10 ᠰᠠᠷ᠎ᠠ ᠶᠢᠨ 10 ᠠᠴᠠ 12 ᠤᠨ ᠡᠳᠦᠷ ᠪᠤᠯᠲᠠᠯ᠎ᠠ᠂ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠤᠨ ᠵᠠᠰᠠᠯᠲᠠ ᠪᠠ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ | | | | | ᠸᠠᠩ ᠯᠢ ᠰᠢᠶᠠ ᠲᠤᠰᠬᠠᠶᠢᠯᠠᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠵᠠᠰᠠᠬᠤ ᠴᠢᠬᠤᠯᠠᠲᠠᠢ ᠣᠷᠣᠨ ᠪᠦᠰᠡ ᠳᠤ ᠬᠦᠷᠴᠦ᠂ ᠨᠡᠭᠦᠳᠡᠯ | ᠡᠯᠡᠰᠦᠷᠬᠡᠭ ᠭᠠᠵᠠᠷ ᠤᠨ ᠲᠠᠷᠬᠠᠯᠲᠠ᠂ ᠬᠥᠮᠥᠨ ᠠᠮᠠ ᠶᠢᠨ ᠲᠤᠭ᠎ᠠ ᠪᠠ ᠪᠡᠯᠴᠢᠭᠡᠷᠯᠡᠭᠦᠯᠬᠦ ᠶᠢ ᠵᠣᠭᠰᠣᠭᠠᠭᠰᠠᠨ ᠪᠠᠶᠢᠳᠠᠯ ᠢ ᠣᠶᠢᠯᠠᠭᠠᠪᠠ᠃ ᠲᠡᠷᠡ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠣᠯ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ | ᠬᠤᠷᠢᠶ᠎ᠠ ᠠᠴᠠ ᠪᠢᠳᠡᠨ ᠳᠤ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠡᠷᠡᠰ ᠪᠠᠲᠤ ᠡᠷᠡᠰ ᠰᠢᠭᠤᠷᠬᠠᠢ᠂ ᠰᠢᠨᠵᠢᠯᠡᠬᠦ ᠤᠬᠠᠭᠠᠨᠴᠢ ᠪᠠᠷ | ᠵᠠᠰᠠᠵᠤ᠂ ᠨᠥᠬᠦᠪᠦᠷᠢ ᠶᠢᠨ ᠪᠠᠷᠢᠮᠵᠢᠶ᠎ᠠ ᠶᠢ ᠰᠠᠶᠢᠲᠤᠷ ᠲᠣᠭᠲᠠᠭᠠᠵᠤ᠂ ᠵᠠᠰᠠᠯᠲᠠ ᠶᠢᠨ ᠨᠠᠷᠢᠨ ᠲᠠᠩᠰᠠ ᠶᠢ ᠰᠠᠶᠢᠲᠤᠷ ᠪᠤᠳᠤᠵᠤ᠂ ︽ᠦᠢᠯᠡᠳᠪᠦᠷᠢᠯᠡᠯ᠂ ᠠᠮᠢ ᠠᠬᠤᠢ᠂ | ᠠᠮᠢᠳᠤᠷᠠᠯ︾ ᠢ ᠨᠢᠭᠡᠳᠬᠡᠬᠦ᠂ ᠨᠣᠭᠤᠭᠠᠷᠠᠭᠤᠯᠬᠤ ᠪᠠᠶᠠᠵᠢᠭᠤᠯᠬᠤ ᠶᠢ ᠵᠡᠷᠭᠡ ᠪᠠᠷ ᠪᠡᠶᠡᠯᠡᠭᠦᠯᠬᠦ ᠬᠡᠷᠡᠭᠲᠡᠢ ᠭᠡᠪᠡ᠃ | | | | | | | ᠸᠠᠩ ᠯᠢ ᠰᠢᠶᠠ ᠲᠠᠶᠢᠪᠤᠰᠧ ᠬᠤᠰᠢᠭᠤᠨ ᠤ ᠲᠠᠯ᠎ᠠ ᠨᠤᠲᠤᠭ ᠤᠨ ᠠᠷᠢᠬᠢ ᠨᠡᠷᠡᠬᠦ ᠺᠤᠮᠫᠠᠨᠢ᠂ ᠲᠠᠩ ᠾᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠭᠧ | ᠷᠦᠢ ᠳ᠋ᠧ ᠲᠥᠮᠥᠰᠥᠨ ᠤ ᠦᠷ᠎ᠡ ᠶᠢᠨ ᠦᠢᠯᠡᠰ ᠤᠨ ᠺᠤᠮᠫᠠᠨᠢ ᠶᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ᠂ ᠦᠢᠯᠡᠳᠪᠦᠷᠢᠯᠡᠯ ᠤᠨ ᠤᠷ᠎ᠠ | ᠮᠡᠷᠭᠡᠰᠢᠯ ᠪᠣᠯᠣᠨ ᠦᠢᠯᠡᠳᠬᠦᠨ ᠤ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠰᠢᠯᠢ ᠶᠢᠨ ᠭᠤᠣᠯ ᠨᠡᠶᠢᠰᠯᠡᠯ ᠠᠴᠠ ᠮᠠᠰᠢ ᠣᠶᠢᠷᠠᠬᠠᠨ᠂ ᠠᠷᠭ᠎ᠠ | ᠪᠤᠳᠤᠵᠤ ᠪᠠᠶᠢᠭᠠᠳ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠴᠤ᠂ ᠲᠥᠪᠯᠡᠷᠡᠭᠦᠯᠦᠨ ᠴᠤᠭᠯᠠᠷᠠᠭᠤᠯᠤᠨ ᠬᠥᠭᠵᠢᠭᠦᠯᠵᠦ᠂ ᠬᠡᠰᠡᠭ ᠬᠡᠰᠡᠭ ᠢᠶᠠᠷ ᠠᠳᠬᠤᠵᠤ | ᠪᠦᠲᠦᠭᠡᠬᠦ ᠬᠡᠷᠡᠭᠲᠡᠢ ᠭᠡᠪᠡ᠃ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠤ ᠦᠬᠡᠷ ᠪᠤᠶᠢᠵᠢᠭᠤᠯᠬᠤ ᠰᠠᠭᠤᠷᠢᠨ ᠪᠠ ᠬᠥᠪᠡᠭᠡᠲᠦ | ᠰᠢᠷ᠎ᠠ ᠬᠤᠰᠢᠭᠤᠨ ᠤ ᠳᠥᠰᠢ ᠦᠬᠡᠷ ᠬᠤᠨᠢ ᠪᠣᠷᠳᠣᠨ ᠲᠠᠷᠭᠤᠯᠠᠭᠤᠯᠬᠤ ᠲᠤᠰᠬᠠᠢ ᠬᠤᠷᠰᠢᠶ᠎ᠠ᠂ ᠨᠤᠮᠢᠨᠲᠠᠯᠠ ᠴᠠᠭᠠᠨ ᠢᠳᠡᠭᠡᠨ ᠤ ᠭᠠᠷ ᠦᠢᠯᠡᠳᠬᠡᠯ ᠤᠨ ᠭᠠᠵᠠᠷ ᠲᠤ | ᠂ ᠲᠡᠷᠡ᠂ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠳᠠᠭᠠᠭᠤᠯᠤᠭᠴᠢ ᠠᠵᠤ ᠠᠬᠤᠶᠢᠯᠠᠯ ᠢ ᠴᠣᠭᠴᠠᠯᠠᠵᠤ᠂ ᠳᠠᠷᠢᠵᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠶᠢ | ᠬᠡᠯᠬᠢᠶᠡᠵᠢᠭᠦᠯᠦᠨ᠂ ᠪᠦᠭᠦ ᠬᠡᠯᠬᠢᠶ᠎ᠡ ᠪᠠᠷ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠵᠢᠵᠢᠭ ᠦᠢᠯᠡᠳᠬᠡᠯ᠂ ᠪᠠᠭ᠎ᠠ ᠠᠵᠤ ᠠᠬᠤᠶᠢᠯᠠᠯ ᠤᠨ ᠦᠢᠯᠡᠳᠪᠦᠷᠢᠯᠡᠯ᠂ | ᠡᠵᠡᠩᠨᠡᠯᠲᠡ᠂ ᠪᠣᠷᠤᠯᠠᠭᠤᠯᠭ᠎ᠠ ᠶᠢᠨ ᠵᠠᠭᠪᠤᠷ ᠢ ᠰᠢᠨᠡᠴᠢᠯᠡᠵᠦ᠂ ︽ᠰᠢᠨ᠎ᠡ ᠬᠦᠴᠦᠨ ᠭᠡᠨᠡᠳᠲᠡ ᠢᠯᠡᠷᠡᠬᠦ︾ ᠪᠥᠭᠡᠳ ︽ᠲᠡᠭᠷᠢ ᠭᠠᠵᠠᠷ ᠢ ᠪᠦᠷᠭᠦᠮᠡ︾ | ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | | | | | ᠸᠠᠩ ᠯᠢ ᠰᠢᠶᠠ ᠪᠠᠰᠠ ᠺᠠᠢ ᠳ᠋ᠠ ᠾᠧᠩ ᠶᠧ ᠢᠳᠡᠭᠡᠨ ᠤ ᠺᠤᠮᠫᠠᠨᠢ᠂ ᠪᠠᠢ ᠬᠤᠢ ᠱᠧᠩ ᠰᠢᠬᠢᠷ ᠤᠨ ᠦᠢᠯᠡᠰ ᠤᠨ ᠺᠤᠮᠫᠠᠨᠢ ᠵᠡᠷᠭᠡ 8 ᠠᠵᠤ ᠠᠬᠤᠶᠢᠯᠠᠯ ᠤᠨ | ᠬᠠᠷᠢᠭᠤᠴᠠᠯᠭᠠᠲᠠᠨ ᠲᠠᠢ ᠬᠠᠮᠲᠤ ᠰᠠᠭᠤᠵᠤ᠂ ᠲᠦᠷᠦ ᠶᠢᠨ ᠪᠤᠳᠤᠯᠭ᠋᠎ᠠ ᠶᠢ ᠨᠠᠷᠢᠨ ᠲᠠᠶᠢᠯᠪᠤᠷᠢᠯᠠᠵᠤ᠂ ᠤᠯᠠᠨ ᠲᠠᠢ ᠬᠠᠮᠲᠤ ᠪᠠᠷ ᠬᠦᠴᠢᠷ ᠠᠰᠠᠭᠤᠳᠠᠯ ᠢ | ᠰᠢᠢᠳᠪᠦᠷᠢᠯᠡᠵᠦ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠪᠡ᠃ ᠣᠯᠠᠨ ᠤ ᠳᠤᠷᠠᠳᠤᠭᠰᠠᠨ ᠡᠵᠡᠩᠨᠡᠯᠲᠡ ᠶᠢᠨ ᠥᠪᠡᠷ ᠤᠨ ᠥᠷᠲᠡᠭ ᠨᠡᠮᠡᠭᠳᠡᠭᠰᠡᠨ᠂ ᠠᠵᠤ | ᠠᠬᠤᠶᠢᠯᠠᠯ ᠤᠨ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠢ ᠪᠡᠯᠡ ᠮᠥᠩᠭᠦ ᠴᠤᠭᠯᠠᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠸᠠᠩ | ᠯᠢ ᠰᠢᠶᠠ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠱᠠᠯᠠᠪᠳᠠᠨ ᠰᠢᠢᠳᠪᠦᠷᠢᠯᠡᠬᠦ ᠶᠢᠨ ᠬᠠᠮᠲᠤ | ᠬᠠᠷᠢᠭᠤᠴᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ᠂ ᠠᠵᠤ ᠠᠬᠤᠶᠢᠯᠠᠯ ᠲᠤᠬᠠᠶᠢᠯᠠᠭᠰᠠᠨ ᠠᠵᠢᠯ ᠳᠠᠭᠠᠨ | ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠲᠡᠪᠴᠢᠵᠦ᠂ ᠨᠢᠭᠡ ᠲᠠᠯ᠎ᠠ ᠪᠠᠷ ᠶᠠᠰᠤ ᠴᠢᠨᠠᠷ ᠤᠨ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠵᠤ᠂ ᠪᠦᠭᠦ ᠬᠡᠯᠬᠢᠶᠡᠨ ᠤ ᠶᠠᠰᠤ ᠴᠢᠨᠠᠷ ᠤᠨ ᠪᠣᠭᠤᠮᠲᠠ ᠶᠢ ᠪᠠᠲᠤ ᠰᠠᠬᠢᠬᠤ ᠭᠡᠷᠡᠭᠲᠡᠢ︔ ᠨᠥᠭᠦᠭᠡ ᠲᠠᠯ᠎ᠠ ᠪᠠᠷ ᠶᠠᠰᠤ ᠴᠢᠨᠠᠷ | ᠲᠥᠷᠥᠯ ᠲᠡᠮᠳᠡᠭ ᠤᠨ ᠥᠨᠳᠥᠷ ᠪᠠᠷᠢᠮᠵᠢᠶ᠎ᠠ ᠶᠢ ᠪᠤᠶ ᠪᠤᠯᠭᠠᠵᠤ᠂ ᠠᠵᠤ ᠠᠬᠤᠶᠢᠯᠠᠯ ᠡᠮᠦᠨ᠎ᠡ ᠨᠢ ᠶᠠᠪᠤᠬᠤ᠂ ᠵᠠᠰᠠᠭ ᠤᠨ ᠣᠷᠳᠣᠨ ᠠᠬᠢᠭᠤᠯᠬᠤ ᠶᠢ ᠪᠠᠷᠢᠮᠲᠠᠯᠠᠨ᠂ | ᠲᠥᠷᠥᠯ ᠲᠡᠮᠳᠡᠭ ᠤᠨ ᠡᠵᠡᠩᠨᠡᠨ ᠪᠣᠷᠣᠯᠠᠭᠤᠯᠬᠤ ᠡᠷᠴᠢᠮ ᠢ ᠴᠢᠩᠭᠠᠷᠠᠭᠤᠯᠵᠤ᠂ ᠦᠨᠡᠨ ᠪᠣᠳᠠᠲᠠᠢ ᠰᠢᠯᠢᠳᠡᠭ ᠶᠠᠰᠤ ᠴᠢᠨᠠᠷ ᠢᠶᠠᠷ ᠵᠠᠬ᠎ᠠ ᠳᠡᠯᠭᠡᠭᠦᠷ ᠢ ᠡᠵᠡᠯᠡᠬᠦ ᠬᠡᠷᠡᠭᠲᠡᠢ | ᠃ ᠡᠯ᠎ᠡ ᠱᠠᠲᠤᠨ ᠤ ᠵᠠᠰᠠᠭ ᠤᠨ ᠣᠷᠳᠣᠨ ᠳᠣᠲᠣᠨᠣ ᠴᠢᠬᠡᠴᠢ ᠨᠢᠭᠡᠳᠦᠯᠲᠡᠢ ᠪᠠᠶᠢᠬᠤ ᠰᠢᠨ᠎ᠡ ᠭᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ | ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠬᠥᠭᠵᠢᠨ | ᠪᠤᠵᠠᠭᠠᠶᠢᠷᠠᠬᠤ ᠶᠢ ᠵᠣᠷᠢᠭᠲᠠᠢ ᠪᠠᠷ ᠳᠡᠮᠵᠢᠬᠦ ᠬᠡᠷᠡᠭᠲᠡᠢ ᠭᠡᠪᠡ᠃ | |