1 — 9 ᠰᠠᠷ᠎ᠠ ᠳᠤ ᠪᠦᠭᠦ ᠬᠤᠳᠠ ᠶᠢᠨ ︽ᠨᠢᠭᠡ ᠺᠠᠷᠲ︾ ᠪᠠᠷ ᠳᠠᠷᠬᠠᠭᠠᠬᠰᠠᠨ ᠡᠳ᠋ ᠤᠨ ᠵᠠᠰᠠᠭ ᠤᠨ ᠨᠦᠭᠦᠪᠤᠷᠢ ᠮᠦᠡᠭᠭᠦ 34.9 ᠳ᠋ᠦᠡᠭᠰᠢᠭᠤᠷ ᠲᠦᠭᠦᠷᠢᠭ ᠢ ᠲᠠᠪᠠᠵᠡᠢ
ᠨᠡᠶᠢᠲᠡᠯᠡᠭᠰᠡᠨ ᠴᠠᠭ᠄
2023/10/17
     1 — 9 ᠰᠠᠷ᠎ᠠ ᠳᠤ᠂ ᠪᠦᠭᠦ ᠬᠤᠳᠠ ᠶᠢᠨ ︽ᠨᠢᠭᠡ ᠺᠠᠷᠲ︾ ᠪᠠᠷ ᠳᠠᠷᠬᠠᠭᠠᠬᠰᠠᠨ ᠡᠳ᠋ ᠤᠨ ᠵᠠᠰᠠᠭ ᠤᠨ ᠨᠦᠭᠦᠪᠤᠷᠢ ᠮᠦᠡᠭᠭᠦ ᠨᠡᠶᠢᠳᠡ 349146.34 ᠲᠦᠮᠡᠨ ᠲᠦᠭᠦᠷᠢᠭ ᠪᠠᠶᠢᠵᠤ᠂ 2294547 ᠬᠥᠮᠦᠨ ᠤᠳᠠᠭ᠎ᠠ ᠳᠤ ᠠᠰᠢᠭ ᠬᠦᠷᠲᠡᠭᠡᠵᠦ᠂ 10 ᠬᠦᠷᠢᠶ᠎ᠠ ᠴᠠᠷᠠᠭᠠᠨ ᠤ 93 ᠲᠥᠷᠥᠯ ᠤᠨ 114 ᠵᠦᠢᠯ ᠤᠨ ᠨᠥᠬᠦᠪᠥᠷᠢ ᠳᠤ ᠬᠤᠯᠪᠣᠭᠳᠠᠵᠠᠶ᠃ ᠡᠭᠦᠨ ᠳᠤ᠄ ᠲᠥᠪ᠂ ᠥᠪᠡᠷᠲᠡᠭᠡᠨ ᠵᠠᠰᠠᠬᠤ ᠣᠷᠣᠨ ᠠᠴᠠ 145200.14 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠵᠤ᠂ ᠬᠤᠲᠠ ᠶᠢᠨ ᠱᠠᠲᠤ ᠪᠠ ᠬᠤᠰᠢᠭᠤ ᠲᠣᠭᠤᠷᠢᠭ ᠠᠴᠠ 203946.20 ᠲᠦᠮᠡᠨ ᠲᠥᠭᠦᠷᠢᠭ ᠤᠨ ᠨᠥᠬᠦᠪᠥᠷᠢ ᠲᠠᠷᠬᠠᠭᠠᠵᠠᠢ᠃      ᠨᠥᠬᠦᠪᠥᠷᠢ ᠮᠦᠡᠭᠭᠦ ᠲᠠᠷᠬᠠᠭᠠᠬᠤ ᠬᠦᠷᠢᠶ᠎ᠡ ᠴᠠᠷᠠᠭᠠᠨ ᠤ ᠲᠠᠯ᠎ᠠ ᠪᠠᠷ᠂ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠰᠤᠷᠭᠠᠨ ᠬᠥᠮᠦᠵᠢᠯ᠂ ᠲᠥᠯᠥᠪᠯᠡᠭᠡᠲᠦ ᠭᠦᠡᠭᠭᠡᠵᠢᠯ᠂ ᠪᠦᠲᠦᠭᠡᠨ ᠪᠠᠶᠢᠭᠤᠯᠤᠯᠳᠡ᠂ ᠨᠡᠶᠢᠭᠡᠮ ᠤᠨ ᠪᠠᠲᠤᠯᠠᠭ᠎ᠠ᠂ ᠴᠠᠯᠢᠩ ᠤᠯᠭᠤᠮᠵᠢ᠂ ᠠᠷᠠᠯᠵᠢᠶ᠎ᠠ ᠬᠤᠳᠠᠯᠳᠤᠬ᠋᠎ᠠ ᠭᠦᠢᠯᠭᠡᠭᠡ᠂ ᠡᠷᠡᠭᠦᠯ ᠬᠠᠮᠠᠭᠠᠯᠠᠯ ᠵᠡᠷᠭᠡ 10 ᠬᠦᠷᠢᠶ᠎ᠠ ᠴᠠᠷᠠᠭᠠᠨ ᠳᠤ ᠬᠤᠯᠪᠣᠭᠳᠠᠵᠤ᠂ ᠡᠭᠦᠨ ᠳᠤ᠂ ᠲᠠᠷᠢᠶᠠᠯᠠᠩ ᠤᠨ ᠲᠥᠷᠥᠯ ᠤᠨ ᠨᠥᠬᠦᠪᠥᠷᠢ ᠮᠦᠡᠭᠭᠦ 43270.60 ᠲᠦᠮᠡᠨ ᠲᠥᠭᠦᠷᠢᠭ᠂ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ ᠮᠦᠡᠭᠭᠦ 46590.65 ᠲᠦᠮᠡᠨ ᠲᠥᠭᠦᠷᠢᠭ᠂ ᠣᠶ ᠰᠢᠭᠤᠶ ᠶᠢᠨ ᠲᠥᠷᠥᠯ ᠤᠨ ᠨᠥᠬᠦᠪᠥᠷᠢ ᠮᠦᠡᠭᠭᠦ 12831.06 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠮᠦᠡᠭᠭᠦ 45633.55 ᠲᠦᠮᠡᠨ ᠲᠥᠭᠦᠷᠢᠭ᠂ ᠪᠥᠲᠥᠭᠡᠨ ᠪᠠᠶᠢᠭᠤᠯᠤᠯᠳᠡ ᠶᠢᠨ ᠲᠥᠷᠥᠯ ᠤᠨ ᠨᠥᠬᠦᠪᠥᠷᠢ ᠮᠦᠡᠭᠭᠦ 162353.49 ᠲᠦᠮᠡᠨ ᠲᠥᠭᠦᠷᠢᠭ᠂ ᠴᠠᠯᠢᠩ ᠤᠨ ᠲᠥᠷᠥᠯ ᠤᠨ ᠨᠥᠬᠦᠪᠥᠷᠢ ᠮᠦᠡᠭᠭᠦ 33861.93 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ ᠮᠦᠡᠭᠭᠦ 203.74 ᠲᠦᠮᠡᠨ ᠲᠥᠭᠦᠷᠢᠭ᠂ ᠲᠥᠯᠥᠪᠯᠡᠭᠡᠲᠦ ᠭᠦᠡᠭᠭᠡᠵᠢᠯ ᠤᠨ ᠲᠥᠷᠥᠯ ᠤᠨ ᠨᠥᠬᠦᠪᠥᠷᠢ ᠮᠥᠩᠭᠦ 3490.77 ᠲᠦᠮᠡᠨ ᠲᠥᠭᠦᠷᠢᠭ᠂ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠲᠥᠷᠥᠯ ᠤᠨ ᠨᠥᠬᠦᠪᠥᠷᠢ ᠮᠥᠩᠭᠦ 870.78 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠤᠨ ᠲᠥᠷᠥᠯ ᠤᠨ ᠨᠥᠬᠦᠪᠥᠷᠢ ᠮᠥᠩᠭᠦ 39.77 ᠲᠦᠮᠡᠨ ᠲᠥᠭᠦᠷᠢᠭ ᠲᠠᠷᠬᠠᠭᠠᠪᠠ᠃ ᠭᠠᠵᠠᠷ ᠣᠷᠣᠨ ᠤ ᠲᠠᠷᠬᠠᠭᠠᠬᠰᠠᠨ ᠪᠡᠯᠡ ᠮᠦᠡᠭᠭᠦ ᠶᠢᠨ ᠲᠤᠭ᠎ᠠ ᠭᠡᠮᠵᠢᠶ᠎ᠠ ᠶᠢᠨ ᠲᠠᠯ᠎ᠠ ᠪᠠᠷ᠂ ᠡᠵᠡᠨ ᠬᠤᠷᠤᠭ᠎ᠠ ᠬᠤᠰᠢᠭᠤ 177166.73 ᠲᠦᠮᠡᠨ ᠲᠥᠭᠦᠷᠢᠭ ᠲᠠᠷᠬᠠᠭᠠᠵᠤ᠂ ᠪᠥᠬᠦ ᠬᠤᠲᠠ ᠶᠢᠨ ᠲᠡᠷᠢᠭᠦᠨ ᠳᠤ ᠵᠢᠭᠰᠠᠭᠠᠭᠳᠠᠵᠤ᠂ ᠵᠡᠭᠦᠨᠭᠠᠷ ᠬᠤᠰᠢᠭᠤ᠂ ᠳᠠᠯᠠᠳ ᠬᠤᠰᠢᠭᠤ ᠲᠣᠰ ᠲᠣᠰ 36753.64 ᠲᠦᠮᠡᠨ ᠲᠥᠭᠦᠷᠢᠭ᠂ 33539.09 ᠲᠦᠮᠡᠨ ᠲᠥᠭᠦᠷᠢᠭ ᠲᠠᠷᠬᠠᠭᠠᠵᠤ᠂ ᠬᠠᠩᠭᠢᠨ ᠬᠤᠰᠢᠭᠤ 32031.54 ᠲᠦᠮᠡᠨ ᠲᠥᠭᠦᠷᠢᠭ᠂ ᠦᠦᠰᠢᠨ ᠬᠤᠰᠢᠭᠤ 24767.91 ᠲᠦᠮᠡᠨ ᠲᠥᠭᠦᠷᠢᠭ᠂ ᠣᠲᠤᠭ ᠬᠤᠰᠢᠭᠤ 24397.65 ᠲᠦᠮᠡᠨ ᠲᠥᠭᠦᠷᠢᠭ᠂ ᠣᠲᠤᠭ ᠤᠨ ᠡᠮᠦᠨᠡᠲᠦ ᠬᠤᠰᠢᠭᠤ 14707.83 ᠲᠦᠮᠡᠨ ᠲᠥᠭᠦᠷᠢᠭ᠂ ᠳ᠋ᠦᠩᠱᠧᠩ ᠲᠣᠭᠤᠷᠢᠭ 3142.58 ᠲᠦᠮᠡᠨ ᠲᠥᠭᠦᠷᠢᠭ᠂ ᠬᠢᠶ᠎ᠠ ᠪᠠᠭᠰᠢ ᠲᠣᠭᠤᠷᠢᠭ 2639.37 ᠲᠦᠮᠡᠨ ᠲᠥᠭᠦᠷᠢᠭ ᠲᠠᠷᠬᠠᠭᠠᠵᠠᠶ᠃ ᠨᠥᠬᠦᠪᠥᠷᠢ ᠣᠯᠭᠤᠬᠤ ᠡᠲᠡᠭᠡᠳ ᠤᠨ ᠲᠠᠷᠬᠠᠯᠲᠠ ᠶᠢᠨ ᠲᠡᠯ᠎ᠠ ᠪᠠᠷ᠂ ︽ᠨᠢᠭᠡ ᠺᠠᠷᠲ︾ ᠪᠠᠷ ᠮᠠᠯᠴᠢᠨ ᠲᠠᠷᠢᠶᠠᠴᠢᠳ ᠲᠤ 342718.18 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠨᠡᠶᠢᠳᠡ 2226362 ᠬᠥᠮᠦᠨ ᠤᠳᠠᠭ᠎ᠠ ᠳᠤ ᠲᠠᠷᠬᠠᠭᠠᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ 6428.16 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠨᠡᠶᠢᠳᠡ 68185 ᠬᠥᠮᠦᠨ ᠤᠳᠠᠭ᠎ᠠ ᠳᠤ ᠲᠠᠷᠬᠠᠭᠠᠪᠠ     
ᠢᠷᠡᠯᠲᠡ᠄ ᠤᠷᠳᠤᠰ ᠤᠨ ᠡᠳᠤᠷ ᠤᠨ ᠰᠤᠨᠢᠨ