2024 ᠣᠨ ᠳᠤ ᠲᠥᠪ ᠤᠨ ᠠᠯᠪᠠᠨ ᠪᠠᠶᠢᠭᠤᠯᠭ᠎ᠠ ᠳᠤ 39600 ᠠᠯᠪᠠᠨ ᠬᠠᠭᠠᠭᠴᠢ ᠡᠯᠰᠡᠨ᠎ᠡ
ᠨᠡᠶᠢᠲᠡᠯᠡᠭᠰᠡᠨ ᠴᠠᠭ᠄
2023/10/17
                             ᠮᠠᠨ ᠤ ᠸᠢᠴᠠᠲ ᠲᠠᠪᠴᠠᠩ ᠳᠤ ᠰᠠᠭᠠᠲᠠᠭᠰᠠᠨ ᠡᠷᠬᠢᠮ ᠲᠠᠨ᠎ᠠ ᠪᠠᠶᠠᠷᠲᠠᠢ ᠮᠡᠳᠡᠭᠡ ᠳᠠᠮᠵᠢᠭᠤᠯᠤᠶ᠎ᠠ᠃ ᠲᠥᠪ ᠤᠨ ᠠᠯᠪᠠᠨ ᠪᠠᠶᠢᠭᠤᠯᠭ᠎ᠠ ᠪᠣᠯᠣᠨ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠳᠤ 2024 ᠣᠨ ᠳᠤ ᠨᠡᠶᠢᠲᠡ 3 ᠲᠦᠮᠡ 9600 ᠠᠯᠪᠠᠨ ᠬᠠᠭᠠᠭᠴᠢ ᠶᠢ ᠰᠢᠯᠭᠠᠵᠤ ᠡᠯᠰᠡᠬᠦ ᠪᠠᠷ ᠲᠥᠯᠥᠪᠯᠡᠵᠦ ᠪᠠᠶᠢᠨ᠎ᠠ᠃ ᠡᠨᠡ ᠰᠢᠯᠭᠠᠯᠲᠠ ᠳᠤ ᠨᠡᠷ᠎ᠡ ᠪᠠᠨ ᠮᠡᠳᠡᠭᠦᠯᠦᠭᠴᠢᠳ ᠥᠨᠥᠳᠥᠷ ᠲᠤᠬᠠᠶᠢᠯᠠᠪᠠᠯ ᠡᠨᠡ ᠰᠠᠷ᠎ᠠ ᠶᠢᠨ 15 ᠤ ᠡᠳᠦᠷ ᠤᠨ 8 ᠴᠠᠭ ᠠᠴᠠ 24 ᠤ ᠡᠳᠦᠷ ᠤᠨ 18 ᠴᠠᠭ ᠪᠣᠯᠲᠠᠯ᠎ᠠ ︽ᠲᠥᠪ ᠤᠨ ᠠᠯᠪᠠᠨ ᠪᠠᠶᠢᠭᠤᠯᠭ᠎ᠠ ᠪᠣᠯᠣᠨ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠨ ᠬᠠᠭᠠᠭᠴᠢ ᠶᠢ ᠰᠢᠯᠭᠠᠵᠤ ᠡᠯᠰᠡᠬᠦ ᠲᠤᠰᠬᠠᠢ ᠰᠦᠯᠵᠢᠶ᠎ᠡ︾ ᠳᠡᠭᠡᠷ᠎ᠡ ᠭᠠᠷᠴᠤ ᠨᠡᠷ᠎ᠡ ᠪᠠᠨ ᠮᠡᠳᠡᠭᠦᠯᠦᠭᠡᠷᠡᠢ︕ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠶᠢ 11 ᠳ᠋ᠦ᠋ᠭᠡᠷ ᠰᠠᠷ᠎ᠠ ᠶᠢᠨ 26 ᠤ ᠡᠳᠦᠷ ᠰᠢᠯᠭᠠᠨ᠎ᠠ᠃     
ᠢᠷᠡᠯᠲᠡ᠄ ᠤᠷᠳᠤᠰ ᠮᠤᠩᠭᠤᠯ ᠰᠦᠯᠵᠢᠶ᠎ᠡ