ᠯᠢ ᠯᠢ ᠳᠠᠯᠠᠳ ᠬᠤᠰᠢᠭᠤᠨ ᠳᠤ ᠭᠤᠤᠯ ᠰᠡᠳᠦᠪᠳᠦ ᠬᠦᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠯᠤᠭᠤᠳᠪᠠ
ᠨᠡᠶᠢᠲᠡᠯᠡᠭᠰᠡᠨ ᠴᠠᠭ᠄
2023/10/17
                 ᠤᠶᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠳᠠᠯᠠᠳ ᠬᠤᠰᠢᠭᠤᠨ ᠳᠤ ᠭᠤᠤᠯ ᠰᠡᠳᠦᠪᠳᠦ ᠬᠦᠮᠦᠵᠢᠯ ᠤᠨ ᠠᠵᠢᠯ ᠢ ᠪᠠᠶᠢᠴᠠᠭᠠᠨ ᠰᠤᠳᠤᠯᠵᠤ᠂ ᠳᠤᠮᠳᠠᠳᠤ ᠭᠧᠷᠮᠠᠨ ᠤ ᠨᠢᠭᠤᠭᠳᠠᠮᠠᠯ ᠮᠠᠩᠯᠠᠶᠢᠯᠠᠭᠴᠢ ᠠᠵᠦ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢ ᠪᠠᠶᠢᠴᠠᠭᠠᠨ ᠰᠤᠳᠤᠯᠤᠭᠰᠠᠨ ᠤ ᠬᠠᠮᠳᠤ ᠶᠠᠷᠢᠯᠴᠠᠬᠤ ᠬᠤᠷᠠᠯ ᠢ ᠡᠷᠬᠢᠯᠠᠨ ᠬᠤᠷᠠᠯᠳᠤᠭᠤᠯᠪᠠ᠃

1.jpg

      

     ᠰᠢ ᠶᠤᠸᠠᠨ ᠵᠡᠭᠡᠯᠡᠢ ᠭᠤᠳᠤᠮᠵᠢ ᠶᠢᠨ ᠸᠧᠨ ᠶᠤᠸᠠᠨ ᠨᠡᠶᠢᠬᠡᠮ ᠳᠤᠭᠤᠷᠢᠭ ᠲᠤ᠂ ᠯᠢ ᠯᠢ ᠨᠡᠶᠢᠬᠡᠮ ᠳᠤᠭᠤᠷᠢᠭ ᠤᠨ ᠪᠠᠶᠢᠭᠤᠯᠤᠯᠳᠠ ᠪᠤᠯᠤᠨ ᠭᠤᠤᠯ ᠰᠡᠳᠤᠪᠳᠤ

ᠬᠦᠮᠦᠵᠢᠯ ᠢ ᠶᠠᠪᠤᠭᠳᠠᠭᠤᠯᠤᠭᠰᠠᠨ ᠪᠠᠶᠢᠳᠠᠯ ᠤᠨ ᠳᠠᠨᠢᠯᠴᠠᠭᠤᠯᠭ᠎ᠠ ᠶᠢ ᠰᠤᠨᠤᠰᠴᠠᠢ᠃ ᠳᠡᠷᠡ᠂《ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ

ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ 》ᠶᠡᠷᠦᠩᠬᠡᠢ ᠱᠠᠭᠠᠷᠳᠠᠯᠭ᠎ᠠ ᠶᠢ ᠪᠠᠳᠤ ᠡᠵᠡᠮᠰᠢᠵᠦ᠂ ᠶᠡᠷᠦᠩᠬᠡᠢ ᠱᠦᠵᠢ ᠰᠢ

 ᠶᠢᠨ ᠫᠢᠩ ᠤᠨ《ᠳᠠᠪᠤ ᠶᠢ ᠨᠡᠩ ᠴᠢᠬᠤᠯᠠᠴᠢᠯᠠᠬᠤ》ᠴᠢᠬᠤᠯᠠ ᠱᠠᠭᠠᠷᠳᠠᠯᠭ᠎ᠠ ᠶᠤᠰᠤᠭᠠᠷ᠂《 ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠤᠨᠤᠰᠬᠤ᠂

ᠨᠠᠮ ᠢᠶᠠᠨ ᠳᠠᠭᠠᠬᠤ》ᠤᠯᠠᠨ ᠲᠦᠮᠡᠨ ᠤ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠭᠡᠢ ᠦᠷᠨᠢᠭᠦᠯᠵᠦ᠂ ᠳᠦᠷᠦᠯ ᠬᠤᠪᠢᠶᠠᠨ ᠵᠢᠯᠤᠭᠤᠳᠬᠤ ᠶᠢ

ᠴᠢᠩᠭᠠᠳᠬᠠᠨ᠂ ᠠᠴᠢᠶᠠᠯᠠᠪᠤᠷᠢ ᠶᠢᠨ ᠬᠡᠯᠪᠡᠷᠢ ᠶᠢ ᠪᠠᠶᠠᠯᠢᠭᠵᠢᠭᠤᠯᠵᠤ᠂ ᠭᠤᠤᠯ ᠰᠡᠳᠤᠪᠳᠤ ᠬᠦᠮᠦᠵᠢᠯ ᠤᠨ ᠪᠤᠳᠠᠳᠤ ᠪᠦᠳᠦᠮᠵᠢ ᠤᠯᠬᠤ ᠶᠢ ᠠᠬᠢᠭᠤᠯᠬᠤ ᠬᠡᠷᠡᠭᠳᠡᠢ

ᠭᠡᠵᠡᠢ᠃

2.jpg

   

      ᠳᠠᠯᠠᠳ ᠬᠤᠰᠢᠭᠤᠨ ᠤ ᠨᠢᠭᠤᠭᠳᠠᠮᠠᠯ ᠮᠠᠩᠯᠠᠶᠢᠯᠠᠭᠴᠢ ᠵᠦᠩ ᠰᠢᠦᠸᠠᠨ ᠠᠮᠢᠳᠤ ᠪᠤᠳᠠᠰ ᠤᠨ ᠬᠢᠮᠢ ᠶᠢᠨ ᠤᠯᠠᠭᠠᠨ ᠬᠦᠪᠳᠦ ᠶᠢᠨ ᠰᠢᠬᠢᠷ ᠤᠨ ᠠᠯᠺᠦᠦᠯ᠂ ᠬᠤᠢ

ᠳ᠋ᠠ ᠶᠢᠨ ᠭᠡᠷᠡᠯ ᠴᠡᠨᠡᠭ ᠤᠨ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠳᠤᠬᠠᠢ ᠶᠢᠨ ᠲᠠᠯᠠᠪᠠᠢ ᠳᠤ᠂ ᠯᠢ ᠯᠢ ᠠᠵᠦ ᠦᠢᠯᠡᠰ ᠤᠨ ᠳᠦᠯᠦᠪᠵᠢᠭᠦᠯᠭᠡ

ᠪᠤᠯᠤᠨ ᠳᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠨᠠᠷᠢᠨ ᠤᠶᠢᠯᠠᠭᠠᠪᠠ᠃

      ᠶᠠᠷᠢᠯᠴᠠᠬᠤ ᠬᠤᠷᠠᠯ ᠳᠡᠭᠡᠷ᠎ᠡ᠂ ᠯᠢ ᠯᠢ ᠳᠤᠮᠳᠠᠳᠤ ᠭᠧᠷᠮᠠᠨ ᠤ ᠨᠢᠭᠤᠭᠳᠠᠮᠠᠯ ᠮᠠᠩᠯᠠᠶᠢᠯᠠᠭᠴᠢ ᠠᠵᠦ ᠦᠢᠯᠡᠰ ᠤᠨ ᠬᠦᠷᠢᠶᠡᠯᠡᠩ ᠤᠨ ᠪᠦᠳᠦᠭᠡᠨ

ᠪᠠᠶᠢᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠳᠡ ᠪᠤᠯᠤᠨ ᠵᠠᠷᠢᠮ ᠠᠵᠦ ᠠᠬᠤᠶᠢᠯᠠᠯ ᠤᠨ ᠬᠠᠷᠢᠭᠤᠴᠠᠯᠭᠠᠳᠠᠨ ᠤ ᠶᠠᠷᠢᠶ᠎ᠠ ᠶᠢ ᠰᠤᠨᠤᠰᠤᠭᠰᠠᠨ ᠤ ᠳᠠᠷᠠᠭ᠎ᠠ᠂

ᠠᠵᠦ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠶᠢ ᠨᠤᠳᠠᠯᠠᠵᠦ ᠪᠠᠶᠢᠬᠤ ᠪᠠᠨ ᠢᠯᠡᠳᠬᠡᠪᠡ᠃ ᠯᠢ ᠯᠢ᠂ ᠠᠵᠦ ᠦᠢᠯᠡᠰ ᠤᠨ ᠬᠡᠯᠪᠡᠷᠢ ᠶᠢ

ᠬᠤᠪᠢᠷᠠᠭᠤᠯᠤᠨ ᠳᠡᠰ ᠳᠠᠪᠰᠢᠬᠦᠯᠬᠦ ᠶᠢ ᠠᠬᠢᠭᠤᠯᠬᠤ ᠶᠢᠨ ᠵᠠᠩᠭᠢᠯᠠᠭ᠎ᠠ ᠨᠢ ᠦᠢᠯᠡᠳᠪᠤᠷᠢ ᠶᠢᠨ ᠬᠦᠷᠢᠶᠡᠯᠡᠩ ᠳᠤᠭᠤᠷᠢᠭ ᠲᠤ ᠪᠤᠢ᠃

《ᠳᠤᠰᠬᠠᠶᠢᠵᠢᠭᠤᠯᠬᠤ》ᠳᠡᠭᠡᠷ᠎ᠡ ᠬᠦᠴᠦ ᠳᠠᠯᠪᠢᠵᠦ᠂ ᠬᠦᠷᠢᠶᠡᠯᠡᠩ ᠳᠤᠭᠤᠷᠢᠭ ᠤᠨ ᠪᠠᠶᠢᠷᠢ ᠳᠤᠭᠳᠠᠭᠠᠯᠳᠠ ᠶᠢ ᠳᠤᠰᠬᠠᠶᠢᠵᠢᠭᠤᠯᠤᠨ᠂ ᠠᠵᠦ ᠦᠢᠯᠡᠰ ᠤᠨ

ᠪᠠᠶᠢᠷᠢᠰᠢᠭᠤᠯᠤᠯᠳᠠ ᠶᠢ ᠳᠤᠰᠬᠠᠶᠢᠵᠢᠭᠤᠯᠵᠦ᠂ ᠠᠵᠦ ᠠᠬᠤᠶᠢᠯᠠᠯ ᠤᠨ ᠪᠤᠶᠢᠵᠢᠯᠳᠠ ᠳᠤ ᠠᠩᠬᠠᠷᠤᠯ ᠢᠶᠠᠨ ᠳᠦᠪᠯᠡᠷᠬᠦᠯᠵᠦ᠂ ᠪᠦᠬᠦ ᠬᠤᠳᠠ ᠶᠢᠨ ᠳᠤᠰᠬᠠᠢ ᠨᠠᠷᠢᠯᠢᠭ᠂

ᠰᠢᠨ᠎ᠡ ᠬᠤᠰᠢᠭᠤᠴᠢ ᠤᠷᠤᠨ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠨᠡᠮᠡᠭᠳᠡᠯ ᠤᠨ ᠳᠤᠶᠢᠯ᠂ ᠳᠤᠮᠳᠠ ᠵᠢᠵᠢᠭ ᠠᠵᠦ ᠠᠬᠤᠶᠢᠯᠠᠯ ᠤᠨ

ᠬᠦᠭᠵᠢᠯᠳᠡ ᠶᠢᠨ ᠳᠠᠭᠤᠷᠢᠶᠠᠯ ᠦᠵᠡᠬᠦᠯᠬᠦ ᠤᠷᠤᠨ᠂ ᠳᠤᠮᠳᠠᠳᠤ ᠭᠧᠷᠮᠠᠨ ᠤ ᠠᠵᠦ ᠠᠬᠤᠢ ᠶᠢᠨ ᠶᠠᠪᠤᠯᠴᠠᠭ᠎ᠠ ᠬᠢᠭᠡᠳ ᠨᠡᠭᠡᠭᠡᠯᠳᠡ ᠬᠠᠮᠳᠤᠷᠠᠯᠴᠠᠭ᠎ᠠ ᠶᠢᠨ ᠰᠢᠨ᠎ᠡ

ᠴᠤᠩᠬᠤᠪᠴᠢ ᠶᠢ ᠴᠢᠷᠮᠠᠶᠢᠨ ᠪᠤᠢ ᠪᠤᠯᠭᠠᠬᠤ ᠬᠡᠷᠡᠭᠳᠡᠢ᠃《ᠨᠠᠷᠢᠯᠢᠭ》ᠪᠠᠶᠢᠬᠤ ᠳᠡᠭᠡᠷ᠎ᠡ ᠬᠦᠴᠦ ᠳᠠᠯᠪᠢᠵᠦ᠂ ᠳᠦᠷᠦᠯ ᠵᠦᠢᠯ ᠳᠤ ᠨᠠᠷᠢᠨ ᠨᠢᠮᠪᠡᠢ ᠦᠢᠯᠡᠴᠢᠯᠡᠨ᠂

ᠨᠠᠷᠢᠯᠢᠭ ᠤᠨᠤᠴᠢᠳᠠᠢ ᠪᠠᠷ ᠠᠷᠠᠯᠵᠢᠶᠠᠴᠢᠨ ᠤᠷᠢᠵᠦ᠂ ᠪᠡᠯᠡ ᠤᠷᠤᠭᠤᠯᠤᠨ ᠠᠪᠴᠢᠷᠠᠵᠦ᠂ ᠠᠵᠦ ᠠᠬᠤᠶᠢᠯᠠᠯ ᠤᠨ ᠬᠠᠮᠢᠶᠠᠷᠤᠯᠳᠠ ᠶᠢ ᠨᠠᠷᠢᠯᠢᠭᠵᠢᠭᠤᠯᠵᠦ᠂ ᠠᠵᠦ

ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ᠃《 ᠤᠨᠴᠠᠭᠠᠢ》ᠳᠡᠭᠡᠷ᠎ᠡ ᠬᠦᠴᠦ ᠳᠠᠯᠪᠢᠵᠦ᠂ ᠦᠪᠡᠷᠮᠢᠴᠡ ᠪᠦᠳᠦᠭᠡᠭᠳᠡᠭᠦᠨ ᠢ

ᠡᠭᠦᠳᠦᠨ᠂ ᠦᠪᠡᠷᠮᠢᠴᠡ ᠠᠵᠦ ᠦᠢᠯᠡᠰ ᠢ ᠬᠦᠭᠵᠢᠬᠦᠯᠵᠦ᠂ ᠦᠪᠡᠷᠮᠢᠴᠡ ᠳᠠᠪᠠᠭᠤᠯᠢᠭ ᠢ ᠵᠤᠵᠠᠭᠠᠳᠬᠠᠨ᠂ ᠳᠠᠪᠠᠭᠤᠯᠢᠭ ᠳᠤᠪᠤᠶᠢᠮ᠎ᠠ ᠠᠵᠦ ᠦᠢᠯᠡᠰ ᠤᠨ

ᠰᠦᠷᠦᠭᠵᠢᠯ ᠢ ᠴᠤᠭᠴᠠᠯᠠᠬᠤ ᠬᠡᠷᠡᠭᠳᠡᠢ᠃《ᠰᠢᠨ᠎ᠡ》ᠳᠡᠭᠡᠷ᠎ᠡ ᠬᠦᠴᠦ ᠳᠠᠯᠪᠢᠵᠦ᠂ ᠰᠢᠨ᠎ᠡ ᠶᠢ ᠡᠬᠦᠳᠬᠦ ᠪᠠᠷ ᠬᠦᠳᠦᠯᠦᠨ ᠳᠠᠭᠠᠭᠤᠯᠬᠤ ᠶᠢ ᠳᠤᠪᠤᠶᠢᠯᠭᠠᠨ᠂

ᠴᠢᠳᠠᠪᠤᠷᠢᠳᠠᠨ ᠢ ᠬᠦᠮᠦᠵᠢᠬᠦᠯᠬᠦ ᠶᠢ ᠳᠦᠷᠭᠡᠳᠬᠡᠵᠦ᠂ ᠠᠵᠦ ᠠᠬᠤᠶᠢᠯᠠᠯ ᠤᠨ ᠰᠢᠨ᠎ᠡ ᠶᠢ ᠡᠬᠦᠳᠬᠦ ᠭᠤᠤᠯ ᠴᠤᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠪᠦᠬᠦ

ᠬᠤᠳᠠ ᠶᠢᠨ ᠰᠢᠨ᠎ᠡ ᠶᠢ ᠡᠬᠦᠳᠬᠦ ᠬᠦᠭᠵᠢᠯᠳᠡ ᠳᠤ ᠰᠢᠨ᠎ᠡ ᠵᠠᠮ ᠨᠡᠭᠡᠭᠡᠵᠦ ᠦᠭᠬᠦ ᠬᠡᠷᠡᠭᠳᠡᠢ᠃ ᠡᠬᠦᠨ ᠤ ᠬᠠᠮᠳᠤ ᠠᠶᠤᠯ ᠦᠭᠡᠢ ᠦᠢᠯᠡᠳᠪᠤᠷᠢᠯᠡᠯ᠂ ᠬᠤᠳᠠᠯᠳᠤᠭ᠎ᠠ

ᠡᠷᠬᠢᠯᠡᠬᠦ ᠤᠷᠴᠢᠨ ᠠᠬᠤᠢ ᠶᠢ ᠰᠢᠯᠢᠳᠡᠭᠵᠢᠬᠦᠯᠬᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠶᠢ ᠳᠡᠮᠵᠢᠬᠦ ᠵᠡᠷᠭᠡ ᠠᠵᠢᠯ ᠢ ᠰᠠᠶᠢᠳᠤᠷ ᠠᠳᠬᠤᠵᠦ᠂ ᠡᠯ᠎ᠡ

ᠳᠦᠷᠦᠯ ᠤᠨ ᠠᠵᠢᠯ ᠦᠢᠯᠡᠰ ᠤᠨ ᠳᠠᠬᠢᠨ ᠰᠢᠨ᠎ᠡ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠡᠢ ᠭᠡᠵᠡᠢ᠃

3.jpg

     

      ᠬᠤᠳᠠ ᠶᠢᠨ ᠤᠳᠤᠷᠢᠳᠤᠯᠭ᠎ᠠ ᠯᠢᠦ ᠹᠧᠩ ᠶᠦᠨ ᠪᠠᠶᠢᠴᠠᠭᠠᠨ ᠰᠤᠳᠤᠯᠤᠯᠳᠠ ᠳᠤ ᠤᠷᠤᠯᠴᠠᠭᠰᠠᠨ ᠤ ᠬᠠᠮᠳᠤ ᠶᠠᠷᠢᠯᠴᠠᠬᠤ ᠬᠤᠷᠠᠯ ᠳᠤ ᠤᠷᠤᠯᠴᠠᠵᠦ᠂ ᠡᠤ

ᠵᠢᠶᠠᠨ ᠰᠢᠶᠦ᠋ᠨ ᠶᠠᠷᠢᠯᠴᠠᠬᠤ ᠬᠤᠷᠠᠯ ᠳᠤ ᠤᠷᠤᠯᠴᠠᠪᠠ᠃ ᠬᠤᠰᠢᠭᠤᠨ ᠤ ᠤᠳᠤᠷᠢᠳᠤᠯᠭ᠎ᠠ ᠵᠠᠩ ᠰᠢᠦ ᠯᠢᠩ ᠪᠠᠶᠢᠴᠠᠭᠠᠨ ᠰᠤᠳᠤᠯᠤᠯᠳᠠ ᠳᠤ ᠤᠷᠤᠯᠴᠠᠬᠤ ᠶᠢᠨ

ᠬᠠᠮᠳᠤ ᠶᠠᠷᠢᠯᠴᠠᠬᠤ ᠬᠤᠷᠠᠯ ᠳᠤ ᠤᠷᠤᠯᠴᠠᠨ᠂ ᠸᠠᠩ ᠰᠢᠶᠤᠤ ᠫᠢᠩ᠂ ᠶᠦᠨ ᠰᠢᠶᠤᠤ ᠫᠢᠩ ᠶᠠᠷᠢᠯᠴᠠᠬᠤ ᠬᠤᠷᠠᠯ ᠳᠤ ᠤᠷᠤᠯᠴᠠᠪᠠ᠃

       

   

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ