ᠽᠠᠨᠳᠡᠨᠵᠤᠤ ᠰᠤᠮᠤ ᠰᠢᠨ᠎ᠡ ᠰᠤᠷᠭᠤᠭ ᠡᠷᠳᠡᠨᠢ ᠰᠢᠰᠢ ᠶᠢᠨ ᠠᠵᠤ ᠦᠢᠯᠡᠰ ᠢ ᠬᠦᠭᠵᠢᠭᠦᠯᠵᠤ ᠪᠤᠢ
ᠨᠡᠶᠢᠲᠡᠯᠡᠭᠰᠡᠨ ᠴᠠᠭ᠄
2023/10/13
      ᠦᠢᠷ᠎ᠠ ᠶᠢᠨ ᠵᠢᠯ ᠳᠤ᠂ ᠲᠠᠯᠠᠳ ᠬᠤᠰᠢᠭᠤᠨ ᠤ ᠽᠠᠨᠳᠡᠨᠵᠤᠤ ᠰᠤᠮᠤ ᠨᠢ ︽  ᠵᠠᠰᠠᠭ ᠤᠨ ᠤᠷᠳᠤᠨ + ᠠᠵᠤ ᠠᠬᠤᠶᠢᠯᠠᠯ +  ᠲᠠᠷᠢᠶᠠᠴᠢᠨ ᠡᠷᠤᠭᠡ︾ ᠶᠢᠨ ᠵᠠᠬᠪᠤᠷ ᠢ ᠬᠡᠷᠡᠭᠵᠢᠭᠦᠯᠤᠨ᠂  ᠤᠨᠴᠠᠯᠢᠬᠳᠤ ᠲᠠᠷᠢᠮᠠᠯ ᠤᠨ ᠦᠢᠯᠡᠰ ᠢ ᠢᠳᠡᠪᠬᠢᠳᠠᠢ ᠬᠦᠭᠵᠢᠭᠦᠯᠵᠤ᠂  ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠵᠤ ᠪᠠᠶᠢᠨ᠎ᠠ᠃      ᠽᠠᠨᠳᠡᠵᠤᠤ ᠰᠤᠮᠤᠨ ᠤ  ᠬᠤᠷᠢᠶ᠎ᠠ᠂  ᠵᠠᠰᠠᠭ ᠤᠨ ᠤᠷᠳᠤᠨ ᠰᠢᠨ᠎ᠡ ᠰᠤᠷᠭᠤᠭ ᠡᠷᠳᠡᠨᠢ ᠰᠢᠰᠢ ᠶᠢᠨ ᠰᠢᠨ᠎ᠡ ᠲᠡᠵᠢᠭᠡᠯ ᠦᠨᠳᠤᠷ᠂  ᠬᠡᠷᠡᠭᠯᠡᠭᠡᠨ ᠤ ᠬᠡᠪᠴᠢᠶ᠎ᠡ ᠦᠷᠭᠡᠨ᠂  ᠵᠠᠬ᠎ᠠ ᠲᠡᠯᠭᠡᠭᠦᠷ ᠤᠨ ᠢᠷᠡᠭᠡᠳᠤᠢ ᠰᠠᠶᠢᠨ ᠪᠠᠶᠢᠬᠤ ᠶᠢ ᠪᠠᠶᠢᠴᠠᠭᠠᠵᠤ ᠮᠡᠳᠡᠭᠡᠳ ᠬᠠᠮᠢᠶ᠎ᠠ ᠪᠦᠭᠦᠢ ᠠᠵᠤ ᠠᠬᠤᠶᠢᠯᠠᠯ ᠲᠠᠢ ᠬᠤᠷᠰᠢᠨ ᠰᠢᠨ᠎ᠡ ᠰᠤᠷᠭᠤᠭ ᠡᠷᠳᠡᠨᠢ ᠰᠢᠰᠢ ᠶᠢᠨ ᠦᠢᠯᠡᠳᠪᠤᠷᠢ ᠶᠢ ᠪᠠᠶᠢᠭᠤᠯᠵᠤ᠂  ᠡᠷᠳᠡᠨᠢ ᠰᠢᠰᠢ ᠶᠢᠨ  ᠪᠤᠷᠤᠯᠠᠭᠤᠯᠭ᠎ᠠ ᠶᠢᠨ ᠲᠠᠯ᠎ᠠ ᠪᠠᠷ ᠪᠠᠳᠤᠯᠠᠭ᠎ᠠ ᠬᠠᠨᠭ᠍ᠭᠠᠬᠤ ᠶᠢᠨ ᠬᠠᠮᠳᠤ ᠦᠢᠯᠡᠳᠪᠤᠷᠢ  ᠶᠢᠨ ᠲᠠᠰᠤᠭ ᠲᠠᠭᠠᠨ ᠠᠵᠢᠯᠳᠡᠨ ᠡᠯᠰᠡᠬᠦ ᠪᠠᠷ ᠲᠠᠮᠵᠢᠨ ᠦᠢᠷ᠎ᠠ ᠤᠷᠴᠢᠮ ᠤᠨ ᠮᠠᠯᠴᠢᠨ ᠲᠠᠷᠢᠶᠠᠴᠢᠳ ᠤᠨ ᠠᠵᠢᠯ ᠤᠯᠭᠤᠯᠳᠡ ᠶᠢ ᠠᠬᠢᠭᠤᠯᠵᠤ ᠪᠠᠶᠢᠨ᠎ᠠ᠃      ᠡᠨᠡ ᠵᠢᠯ ᠽᠠᠨᠳᠠᠨᠵᠤᠤ ᠰᠤᠮᠤ ᠶᠢᠨ ᠲᠠᠷᠢᠶᠠᠴᠢᠳ ᠰᠢᠨ᠎ᠡ ᠰᠤᠷᠭᠤᠭ ᠡᠷᠳᠡᠨᠢ ᠰᠢᠰᠢ ᠪᠤᠯᠪᠠᠰᠤᠷᠠᠭᠤᠯᠬᠤ ᠦᠢᠯᠡᠳᠪᠤᠷᠢ ᠲᠠᠢ ᠵᠠᠬᠢᠶᠠᠯᠠᠭ᠎ᠠ ᠶᠢᠨ ᠭᠡᠷ᠎ᠡ ᠲᠤᠬᠳᠠᠵᠤ᠂  ᠪᠠᠷᠤᠭ 3000  ᠭᠠᠷᠤᠢ ᠮᠤ᠋  ᠰᠢᠨ᠎ᠡ ᠰᠤᠷᠭᠤᠭ ᠡᠷᠳᠡᠨᠢ ᠰᠢᠰᠢ ᠲᠠᠷᠢᠵᠤ᠂  ᠤᠳᠤ ᠶᠠᠭ ᠬᠤᠷᠢᠶᠠᠯᠳᠡ ᠶᠢᠨ ᠱᠠᠳᠤᠨ ᠳᠠᠭᠠᠨ ᠤᠷᠤᠭᠠᠳ ᠪᠤᠢ᠃ ᠪᠤᠷᠤᠯᠠᠭᠤᠯᠤᠬᠰᠡᠨ ᠤ ᠲᠠᠷᠠᠭᠠᠬᠢ ᠤᠷᠤᠯᠭ᠎ᠠ ᠶᠢ ᠡᠩ ᠤᠨ ᠡᠷᠳᠡᠨᠢ ᠰᠢᠰᠢ  ᠲᠠᠢ ᠬᠠᠷᠢᠴᠠᠭᠤᠯᠪᠡᠯ  ᠮᠤ᠋ ᠪᠦᠷᠢ ᠳᠤ 500  ᠲᠦᠭᠦᠷᠢᠭ ᠨᠡᠮᠡᠭᠳᠡᠭᠦᠯᠬᠦ ᠪᠤᠯᠤᠨ᠎ᠠ᠃    
ᠢᠷᠡᠯᠲᠡ᠄ ᠲᠤᠯᠠᠭᠠᠨ ᠰᠤᠨᠢᠨ ᠤ ᠸᠢᠴᠠᠲ ᠲᠠᠪᠴᠠᠩ