ᠨᠠᠮᠤᠷ ᠤᠨ ᠤᠯᠠᠷᠢᠯ ᠳᠤ ᠠᠭᠠᠷ ᠤᠨ ᠲᠤᠯᠠᠭᠠᠨ ᠲᠤᠷᠤᠭᠰᠢᠯᠠᠬᠤ ᠶᠢ ᠲᠠᠭᠠᠯᠳᠤᠨ᠂ ᠡᠪᠡᠳᠴᠢᠨ ᠡᠬᠦᠰᠬᠦ ᠲᠤᠬᠢᠶᠠᠯᠳᠤᠮᠵᠢ ᠨᠡᠮᠡᠭᠳᠡᠳᠡᠭ᠃ ᠡᠬᠦᠨ ᠳᠤ | ᠰᠡᠷᠬᠡᠶᠢᠯᠡᠬᠦ ᠠᠵᠢᠯ ᠢᠶᠠᠨ ᠰᠠᠶᠢᠳᠤᠷ ᠬᠢᠬᠦ ᠴᠢᠬᠤᠯᠠᠳᠠᠢ᠃ | 1᠂ ᠰᠢᠯᠦᠬᠡᠢ ᠡᠪᠡᠳᠴᠢᠨ | ᠰᠢᠯᠦᠬᠡᠢ ᠡᠪᠡᠳᠴᠢᠨ ᠪᠤᠯ ᠵᠤᠨ ᠨᠠᠮᠤᠷ ᠤᠨ ᠤᠯᠠᠷᠢᠯ ᠳᠤ ᠦᠷᠬᠦᠯᠵᠢ ᠲᠤᠬᠢᠶᠠᠯᠳᠤᠳᠠᠭ ᠬᠠᠯᠳᠠᠪᠤᠷᠢᠳᠦ ᠡᠪᠡᠳᠴᠢᠨ ᠪᠠᠶᠢᠵᠤ᠂ ᠪᠠᠳᠠᠭᠠᠨ᠎ᠠ ᠪᠤᠯ ᠲᠡᠬᠦᠨ ᠤ | ᠲᠠᠷᠬᠠᠭᠠᠭᠴᠢ ᠮᠦᠨ᠃ ᠰᠢᠯᠦᠬᠡᠢ ᠡᠪᠡᠳᠴᠢᠨ ᠨᠢ ᠲᠠᠭᠠᠷᠠᠬᠤ᠂ ᠴᠡᠴᠡᠷᠡᠬᠦ᠂ ᠬᠠᠯᠠᠭᠤᠷᠠᠬᠤ ᠵᠡᠷᠬᠡ ᠢᠯᠡᠷᠡᠯ ᠲᠠᠢ ᠪᠠᠶᠢᠵᠤ᠂ ᠵᠠᠷᠢᠮ ᠦᠶ᠎ᠡ ᠳᠤ ᠪᠡᠶ᠎ᠡ ᠶᠢᠨ | ᠬᠠᠯᠠᠭᠤᠨ ᠨᠢ ᠬᠠᠮᠤᠭ ᠤᠨ ᠦᠨᠳᠦᠷ ᠲᠡᠭᠡᠨ 40 ᠭᠷᠡᠳᠦ᠋ᠰ ᠲᠤ ᠬᠦᠷᠴᠦ᠂ ᠲᠤᠯᠤᠭᠠᠢ ᠡᠷᠬᠢᠵᠦ ᠲᠠᠮᠢᠷᠳᠠᠬᠤ᠂ ᠶᠠᠳᠠᠷᠠᠬᠤ᠂ ᠢᠳᠡᠬᠡᠨ ᠤ ᠲᠤᠷᠠᠰᠢᠯ ᠮᠠᠭᠤᠳᠠᠬᠤ | ᠵᠡᠷᠬᠡ ᠪᠠᠶᠢᠳᠠᠯ ᠢᠯᠡᠷᠡᠨ᠎ᠠ᠃ ᠡᠪᠡᠳᠴᠢᠨ ᠨᠢ ᠬᠦᠨᠳᠦ ᠦᠶ᠎ᠡ ᠳᠤ ᠮᠠᠨᠠᠷᠠᠬᠤ ᠪᠤᠶᠤ ᠴᠢᠨᠠᠭᠰᠢᠯᠠᠪᠠᠯ ᠠᠮᠢ ᠨᠠᠰᠤᠨ ᠤ ᠠᠶᠤᠯ ᠲᠠᠢ ᠪᠠᠶᠢᠳᠠᠭ᠃ | 2᠂ ᠰᠠᠯᠪᠤᠷᠢ ᠮᠦᠬᠡᠷᠰᠦᠨ ᠬᠤᠭᠤᠯᠠᠢ ᠶᠢᠨ ᠬᠢᠷᠬᠢᠷ᠎ᠠ | ᠬᠢᠷᠬᠢᠷ᠎ᠠ ᠪᠤᠯ ᠬᠠᠷᠰᠢᠮᠠᠳᠠᠭᠠᠢ ᠴᠢᠨᠠᠷᠳᠠᠢ ᠡᠪᠡᠳᠴᠢᠨ ᠮᠦᠨ᠂ ᠵᠢᠯ ᠪᠦᠷᠢ ᠶᠢᠨ ᠵᠤᠨ ᠤ ᠰᠡᠬᠦᠯᠴᠢ ᠨᠠᠮᠤᠷ ᠤᠨ ᠡᠬᠢ ᠪᠠᠷ ᠡᠪᠡᠳᠴᠢᠨ ᠬᠦᠳᠡᠯᠵᠦ᠂ ᠨᠠᠮᠤᠷ ᠤᠨ | ᠲᠤᠮᠳᠠ ᠦᠶ᠎ᠡ ᠪᠠᠷ ᠬᠦᠨᠳᠦᠷᠡᠵᠦ᠂ ᠬᠠᠬᠢᠷ ᠡᠪᠦᠯ ᠤᠨ ᠬᠦᠬᠡᠬᠡ ᠰᠠᠷ᠎ᠠ ᠪᠤᠯᠬᠤ ᠳᠤ ᠨᠠᠮᠳᠠᠳᠠᠭ᠃ ᠬᠢᠷᠬᠢᠷ᠎ᠡ ᠬᠦᠳᠡᠯᠬᠦ ᠠᠴᠠ ᠡᠮᠦᠨ᠎ᠡ ᠦᠷᠬᠦᠯᠵᠢ ᠤᠷᠢᠳᠴᠢᠯᠠᠭᠰᠠᠨ | ᠰᠢᠨᠵᠢ ᠲᠡᠮᠳᠡᠭ ᠢᠯᠡᠷᠡᠨ᠎ᠠ᠂ ᠵᠢᠱᠢᠶᠡᠯᠡᠪᠡᠯ᠂ ᠬᠠᠨᠢᠶᠠᠬᠤ᠂ ᠴᠡᠬᠡᠵᠢ ᠪᠢᠳᠡᠬᠦᠷᠡᠬᠦ᠂ ᠦᠷᠬᠦᠯᠵᠢᠯᠡᠨ ᠨᠠᠶᠢᠳᠠᠭᠠᠬᠤ ᠵᠡᠷᠬᠡ ᠪᠠᠶᠢᠵᠤ᠂ ᠬᠡᠷᠪᠡ ᠴᠠᠭ ᠲᠤᠨᠢ ᠡᠮᠨᠡᠨ | ᠵᠠᠰᠠᠭᠤᠯᠬᠤ ᠦᠬᠡᠢ ᠪᠤᠯ ᠠᠮᠢᠰᠬᠤᠭᠠᠳᠠᠬᠤ ᠪᠠᠶᠢᠳᠠᠯ ᠢᠯᠡᠷᠡᠨ᠎ᠡ᠃ | 3᠂ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ | ᠨᠠᠮᠤᠷ ᠤᠨ ᠤᠯᠠᠷᠢᠯ ᠳᠤ ᠠᠭᠤᠷ ᠠᠮᠢᠰᠬᠤᠯ ᠭᠠᠨᠭ᠌ ᠬᠠᠭᠤᠷᠠᠢ᠂ ᠲᠤᠨᠳᠠᠰᠤ ᠴᠦᠬᠡᠨ ᠪᠠᠶᠢᠳᠠᠭ᠃ ᠲᠦᠷᠬᠡᠨ ᠴᠢᠨᠠᠷᠳᠠᠢ ᠬᠤᠭᠤᠯᠠᠢ ᠶᠢᠨ ᠦᠷᠪᠢᠰᠦᠯ ᠢ | ᠲᠦᠢᠯᠪᠤᠷᠢᠳᠠᠢ ᠵᠠᠰᠠᠵᠤ ᠲᠡᠶᠢᠯᠬᠦ ᠦᠬᠡᠢ ᠪᠤᠯ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠪᠤᠯᠳᠠᠭ᠃ ᠤᠳᠠᠭᠠᠨ ᠴᠢᠨᠠᠷᠳᠠᠢ ᠬᠤᠭᠤᠯᠠᠢ ᠶᠢᠨ ᠦᠷᠪᠢᠰᠦᠯ ᠢ | ᠰᠡᠷᠬᠡᠶᠢᠯᠡᠬᠦ ᠳᠤ ᠬᠡᠢ ᠲᠡᠩᠭᠡᠷᠡᠬᠦᠯᠵᠦ ᠬᠠᠯᠠᠭᠤᠨ ᠢ ᠠᠷᠢᠯᠭᠠᠨ᠂ ᠬᠤᠭᠤᠯᠠᠢ ᠪᠠᠨ ᠴᠡᠪᠡᠷᠯᠡᠵᠦ᠂ ᠢᠳᠡᠭᠡᠨ ᠤᠮᠳᠠᠭᠠᠨ ᠤ ᠲᠠᠯ᠎ᠠ ᠪᠠᠷ ᠦᠷᠬᠦᠯᠵᠢ ᠨᠤᠭᠤᠭᠠᠨ | ᠪᠤᠷᠴᠠᠭ ᠤᠨ ᠤᠮᠳᠠᠭᠠᠨ ᠪᠤᠶᠤ ᠴᠠᠰᠤᠨ ᠠᠯᠢᠮ᠎ᠠ ᠶᠢᠨ ᠡᠬᠡᠳᠡᠩ ᠢᠳᠡᠪᠡᠯ ᠵᠤᠬᠢᠨ᠎ᠠ᠃ | ᠡᠪᠡᠳᠴᠢᠨ ᠢ ᠰᠡᠷᠬᠡᠶᠢᠯᠡᠬᠦ ᠳᠤ ᠲᠤᠤᠷᠠᠬᠢ ᠵᠦᠢᠯᠡᠰ ᠢ ᠠᠩᠬᠠᠷᠪᠠᠯ ᠵᠤᠬᠢᠨ᠎ᠠ | 1᠂ ᠤᠨᠳᠠᠵᠤ ᠠᠮᠠᠷᠠᠬᠤ ᠪᠠᠨ ᠲᠤᠬᠢᠷᠠᠭᠤᠯᠤᠨ᠎ᠠ᠃ ᠡᠷᠳᠡ ᠤᠨᠳᠠᠵᠤ ᠡᠷᠳᠡ ᠪᠤᠰᠴᠤ᠂ ᠬᠤᠪᠴᠠᠰᠤ ᠬᠤᠨᠠᠷ ᠢᠶᠠᠨ ᠵᠤᠵᠠᠭᠠᠯᠠᠨ᠂ ᠵᠢᠩᠭᠢᠨᠡᠬᠦ ᠠᠴᠠ | ᠰᠡᠷᠬᠡᠶᠢᠯᠡᠨ᠎ᠠ᠃ ᠬᠡᠷ ᠤᠨ ᠭᠠᠳᠠᠨᠠᠬᠢ ᠬᠦᠳᠡᠯᠬᠡᠬᠡᠨ ᠢᠶᠠᠨ ᠨᠡᠮᠡᠭᠳᠡᠬᠦᠯᠬᠦ ᠬᠡᠷᠡᠭᠳᠡᠢ᠃ | 2᠂ ᠢᠳᠡᠬᠡᠨ ᠤᠮᠳᠠᠭᠠᠨ ᠢᠶᠠᠨ ᠵᠤᠬᠢᠰᠳᠠᠢ ᠲᠤᠬᠢᠷᠠᠭᠤᠯᠤᠨ᠎ᠠ᠃ ᠭᠤᠰᠢᠭᠤᠨ ᠢᠳᠡᠬᠡᠨ ᠪᠠᠭ᠎ᠠ ᠢᠳᠡᠵᠦ᠂ ᠢᠰᠬᠦᠯᠡᠩ ᠢᠳᠡᠬᠡᠨ ᠢᠯᠡᠬᠦᠦ ᠢᠳᠡᠨ᠎ᠠ᠃ | ᠵᠢᠱᠢᠶᠡᠯᠡᠪᠡᠯ᠂ ᠠᠯᠮᠤᠷᠠᠳ᠂ ᠵᠦᠷᠵᠢ᠂ ᠲᠤᠯᠤᠨᠤ᠂ ᠲᠤᠰᠢᠯᠤᠭ ᠵᠡᠷᠬᠡ ᠶᠢ ᠢᠯᠡᠬᠦᠦ ᠢᠳᠡᠪᠡᠯ ᠠᠭᠤᠰᠬᠢᠨ ᠤ ᠬᠡᠢ ᠶᠢ ᠲᠠᠷᠤᠵᠤ ᠲᠡᠶᠢᠯᠦᠨ᠎ᠠ᠃ ᠰᠤᠩᠭᠢᠨ᠎ᠠ᠂ ᠭᠠ | ᠵᠡᠷᠬᠡ ᠭᠤᠱᠤᠭᠤᠨ ᠢᠳᠡᠬᠡᠨ ᠢ ᠪᠠᠭ᠎ᠠ ᠢᠳᠡᠨ᠎ᠠ᠃ | 3᠂ ᠤᠰᠤ ᠢᠯᠡᠬᠦᠦ ᠤᠤᠭᠤᠨ᠎ᠠ᠃ ᠤᠰᠤ ᠢᠯᠡᠬᠦᠦ ᠤᠤᠭᠤᠬᠤ ᠪᠤᠯ ᠨᠠᠮᠤᠷ ᠤᠨ ᠤᠯᠠᠷᠢᠯ ᠳᠤ ᠠᠭᠤᠰᠬᠢ ᠶᠢ ᠰᠢᠮᠡᠵᠢᠬᠦᠯᠬᠦ ᠰᠡᠶᠢᠨ ᠠᠷᠭ᠎ᠠ ᠮᠦᠨ᠂ ᠨᠢᠬᠡ | ᠯᠠ ᠤᠳᠠᠭ᠎ᠠ ᠳᠤ ᠶᠡᠭᠡ ᠬᠡᠮᠵᠢᠶ᠎ᠡ ᠪᠠᠷ ᠤᠰᠤ ᠤᠤᠭᠤᠵᠤ ᠪᠤᠯᠬᠤ ᠦᠬᠡᠢ᠂ ᠬᠠᠷᠢᠨ ᠤᠯᠠᠨ ᠤᠳᠠᠭ᠎ᠠ ᠪᠠᠭ᠎ᠠ ᠪᠠᠭ᠎ᠠ ᠪᠠᠷ ᠤᠤᠭᠤᠬᠤ ᠬᠡᠷᠡᠭᠳᠡᠢ᠃ | 4᠂ ᠤᠷᠮ᠎ᠠ ᠰᠡᠳᠬᠢᠯᠬᠡ ᠪᠠᠨ ᠰᠠᠶᠢᠳᠤᠷ ᠲᠤᠬᠢᠷᠠᠭᠤᠯᠤᠨ᠎ᠠ᠃ ᠦᠷᠯᠦᠬᠡ ᠡᠷᠳᠡ ᠪᠠᠶ᠎ᠠ ᠪᠤᠯᠪᠠᠰᠤᠷᠠᠭᠤᠯᠬᠤ ᠦᠶ᠎ᠡ ᠳᠤ ᠴᠡᠬᠡᠵᠢ ᠲᠡᠨᠢᠢᠨ ᠢᠨᠢᠶᠡᠪᠡᠯ | ᠠᠭᠤᠰᠬᠢ ᠶᠢ ᠴᠡᠪᠡᠷᠰᠢᠬᠦᠯᠵᠦ᠂ ᠬᠠᠶᠠᠭᠳᠠᠮᠠᠯ ᠬᠡᠢ ᠶᠢ ᠭᠠᠷᠭᠠᠵᠤ᠂ ᠴᠢᠰᠤᠨ ᠤ ᠡᠷᠬᠢᠯᠳᠡ ᠶᠢ ᠲᠦᠷᠬᠡᠳᠬᠡᠵᠦ᠂ ᠵᠢᠷᠦᠬᠡ ᠠᠭᠤᠰᠬᠢ ᠬᠡᠢ ᠴᠢᠰᠤ ᠶᠢ ᠲᠤᠬᠢᠷᠠᠭᠤᠯᠵᠤ᠂ | ᠡᠯᠢᠬᠡᠨ ᠤ ᠬᠡᠢ ᠶᠢ ᠢᠯᠭᠤᠮ ᠪᠤᠯᠭᠠᠵᠤ᠂ ᠬᠦᠮᠦᠨ ᠤ ᠤᠷᠮ᠎ᠠ ᠰᠡᠳᠬᠢᠯᠬᠡ ᠶᠢ ᠲᠤᠭᠳᠠᠭᠤᠨ ᠪᠠᠶᠢᠯᠭᠠᠵᠤ ᠴᠢᠳᠠᠨ᠎ᠠ᠃ ︵︽ᠦᠪᠦᠷ ᠮᠤᠩᠭᠤᠯ ᠤᠨ ᠮᠤᠩᠭᠤᠯ ᠷᠠᠳᠢᠣ᠋ | ︾ ᠵᠢᠷᠬᠢᠶ᠎ᠠ ᠲᠠᠪᠴᠡᠩ ᠠᠴᠠ︶ | |