​ ᠲᠠᠯᠠᠳ ᠬᠤᠰᠢᠭᠤ ᠦᠨᠳᠤᠰᠤᠳᠡᠨ ᠤ ᠪᠦᠯᠭᠦᠮᠳᠡᠯ ᠲᠠᠪᠰᠢᠯᠳᠡ ᠶᠢᠨ ᠰᠠᠷ᠎ᠠ ᠶᠢᠨ ᠰᠢᠷᠢᠰ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2023/10/13
      ᠳᠠᠯᠠᠳ ᠬᠤᠰᠢᠭᠤ ︽ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠣᠷᠣᠭᠰᠢᠯᠠᠵᠤ ᠨᠠᠮ ᠢᠶᠠᠨ ᠳᠠᠭᠠᠵᠤ ᠵᠢᠱᠢᠶᠡᠴᠢ ᠦᠪᠡᠷᠳᠡᠭᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠳᠠᠭᠤᠷᠢᠶᠠᠯ ᠦᠵᠡᠭᠦᠯᠦᠶ᠎ᠡ︾ ᠬᠡᠬᠦ ᠭᠤᠣᠯ ᠰᠡᠳᠦᠪ ᠢᠶᠠᠷ ᠪᠦᠬᠦ ᠬᠤᠰᠢᠭᠤᠨ ᠤ ᠬᠡᠪᠴᠢᠶᠡᠨ ᠳᠤ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃      ᠲᠤᠰᠬᠠᠢ ᠤᠳᠤᠷᠢᠳᠬᠤ ᠳᠤᠭᠤᠢᠢᠯᠠᠩ ᠪᠠᠶᠢᠭᠤᠯᠤᠨ ᠠᠵᠢᠯ ᠤᠨ ᠲᠥᠰᠥᠯ ᠢ ᠨᠠᠷᠢᠯᠢᠭᠵᠢᠭᠤᠯᠵᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢᠢᠯᠠᠵᠠᠢ ᠃ ᠲᠣᠳᠣᠷᠬᠠᠢ ᠡᠭᠦᠷᠭᠡ ᠶᠢᠨ ᠳᠦᠷᠢᠮ ᠲᠤᠬᠳᠠᠭᠠᠵᠤ᠂ ᠪᠦᠬᠦ ᠬᠤᠰᠢᠭᠤᠨ ᠤ ᠡᠯ᠎ᠡ ᠬᠤᠯᠪᠤᠬᠳᠠᠯ ᠪᠦᠬᠦᠢ ᠪᠠᠶᠢᠭᠤᠯᠭ᠎ᠠ ᠳᠤ ᠬᠤᠯᠪᠣᠭᠳᠠᠬᠤ 10 ᠶᠡᠭᠡ ᠲᠥᠷᠥᠯ ᠤᠨ 24 ᠵᠤᠷᠪᠤᠰ ᠠᠵᠢᠯ ᠤᠨ ᠡᠭᠦᠷᠭᠡ ᠶᠢ ᠲᠣᠭᠲᠠᠭᠠᠵᠤ ᠡᠭᠦᠷᠭᠡ ᠶᠢᠨ ᠬᠤᠪᠢᠶᠠᠷᠢᠯᠠᠯ ᠢ ᠪᠣᠳᠠᠲᠠᠢ ᠪᠠᠶᠢᠭᠤᠯᠭ᠎ᠠ ᠬᠦᠷᠲᠡᠯ᠎ᠡ ᠳᠠᠭᠠᠭᠠᠯᠭᠠᠭᠠᠳ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠲᠤᠬᠢᠷᠠᠭᠤᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽10+6+N︾ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠶᠢᠨ ᠠᠩᠭᠢ᠂ ︽ᠠᠨᠠᠷ ᠤᠨ ᠦᠷ᠎ᠡ︾ ᠤᠬᠠᠭᠤᠯᠭ᠎ᠠ ᠶᠢᠨ ᠠᠩᠭᠢ ᠪᠠ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠭᠦᠯᠵᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠭ᠎ᠠ ᠨᠢᠭᠡᠴᠢ ᠵᠡᠷᠭᠡ ᠭᠠᠵᠠᠷ ᠲᠤ ᠬᠦᠷᠴᠦ᠂ ᠬᠤᠯᠪᠤᠬᠳᠠᠯ ᠪᠦᠭᠦᠢ ᠲᠠᠶᠢᠯᠤᠮᠵᠢ ᠶᠢ ᠨᠡᠶᠢᠲᠡ 271 ᠲᠠᠯᠠᠪᠠᠢ᠂ ᠤᠬᠠᠭᠤᠯᠭ᠎ᠠ ᠶᠢᠨ ᠠᠵᠢᠯᠯᠠᠭ᠎ᠠ ᠶᠢ 352 ᠤᠳᠠᠭ᠎ᠠ ᠦᠷᠨᠢᠭᠦᠯᠵᠠᠢ᠃ ᠵᠢᠷᠭᠢᠶ᠎ᠡ ᠵᠢᠴᠢ ᠡᠯ᠎ᠡ ᠪᠠᠶᠢᠭᠤᠯᠭ᠎ᠠ ᠨᠢᠭᠡᠴᠢ ᠶᠢᠨ ᠵᠠᠭᠤᠴᠢᠯᠠᠭᠤᠷ ᠤᠨ ᠲᠠᠪᠴᠠᠩ ᠤᠨ ᠳᠠᠪᠠᠭᠤᠯᠢᠭ ᠢ ᠠᠰᠢᠭᠯᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ︾ ᠶᠢᠨ ᠤᠬᠠᠭᠤᠯᠭ᠎ᠠ ᠶᠢᠨ ᠲᠤᠰᠬᠠᠢ ᠲᠠᠪᠴᠠᠩ ᠢ ᠪᠠᠶᠢᠭᠤᠯᠤᠨ᠂ ᠨᠡᠶᠢᠲᠡ 389 ᠵᠤᠷᠪᠤᠰ ᠮᠡᠳᠡᠭᠡᠯᠡᠯ ᠢ ᠨᠡᠶᠢᠲᠡᠯᠡᠵᠦ᠂ ᠲᠠᠷᠤᠮᠳᠠ ᠶᠢᠨ ᠲᠤᠭ᠎ᠠ 12 ᠲᠦᠮᠡ ᠭᠠᠷᠤᠢ ᠬᠥᠮᠥᠨ ᠤᠳᠠᠭ᠎ᠠ ᠳᠤ ᠬᠦᠷᠪᠡ᠃ ᠳᠠᠯᠠᠳ ᠬᠤᠰᠢᠭᠤᠨ ᠤ 26 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠡᠳᠤᠷ ᠵᠡᠷᠭᠡ ᠪᠠᠷ ᠲᠠᠮᠵᠢᠭᠤᠯᠤᠨ ᠬᠦᠮᠤᠨ ᠠᠷᠪᠢᠨ ᠴᠤᠭᠯᠠᠷᠠᠳᠠᠭ ᠭᠠᠵᠠᠷ ᠲᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠤ᠂ 3000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠨ᠂ 6 ᠬᠠᠨ᠎ᠠ ᠶᠢᠨ ᠵᠢᠷᠤᠭ ᠬᠢᠵᠦ᠂ 300 ᠭᠠᠷᠤᠢ ᠵᠤᠷᠪᠤᠰ ᠤᠬᠠᠭᠤᠯᠭ᠎ᠠ ᠶᠢᠨ ᠤᠷᠢᠶ᠎ᠠ ᠡᠯᠭᠦᠵᠡᠢ᠃ ᠡᠭᠦᠨ ᠤ ᠬᠠᠮᠲᠤ ︽ᠦᠨᠳᠦᠰᠦᠲᠡᠨ ᠤ ᠪᠦᠯᠬᠦᠮᠳᠡᠯ ᠤᠨ ᠠᠶᠠᠰ ᠢ ᠰᠠᠶᠢᠲᠤᠷ ᠤᠯᠠᠮᠵᠢᠯᠠᠵᠤ ᠦᠨᠳᠦᠰᠦᠲᠡᠨ ᠤ ᠪᠦᠯᠬᠦᠮᠳᠡᠯ ᠤᠨ ᠰᠡᠳᠬᠢᠯ ᠢ ᠬᠠᠮᠲᠤ ᠪᠠᠷ ᠴᠣᠭᠴᠠᠯᠠᠶ᠎ᠠ︾ ᠭᠡᠬᠦ ᠮᠡᠳᠤ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡ 153 ᠲᠠᠯᠠᠪᠠᠢ ᠤᠳᠠᠭ᠎ᠠ ᠥᠷᠨᠢᠭᠦᠯᠵᠡᠢ᠃ ᠪᠦᠬᠦ ᠬᠤᠰᠢᠭᠤᠨ ᠤ ᠡᠯ᠎ᠡ ᠲᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠲᠤ ᠨᠡᠶᠢᠲᠡ 103 ᠲᠠᠯᠠᠪᠠᠢ ︽ᠴᠠᠭᠢᠯᠭᠠᠨ ᠴᠢᠮᠡᠭᠡ ᠬᠤᠯᠪᠤᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ︾ ᠶᠢᠨ ᠭᠤᠣᠯ ᠰᠡᠳᠦᠪᠲᠦ ᠬᠥᠮᠥᠵᠢᠯ ᠦᠢᠯᠡᠳᠦᠯᠭᠡ ᠶᠢᠨ ᠠᠵᠢᠯᠯᠠᠭ᠎ᠠ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠢᠴᠢᠭᠯᠡᠨ ᠦᠵᠡᠰᠬᠦᠯᠡᠩ ᠲᠡᠭᠦᠯᠳᠡᠷ ᠭᠡᠷ ᠣᠷᠣᠨ ᠢᠶᠠᠨ ᠵᠢᠷᠤᠭᠯᠠᠶ᠎ᠠ︾ ᠭᠡᠬᠦ ᠭᠤᠣᠯ ᠰᠡᠳᠦᠪᠲᠦ ᠵᠢᠷᠤᠭ ᠵᠢᠷᠤᠬᠤ ᠠᠵᠢᠯᠯᠠᠭ᠎ᠠ ᠵᠡᠷᠭᠡ ᠶᠢ ᠦᠷᠨᠢᠭᠦᠯᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠬᠤᠰᠢᠭᠤ ᠪᠠᠷ ᠢᠶᠠᠨ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠵᠡᠷᠭᠡ ᠦᠨᠳᠦᠰᠦᠲᠡᠨ ᠤ ᠰᠣᠶᠣᠯ ᠤᠷᠠᠯᠢᠭ ᠢ ᠬᠠᠷᠠᠭᠤᠯᠤᠭᠰᠠᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠪᠦᠷᠬᠦᠴᠡ ᠶᠢ ᠦᠷᠭᠡᠳᠭᠡᠪᠡ᠃ ᠡᠭᠦᠨ ᠤ ᠬᠠᠮᠲᠤ ᠪᠦᠬᠦ ᠬᠤᠰᠢᠭᠤᠨ ᠤ ᠳᠣᠯᠣᠳᠤᠭᠠᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ︵ᠣᠷᠣᠨ︶ ᠨᠢᠭᠡᠴᠢ ᠶᠢ ᠬᠢᠨᠠᠨ ᠰᠢᠯᠭᠠᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠥᠯᠥᠭᠡᠯᠡᠭᠴᠢ ᠬᠥᠮᠥᠰ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ︽ᠠᠨᠠᠷ ᠤᠨ ᠦᠷ᠎ᠡ ᠰᠢᠭ ᠰᠡᠳᠬᠢᠯ ᠰᠡᠳᠬᠢᠯ ᠢᠶᠠᠨ ᠬᠤᠯᠪᠤᠶ᠎ᠠ︾ ᠡᠮᠡᠭᠲᠡᠶᠢᠴᠦᠳ ᠤᠨ ᠶᠠᠷᠢᠯᠴᠠᠬᠤ ᠬᠤᠷᠠᠯ ᠵᠡᠷᠭᠡ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠶᠡᠭᠡ ᠪᠠᠷ ᠠᠬᠢᠭᠤᠯᠤᠨ ᠦᠨᠳᠦᠰᠦᠲᠡᠨ ᠨᠦᠭᠦᠳ ᠬᠠᠮᠲᠤ ᠪᠠᠷ ᠰᠠᠭᠤᠷᠢᠰᠢᠨ ᠬᠠᠮᠲᠤ ᠪᠠᠷ ᠰᠤᠷᠤᠯᠴᠠᠨ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠨ ᠬᠠᠮᠲᠤ ᠪᠠᠷ ᠠᠵᠢᠯᠯᠠᠨ ᠬᠠᠮᠲᠤ ᠪᠠᠷ ᠪᠠᠶᠠᠰᠬᠤ ᠭᠦᠨ ᠵᠤᠵᠠᠭᠠᠨ ᠨᠡᠶᠢᠭᠡᠮ ᠤᠨ ᠣᠷᠴᠢᠨ ᠢ ᠪᠦᠷᠢᠯᠳᠦᠭᠦᠯᠦᠭᠰᠡᠨ ᠪᠠᠶᠢᠨ᠎ᠠ᠃     
ᠢᠷᠡᠯᠲᠡ᠄ ᠤᠷᠳᠤᠰ ᠤᠨ ᠡᠳᠤᠷ ᠤᠨ ᠰᠤᠨᠢᠨ