᠦᠯᠵᠦ᠂ ᠶᠡᠷᠦᠩᠬᠡᠢ ᠠᠰᠢᠭ ᠤᠷᠤᠯᠭ᠎ᠠ ᠨᠢ 1964.6 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃    
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ