| | ᠤᠶᠢᠷ᠎ᠠ ᠶᠢᠨ ᠡᠳᠦᠷ᠂ ᠤᠷᠳᠤᠰ ᠤᠨ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ | ᠤᠳᠠᠭ᠎ᠠ ᠶᠢᠨ ᠬᠤᠷᠠᠯ ᠬᠤᠷᠠᠯᠳᠤᠵᠤ᠂ ᠲᠤᠷᠰᠢᠯᠲᠠ ᠶᠢᠨ ᠲᠠᠰᠤᠭ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ | ᠪᠤᠳᠤᠯᠭ᠎ᠠ ᠶᠢᠨ ᠪᠠᠲᠤᠯᠠᠭ᠎ᠠ᠂ ᠲᠦᠷᠢᠮ ᠲᠣᠭᠲᠠᠭᠠᠯ ᠵᠡᠷᠭᠡ ᠤᠴᠢᠷ ᠶᠠᠪᠤᠳᠡᠯ ᠤᠳ ᠢ ᠰᠤᠳᠤᠯᠤᠨ ᠬᠢᠨᠠᠨ ᠵᠥᠪᠯᠡᠪᠡ᠃ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠴᠢᠩᠬᠤᠸᠠ ᠶᠡᠭᠡ ᠰᠤᠷᠭᠠᠭᠤᠯᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ ᠶᠢᠨ ᠳᠡᠳ᠋ ᠡᠷᠬᠢᠯᠡᠭᠴᠢ᠂ | ᠫᠷᠤᠹᠧᠰᠰᠤᠷ ᠯᠢᠦᠢ ᠶᠠᠩ ᠴᠧᠩ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠡᠯᠪᠢᠵᠡᠢ᠃ | ᠳ᠋ᠦ᠋ ᠬᠤᠢ ᠯᠢᠶᠠᠩ ᠲᠤᠷᠰᠢᠯᠲᠠ ᠶᠢᠨ ᠲᠠᠰᠤᠭ ᠢ ᠪᠡᠯᠡᠳᠭᠡᠨ ᠪᠦᠳᠦᠭᠡᠨ ᠪᠠᠶᠢᠭᠤᠯᠤᠭᠰᠠᠨ ᠠᠴᠠ ᠨᠠᠭᠠᠰᠢᠬᠢ ᠡᠯ᠎ᠡ ᠲᠦᠷᠦᠯ ᠤᠨ ᠠᠵᠢᠯ ᠲᠡᠭᠡᠷ᠎ᠡ ᠣᠯᠤᠭᠰᠠᠨ | ᠢᠳᠡᠪᠬᠢᠲᠡᠢ ᠠᠬᠢᠴᠠ ᠶᠢ ᠭᠦᠢᠴᠡᠳ ᠨᠤᠲᠠᠯᠠᠪᠠ᠃ ᠲᠡᠷᠡ᠂ ᠤᠷᠳᠤᠰ ᠤᠨ ᠲᠤᠷᠰᠢᠯᠲᠠ ᠶᠢᠨ ᠲᠠᠰᠤᠭ ᠢ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ | ᠫᠢᠩ ᠤᠨ ᠡᠨᠧᠷᠭᠢ ᠶᠢᠨ ᠬᠤᠪᠢᠰᠬᠠᠯ ᠪᠣᠯᠤᠨ ︽ᠬᠤᠤᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠤᠳᠤᠯᠭ᠎ᠠ ᠶᠢᠨ ᠲᠤᠬᠠᠢ ᠴᠢᠬᠤᠯᠠ ᠥᠭᠦᠯᠡᠯᠲᠡ ᠶᠢ | ᠲᠤᠭᠤᠰᠢᠯᠠᠭᠤᠯᠬᠤ ᠪᠣᠳᠠᠲᠠᠢ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠴᠢᠳᠠᠪᠤᠷᠢᠲᠠᠨ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠣᠯᠤᠨ᠎ᠠ᠃ ᠰᠢᠨ᠎ᠡ ᠵᠠᠮ ᠢ | ᠨᠡᠭᠡᠭᠡᠵᠤ᠂ ᠲᠡᠷᠢᠭᠦᠨ ᠤ ᠬᠠᠷᠠᠯᠲᠠ ᠶᠢ ᠪᠠᠶᠠᠯᠠᠭᠦᠯᠭᠦ ᠳᠤ ᠴᠢᠭᠯᠡᠭᠦᠯᠦᠨ᠂ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠡᠯ᠎ᠡ | ᠲᠦᠷᠦᠯ ᠤᠨ ᠠᠵᠢᠯ ᠢ ᠰᠢᠰᠲ᠋ᠧᠮ ᠲᠠᠢ ᠲᠥᠯᠥᠪᠵᠢᠭᠦᠯᠵᠦ ᠠᠬᠢᠭᠤᠯᠬᠤ ᠬᠡᠷᠡᠭᠲᠡᠢ᠃ ᠬᠠᠷᠠᠯᠲᠠ ᠶᠢᠨ ᠪᠠᠶᠢᠷᠢ ᠲᠣᠭᠲᠠᠭᠠᠯᠲᠠ ᠶᠢᠨ ᠲᠠᠯ᠎ᠠ ᠪᠠᠷ ᠰᠢᠨ᠎ᠡ ᠵᠠᠮ ᠢ | ᠨᠡᠭᠡᠭᠡᠵᠦ᠂ ᠲᠡᠷᠢᠭᠦᠨ ᠤ ᠬᠢ ᠶᠢ ᠡᠭᠦᠳᠴᠦ᠂ ᠳᠡᠯᠡᠬᠡᠢ ᠶᠢᠨ ᠲᠡᠰ ᠤᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ | ᠴᠤᠬᠴᠠᠯᠠᠬᠤ ᠲᠤᠭᠤᠷᠢᠨ ᠳᠤ ᠦᠢᠯᠡᠴᠢᠯᠡᠵᠤ᠂ ᠳᠡᠯᠡᠬᠡᠢ ᠶᠢᠨ ᠲᠡᠰ ᠤᠨ ᠪᠠᠷᠢᠮᠵᠢᠶ᠎ᠠ ᠶᠢ ᠬᠠᠷᠠᠭᠠᠯᠠᠨ᠂ ᠲᠤᠷᠰᠢᠯᠲᠠ ᠶᠢᠨ ᠲᠠᠰᠤᠭ ᠢ ᠪᠦᠬᠦ ᠪᠥᠮᠪᠥᠷᠴᠡᠭ ᠤᠨ | ᠨᠥᠯᠥᠭᠡᠯᠡᠬᠦ ᠬᠦᠴᠦᠨ ᠪᠦᠬᠦᠢ ᠳᠡᠯᠡᠬᠡᠶᠢᠵᠢᠯᠲᠡ ᠶᠢᠨ ᠰᠢᠨ᠎ᠡ ᠶᠢ ᠡᠭᠦᠳᠬᠦ ᠭᠤᠯᠤᠮᠳᠠ ᠪᠠ ᠤᠯᠤᠰ ᠤᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃ | ᠴᠢᠳᠠᠪᠤᠷᠢᠲᠠᠨ ᠢ ᠬᠥᠮᠦᠵᠢᠭᠦᠯᠬᠦ ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠲᠡᠷᠢᠭᠦᠨ ᠤ ᠬᠢ ᠶᠢ ᠡᠭᠦᠳᠴᠦ᠂ ᠥᠨᠳᠥᠷ ᠪᠠᠷᠢᠮᠵᠢᠶ᠎ᠠ᠂ ᠥᠷᠭᠡᠨ ᠬᠠᠷᠠᠭᠠᠰᠤ ᠲᠠᠢ | ᠪᠠᠶᠢᠬᠤ ᠶᠢ ᠪᠠᠷᠢᠮᠲᠠᠯᠠᠨ᠂ ᠨᠡᠭᠡᠭᠡᠯᠲᠡᠲᠡᠢ ᠬᠠᠮᠵᠢᠯᠴᠠᠬᠤ ᠣᠶᠢᠯᠠᠭᠠᠭᠳᠠᠬᠤᠨ ᠢᠶᠠᠷ ᠴᠢᠳᠠᠪᠤᠷᠢᠲᠠᠨ ᠢ ᠡᠯᠰᠡᠵᠦ᠂ ᠲᠤᠰᠬᠠᠶᠢᠵᠢᠵᠤ ᠣᠷᠦ᠋ᠢᠯᠠᠬᠤ ᠶᠢ ᠤᠶᠠᠯᠳᠤᠭᠤᠯᠤᠭᠰᠠᠨ | ᠴᠢᠨᠠᠷ ᠰᠠᠶᠢᠲᠠᠢ ᠴᠢᠳᠠᠪᠤᠷᠢᠲᠠᠨ ᠤ ᠡ᠊ᠩᠨᠡᠭᠡ ᠶᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠲᠠᠯ᠎ᠠ ᠪᠠᠷ ᠰᠢᠨ᠎ᠡ ᠵᠠᠮ ᠢ | ᠨᠡᠭᠡᠭᠡᠵᠦ᠂ ᠲᠡᠷᠢᠭᠦᠨ ᠤ ᠬᠢ ᠶᠢ ᠡᠭᠦᠳᠴᠦ᠂ ᠵᠠᠰᠠᠭ᠂ ᠠᠵᠤ ᠠᠬᠤᠶᠢᠯᠠᠯ᠂ ᠰᠤᠳᠤᠯᠭᠠᠨ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ | ᠂ ᠨᠢᠭᠡ ᠪᠦᠯᠦᠭ ᠲᠠᠭᠤᠷᠢᠶᠡᠯ ᠦᠵᠡᠭᠦᠯᠬᠦ ᠲᠦᠷᠦᠯ ᠵᠦᠢᠯ ᠢ ᠲᠦᠷᠭᠡᠳᠭᠡᠨ ᠡᠭᠦᠳᠴᠤ᠂ ᠨᠢᠭᠡ ᠪᠦᠯᠦᠭ ᠪᠡᠯᠭᠡ ᠳᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠤᠢ | ᠪᠣᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠡᠷᠡᠭᠯᠡᠬᠦ ᠵᠠᠮ ᠢ ᠨᠡᠪᠲᠡᠷᠡᠭᠦᠯᠬᠦ ᠬᠡᠷᠡᠭᠲᠡᠢ᠃ ᠲᠣᠭᠲᠠᠴᠠ ᠶᠢᠨ ᠰᠢᠨ᠎ᠡ ᠶᠢ ᠡᠭᠦᠳᠬᠦ | ᠲᠠᠯ᠎ᠠ ᠪᠠᠷ ᠰᠢᠨ᠎ᠡ ᠵᠠᠮ ᠢ ᠨᠡᠭᠡᠭᠡᠵᠦ᠂ ᠲᠡᠷᠢᠭᠦᠨ ᠤ ᠬᠢ ᠶᠢ ᠡᠭᠦᠳᠴᠦ᠂ ᠬᠡᠷᠡᠭ ᠡᠷᠬᠢᠯᠡᠭᠴᠢᠳ ᠤᠨ ᠬᠤᠷᠠᠯ᠂ ᠡᠷᠳᠡᠮ ᠰᠢᠨᠵᠢᠯᠡᠭᠡᠨ ᠤ ᠵᠥᠪᠯᠡᠯ ᠪᠣᠯᠤᠨ ᠲᠡᠷᠢᠭᠦᠨ | ᠰᠢᠨᠵᠢᠯᠡᠬᠦ ᠤᠬᠠᠭᠠᠨᠲᠠᠨ ᠤ ᠦᠢᠯᠡᠳᠦᠯ ᠢ ᠰᠠᠶᠢᠲᠤᠷ ᠪᠠᠳᠠᠷᠠᠭᠤᠯᠦᠨ᠂ ᠭᠠᠳᠠᠭᠠᠳᠤ ᠲᠠᠢ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠲᠤᠷᠰᠢᠯᠲᠠ ᠶᠢᠨ ᠲᠠᠰᠤᠭ ᠤᠨ ᠥᠨᠳᠥᠷ ᠪᠦᠲᠦᠮᠵᠢᠲᠡᠢ ᠡᠷᠭᠢᠯᠳᠡ ᠶᠢ ᠠᠬᠢᠭᠤᠯᠬᠤ ᠬᠡᠷᠡᠭᠲᠡᠢ᠃ ᠦᠢᠯᠡᠴᠢᠯᠡᠭᠡ ᠪᠠᠲᠤᠯᠠᠭ᠎ᠠ ᠶᠢᠨ ᠲᠠᠯ᠎ᠠ ᠪᠠᠷ ᠰᠢᠨ᠎ᠡ ᠵᠠᠮ ᠢ ᠨᠡᠭᠡᠭᠡᠵᠦ | ᠂ ᠲᠡᠷᠢᠭᠦᠨ ᠤ ᠬᠢ ᠶᠢ ᠡᠭᠦᠳᠴᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠨ | ᠂ ᠲᠤᠷᠰᠢᠯᠲᠠ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠳᠤ ᠬᠦᠴᠦᠲᠡᠢ ᠳᠡᠮᠵᠢᠯᠭᠡ ᠪᠠᠲᠤᠯᠠᠭ᠎ᠠ ᠬᠠᠩᠭᠠᠬᠤ ᠬᠡᠷᠡᠭᠲᠡᠢ ᠬᠡᠵᠡᠢ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠴᠢᠩᠬᠤᠸᠠ ᠶᠡᠭᠡ ᠰᠤᠷᠭᠠᠭᠤᠯᠢ ᠶᠢᠨ | ᠬᠢᠮᠢ ᠶᠢᠨ ᠠᠵᠤ ᠦᠢᠯᠡᠳᠪᠦᠷᠢ ᠶᠢᠨ ᠰᠠᠯᠪᠤᠷᠢ ᠶᠢᠨ ᠫᠷᠤᠹᠧᠰᠰᠤᠷ ᠸᠧᠶ ᠹᠸᠢ᠂ ᠴᠢᠶᠠᠨ ᠸᠧᠶ ᠵᠥᠩ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠬᠤᠸᠠ ᠷᠦᠢ ᠹᠸᠡᠭ ᠬᠤᠷᠠᠯ ᠢ ᠡᠷᠭᠢᠯᠡᠪᠡ᠃ | | | |