ᠨᠤᠲᠤᠭ ᠪᠡᠯᠴᠢᠭᠡᠷ ᠢ ᠰᠡᠷᠭᠦᠭᠡᠬᠦ ᠨᠥᠬᠦᠪᠦᠷᠢ ᠶᠢᠨ ᠳᠠᠭᠠᠳᠬᠠᠯ ᠪᠠᠭᠤᠯᠭᠠᠪᠠ
ᠨᠡᠶᠢᠲᠡᠯᠡᠭᠰᠡᠨ ᠴᠠᠭ᠄
2023/10/19
                                            ᠣᠶᠢᠷ᠎ᠠ ᠳᠤ᠂ ᠪᠥᠬᠦ ᠤᠯᠤᠰ ᠤᠨ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠳᠤ ᠣᠯᠭᠤᠬᠤ ᠥᠪᠡᠷ ᠤᠨ ᠥᠷᠲᠡᠭ ᠤᠨ ᠨᠥᠬᠦᠪᠦᠷᠢ ᠮᠥᠩᠭᠦ ᠶᠢᠨ ᠳᠠᠭᠠᠳᠬᠠᠯ ᠢ ᠪᠤᠭᠤᠲᠤ ᠬᠤᠲᠠ ᠳᠤ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠠᠴᠠ ᠳᠠᠴᠢᠷᠳᠠᠬᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠲᠤᠷᠰᠢᠯᠲᠠ ᠶᠢᠨ ᠲᠥᠷᠥᠯ ᠵᠦᠢᠯ ᠪᠤᠯᠬᠤ ᠪᠤᠭᠤᠲᠤ ᠬᠤᠲᠠ ᠶᠢᠨ ᠭᠦᠶᠠᠩ ᠰᠢᠶᠠᠨ ᠤ 10000 ᠮᠦ ᠠᠭᠤᠯᠠᠷᠬᠠᠭ ᠭᠠᠵᠠᠷ ᠲᠤ ᠲᠦᠭᠰᠢᠭᠦᠷᠢ ᠠᠴᠠ ᠰᠡᠷᠭᠡᠶᠢᠯᠡᠬᠦ 100 ᠲᠦᠮᠡᠨ ᠲᠥᠭᠦᠷᠢᠭ ᠤᠨ ᠪᠠᠲᠤᠯᠠᠭ᠎ᠠ ᠬᠠᠩᠭᠠᠪᠠ᠃      ᠲᠤᠰ ᠳᠠᠭᠠᠳᠬᠠᠯ ᠤᠨ ᠲᠥᠷᠥᠯ ᠵᠦᠢᠯ ᠢ ᠠᠨ ᠬᠤᠸᠠ ᠲᠠᠷᠢᠶᠠᠯᠠᠩ ᠤᠨ ᠲᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠳᠠᠭᠠᠭᠠᠴᠢᠯᠠᠨ ᠬᠡᠷᠡᠭᠵᠢᠭᠦᠯᠵᠦ᠂ ᠳᠠᠭᠠᠳᠬᠠᠯ ᠤᠨ ᠭᠡᠷ᠎ᠡ ᠶᠢ ᠦᠨᠳᠦᠰᠦᠯᠡᠵᠦ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠬᠠᠭᠤᠷᠠᠢ ᠡᠪᠡᠰᠦᠨ ᠤ ᠭᠠᠷᠭᠠᠯᠲᠠ ᠪᠠ ᠣᠯᠠᠨ ᠨᠠᠰᠤᠲᠤ ᠰᠢᠯᠢᠳᠡᠭ ᠡᠪᠡᠰᠦ ᠤᠷᠭᠤᠮᠠᠯ ᠤᠨ ᠥᠰᠦᠯᠲᠡ ᠶᠢᠨ ᠬᠠᠷᠢᠴᠠᠯ ᠤᠨ ᠳᠠᠭᠠᠤ ᠲᠥᠯᠥᠪᠦᠷᠢ ᠶᠢᠨ ᠪᠠᠷᠢᠮᠵᠢᠶ᠎ᠠ ᠶᠢ ᠲᠣᠭᠲᠠᠭᠠᠨ᠎ᠠ᠃ ᠵᠢᠱᠢᠶᠡᠯᠡᠪᠡᠯ ᠤᠷᠭᠤᠮᠠᠯ ᠬᠤᠴᠢᠯᠭ᠎ᠠ ᠶᠢᠨ ᠪᠦᠷᠬᠦᠴᠡ ᠶᠢ 5% ᠪᠠᠷ ᠳᠡᠭᠡᠭᠰᠢᠯᠡᠭᠦᠯᠬᠦ ᠪᠤᠶᠤ ᠬᠠᠭᠤᠷᠠᠢ ᠡᠪᠡᠰᠦᠨ ᠤ ᠤᠨᠠᠯᠲᠠ ᠶᠢ ᠮᠦ ᠪᠦᠷᠢ 10 ᠺᠢᠯᠣᠭ᠍ᠷᠠᠮ ᠲᠤ ᠬᠦᠷᠬᠡᠪᠡᠯ ᠬᠠᠷᠢᠴᠠᠯ ᠶᠣᠰᠣᠭᠠᠷ ᠳᠠᠭᠠᠳᠬᠠᠯ ᠤᠨ ᠨᠥᠬᠦᠪᠦᠷᠢ ᠮᠥᠩᠭᠦ ᠣᠯᠭᠤᠵᠤ᠂ ᠮᠠᠯᠴᠢᠨ ᠲᠠᠷᠢᠶᠠᠴᠢᠨ ᠤ ᠳᠠᠴᠢᠷᠳᠠᠬᠰᠠᠨ ᠨᠤᠲᠤᠭ ᠪᠡᠯᠴᠢᠭᠡᠷ ᠢ ᠰᠡᠷᠭᠦᠭᠡᠬᠦ ᠳᠤ ᠢᠳᠡᠪᠬᠢᠲᠡᠢ ᠣᠷᠣᠯᠴᠠᠬᠤ ᠶᠢ ᠵᠣᠷᠢᠬᠵᠢᠭᠤᠯᠵᠦ᠂ ᠮᠠᠯᠵᠢᠬᠤ ᠣᠷᠣᠨ ᠤ ᠠᠮᠢ ᠠᠬᠤᠢ ᠶᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ 
ᠢᠷᠡᠯᠲᠡ᠄ ᠳᠦᠪ ᠷᠠᠳᠢᠤ᠋ ᠶᠢᠨ ᠮᠡᠳᠡᠭᠡ