ᠣᠶᠢᠷ᠎ᠠ ᠳᠤ᠂ ᠮᠠᠨ ᠤ ᠤᠯᠤᠰ ᠤᠨ ᠣᠯᠠᠨ ᠭᠠᠵᠠᠷ ᠲᠤ ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ ᠬᠡᠴᠡᠬᠦᠳᠡᠵᠦ᠂ ᠬᠦᠮᠦᠰ ᠤᠨ | ᠠᠩᠬᠠᠷᠣᠯ ᠳᠤ ᠣᠷᠣᠯ᠎ᠠ᠃ | ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ ᠪᠣᠯ ᠲᠦᠷᠭᠡᠨ ᠴᠢᠨᠠᠷᠲᠠᠢ ᠠᠭᠤᠰᠬᠢᠨ ᠤ ᠬᠡᠰᠡᠭ ᠤᠨ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ | ᠪᠠᠶᠢᠵᠦ᠂ ᠮᠠᠨ ᠤ ᠤᠯᠤᠰ ᠤᠨ 5 ᠨᠠᠰᠤᠨ ᠠᠴᠠ ᠳᠡᠭᠡᠭᠰᠢᠬᠢ ᠬᠡᠦᠬᠡᠳ ᠤᠳ ᠲᠤ ᠢᠯᠡᠬᠦᠦ ᠬᠠᠯᠳᠠᠪᠤᠷᠢᠯᠠᠳᠠᠭ ᠠᠭᠤᠰᠬᠢᠨ ᠤ ᠦᠷᠪᠢᠰᠦᠯ ᠮᠥᠨ᠃ ᠪᠦᠬᠦ | ᠳᠡᠯᠡᠬᠡᠢ ᠶᠢᠨ ᠬᠡᠪᠴᠢᠶᠡᠨ ᠳᠤ ᠥᠷᠭᠡᠨ ᠳᠡᠯᠬᠡᠷᠡᠵᠦ᠂ ᠪᠠᠷᠤᠭ 3 ~ 7 ᠵᠢᠯ ᠳᠤ ᠨᠢᠭᠡ ᠤᠳᠠᠭ᠎ᠠ ᠭᠠᠵᠠᠷ ᠣᠷᠣᠨ ᠤ ᠴᠢᠨᠠᠷᠲᠠᠢ ᠳᠡᠯᠭᠡᠷᠡᠳᠡᠭ ᠶᠤᠮ ᠪᠠᠶᠢᠨ᠎ᠠ᠃ | ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠠᠭᠤᠰᠬᠢᠨ ᠦᠷᠪᠢᠰᠦᠯ ᠢ ᠡᠭᠦᠰᠬᠡᠭᠰᠡᠨ ᠡᠪᠡᠳᠴᠢᠨ ᠡᠭᠦᠰᠬᠡᠭᠴᠢ ᠶᠡᠷᠦ ᠳᠡᠭᠡᠨ ᠪᠦᠷ ᠤᠯᠠᠷᠢᠯ ᠤᠨ | ᠴᠢᠨᠠᠷᠳᠠᠢ ᠲᠠᠢ ᠪᠠᠶᠢᠳᠠᠭ᠂ ᠠᠩᠬᠠᠨ ᠤ ᠰᠠᠯᠪᠤᠷᠢ ᠪᠡᠶᠡᠲᠦ ᠠᠭᠤᠰᠬᠢᠨ ᠦᠷᠪᠢᠰᠦᠯ ᠨᠢ ᠣᠶᠢᠷ᠎ᠠ ᠶᠢᠨ ᠬᠤᠶᠠᠷ ᠵᠢᠯ ᠳᠤ᠂ ᠢᠯᠠᠩᠭᠤᠶ᠎ᠠ ᠡᠨᠡ ᠵᠢᠯ ᠮᠠᠨ ᠤ ᠤᠯᠤᠰ ᠤᠨ | ᠵᠠᠷᠢᠮ ᠭᠠᠵᠠᠷ ᠣᠷᠣᠨ ᠳᠤ ᠳᠡᠯᠭᠡᠷᠡᠵᠦ ᠪᠠᠶᠢᠭ᠎ᠠ ᠪᠤᠯᠪᠠᠴᠦ᠂ ᠴᠥᠭᠡᠨ ᠲᠣᠭᠠᠨ ᠤ ᠭᠡᠷ ᠪᠦᠯᠢ ᠪᠤᠶᠤ ᠰᠣᠷᠭᠠᠭᠤᠯᠢ ᠳᠤ ᠳᠡᠯᠭᠡᠷᠡᠬᠦ ᠪᠠᠶᠢᠳᠠᠯ ᠭᠠᠷᠳᠠᠭ᠂ ᠭᠡᠪᠡᠴᠦ | ᠲᠡᠷᠡ ᠨᠢ ᠬᠠᠯᠳᠠᠪᠤᠷᠢᠲᠤ ᠡᠪᠡᠳᠴᠢᠨ ᠳᠤ ᠲᠣᠭᠠᠴᠠᠭᠳᠠᠬᠤ ᠦᠭᠡᠢ᠂ ᠰᠢᠨ᠎ᠡ ᠺᠤᠷᠤᠨᠠ ᠰᠢᠭ᠋ ᠬᠠᠯᠳᠠᠪᠤᠷᠢᠳᠦ ᠴᠢᠨᠠᠷ ᠦᠭᠡᠢ ᠶᠤᠮ᠃ | ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ ᠡᠨᠡ ᠵᠢᠯ ᠮᠠᠨ ᠤ ᠤᠯᠤᠰ ᠤᠨ ᠠᠩᠬᠠᠨ ᠤ ᠪᠡᠶᠡᠳᠦ ᠰᠠᠯᠪᠤᠷᠢ ᠠᠭᠤᠰᠬᠢᠨ ᠦᠷᠪᠢᠰᠦᠯ ᠵᠠᠯᠠᠭᠤ | ᠪᠠᠭᠠᠴᠤᠳ ᠲᠤ ᠭᠤᠤᠯᠳᠠᠭᠤ ᠳᠦᠪᠯᠡᠷᠡᠵᠦ᠂ 3 ᠬᠦᠷᠦᠬᠡ ᠦᠬᠡᠢ ᠨᠢᠯᠬ᠎ᠠ ᠬᠡᠦᠬᠡᠳ ᠴᠦ ᠡᠪᠡᠳᠴᠢᠯᠡᠵᠦ ᠪᠠᠶᠢᠭ᠎ᠠ ᠪᠤᠯᠬᠤᠷ᠂ ᠡᠪᠡᠳᠴᠢᠨ ᠤ ᠢᠯᠡᠷᠡᠯ ᠭᠠᠷᠪᠠᠯ ᠴᠠᠭ | ᠲᠤᠬᠠᠢ ᠳᠤᠨᠢ ᠡᠮᠨᠡᠭᠦᠯᠬᠦ ᠬᠡᠷᠡᠭᠲᠡᠢ ᠶᠤᠮ ᠪᠠᠶᠢᠨ᠎ᠠ᠃ | | | | |