ᠮᠠᠨ ᠤ ᠬᠤᠳᠠ ᠶᠢᠨ ᠡᠷᠳᠡᠨᠢ ᠰᠢᠰᠢ ᠶᠢᠨ ᠨᠢᠭᠡᠴᠢ ᠲᠠᠯᠠᠪᠠᠢ ᠶᠢᠨ ᠤᠨᠠᠯᠳᠠ ᠰᠢᠨ᠎ᠡ ᠳᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/10/23
                  ᠤᠶᠢᠷ᠎ᠠ ᠳᠤ᠂ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠮᠡᠷᠭᠡᠵᠢᠯ ᠢ ᠳᠡᠯᠭᠡᠷᠡᠬᠦᠯᠬᠦ ᠳᠦᠪ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠦ ᠠᠬᠤᠢ ᠶᠢᠨ ᠮᠡᠷᠭᠡᠵᠢᠯ ᠢ ᠳᠡᠯᠭᠡᠷᠡᠬᠦᠯᠬᠦ ᠳᠦᠪ᠂ ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠤᠯᠪᠤᠭᠳᠠᠯ ᠪᠦᠬᠦᠢ ᠳᠤᠰᠬᠠᠢ ᠮᠡᠷᠭᠡᠵᠢᠯᠳᠡᠨ ᠢ ᠤᠷᠢᠵᠦ ᠳᠠᠯᠠᠳ ᠬᠤᠰᠢᠭᠤᠨ ᠤ ᠡᠷᠳᠡᠨᠢ ᠰᠢᠰᠢ ᠶᠢᠨ ᠦᠨᠳᠦᠷ ᠤᠨᠠᠯᠳᠠ ᠶᠢᠨ ᠤᠷᠤᠯᠳᠤᠭᠠᠨ ᠤ ᠵᠠᠭᠤᠨ ᠮᠤ᠋ ᠶᠢᠨ ᠳᠠᠭᠤᠷᠢᠶᠠᠯ ᠦᠵᠡᠬᠦᠯᠬᠦ ᠲᠠᠯ᠎ᠠ ᠳᠤ ᠪᠤᠳᠠᠳᠤ ᠬᠤᠷᠢᠶᠠᠯᠳᠠ ᠶᠢᠨ ᠬᠡᠮᠵᠢᠯᠳᠡ ᠬᠢᠵᠦ᠂ ᠮᠤ᠋ ᠪᠦᠷᠢ ᠶᠢᠨ ᠤᠨᠠᠯᠳᠠ1332.21 ᠺᠢᠯᠤᠭ᠍ᠷᠡᠮ ︵ᠮᠦᠬᠦᠯᠢᠭ ᠤᠨ ᠤᠰᠤᠨ ᠤ ᠠᠭᠤᠯᠤᠭᠳᠠᠴᠠ14.0 %︶ ᠳᠤ ᠬᠦᠷᠴᠦ᠂ ᠮᠠᠨ ᠤ ᠬᠤᠳᠠ ᠶᠢᠨ ᠡᠷᠳᠡᠨᠢ ᠰᠢᠰᠢ ᠶᠢᠨ ᠨᠢᠭᠡᠴᠢ ᠲᠠᠯᠠᠪᠠᠢ ᠶᠢᠨ ᠤᠨᠠᠯᠳᠠ ᠶᠢᠨ ᠬᠠᠮᠤᠭ ᠤᠨ ᠦᠨᠳᠦᠷ ᠳᠡᠮᠳᠡᠭᠯᠡᠯ ᠢ ᠡᠭᠦᠳᠦᠭᠰᠡᠨ ᠪᠠᠶᠢᠨ᠎ᠠ᠃

1.jpg

      ᠤᠶᠢᠯᠠᠭᠠᠭᠰᠠᠨ ᠢᠶᠠᠷ᠂ ᠳᠤᠰ ᠳᠠᠭᠤᠷᠢᠶᠠᠯ ᠦᠵᠡᠬᠦᠯᠬᠦ ᠲᠠᠷᠢᠶᠠᠨ ᠭᠠᠵᠠᠷ ᠤᠨ ᠲᠠᠯᠠᠪᠠᠢ 100 ᠮᠤ᠋ ᠪᠠᠶᠢᠵᠦ᠂《ᠡᠾᠧ ᠵᠦᠩ ᠢᠦᠢ II》ᠭᠡᠬᠦ ᠳᠠᠷᠢᠮᠠᠯ ᠤᠨ

ᠳᠦᠷᠦᠯ ᠢ ᠳᠠᠷᠢᠵᠦ᠂ ᠪᠦᠷᠬᠦᠪᠴᠢ ᠶᠢᠨ ᠳᠤᠤᠷ᠎ᠠ ᠳᠤᠰᠤᠯᠭᠠᠨ ᠤᠰᠤᠯᠠᠬᠤ ᠶᠡᠭᠡ ᠪᠠᠭ᠎ᠠ ᠮᠦᠷ ᠲᠤ ᠳᠠᠷᠢᠬᠤ ᠠᠷᠭ᠎ᠠ ᠶᠢ ᠬᠡᠷᠡᠭᠯᠡᠵᠦ᠂ ᠳᠠᠷᠢᠬᠤ ᠨᠢᠭᠳᠠᠴᠠ ᠨᠢ ᠮᠤ᠋

ᠪᠦᠷᠢ ᠳᠤ 5300 ᠰᠠᠭᠤᠷᠢ ᠪᠠᠶᠢᠵᠦ᠂ ᠤᠰᠤ ᠳᠤᠰᠤᠯᠭᠠᠨ ᠴᠢᠬᠢ ᠭᠠᠷᠭᠠᠬᠤ᠂ ᠨᠠᠷᠢᠯᠢᠭ ᠤᠨᠤᠴᠠᠳᠠᠢ ᠪᠠᠷ ᠤᠰᠤ ᠪᠤᠷᠳᠤᠭᠤᠷ ᠤᠨ ᠬᠠᠮᠢᠶᠠᠷᠤᠯᠳᠠ ᠬᠢᠬᠦ᠂

ᠡᠪᠡᠳᠴᠢᠨ ᠪᠠ ᠬᠤᠷᠤᠬᠠᠢ ᠶᠢᠨ ᠬᠦᠨᠦᠭᠡᠯ ᠤᠨ ᠪᠤᠬᠢᠷᠳᠤᠯ ᠦᠭᠡᠢ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠢᠭᠡ ᠰᠦᠷᠴᠢᠭᠦᠷ ᠢᠶᠠᠷ ᠤᠯᠠᠨ ᠢ ᠤᠰᠤᠯᠠᠬᠤ ᠵᠡᠷᠭᠡ

ᠵᠠᠩᠭᠢᠯᠠᠭ᠎ᠠ ᠶᠢᠨ ᠮᠡᠷᠭᠡᠵᠢᠯ ᠢ ᠢᠵᠢ ᠪᠦᠷᠢᠳᠦᠭᠦᠯᠦᠭᠰᠡᠨ ᠪᠠᠶᠢᠨ᠎ᠠ᠃ ᠤᠨᠠᠯᠳᠠ ᠶᠢ ᠬᠡᠮᠵᠢᠬᠦ ᠳᠤᠰᠬᠠᠢ ᠮᠡᠷᠭᠡᠵᠢᠯᠳᠡᠨ ᠤ ᠳᠤᠭᠤᠶᠢᠯᠠᠩ ᠨᠢ《2023 ᠤᠨ ᠤ ᠦᠪᠦᠷ

ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠭᠤᠤᠯ ᠪᠤᠯᠬᠤ ᠠᠮᠤ ᠪᠤᠳᠠᠭ᠎ᠠ ᠢᠳᠡᠰᠢᠨ ᠳᠤᠰᠤᠨ ᠤ ᠳᠠᠷᠢᠮᠠᠯ ᠤᠨ ᠦᠨᠳᠦᠷ ᠤᠨᠠᠯᠳᠠ ᠶᠢᠨ ᠤᠷᠤᠯᠳᠤᠭᠠᠨ ᠤ

ᠬᠡᠷᠡᠭᠵᠢᠬᠦᠯᠬᠦ ᠳᠦᠰᠦᠯ》 ᠳᠠᠬᠢ ᠡᠷᠳᠡᠨᠢ ᠰᠢᠰᠢ ᠶᠢᠨ ᠤᠨᠠᠯᠳᠠ ᠶᠢ ᠬᠡᠮᠵᠢᠬᠦ ᠠᠷᠭ᠎ᠠ ᠶᠢ ᠦᠨᠳᠦᠰᠦᠯᠡᠨ᠂ ᠳᠠᠭᠤᠷᠢᠶᠠᠯ ᠦᠵᠡᠬᠦᠯᠬᠦ ᠳᠠᠷᠢᠶ᠎ᠠ ᠶᠢ ᠳᠤᠬᠠᠢ ᠶᠢᠨ ᠭᠠᠵᠠᠷ

 ᠲᠤᠨᠢ ᠬᠠᠶᠢᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠭᠤᠷᠪᠠᠨ ᠴᠡᠭ ᠠᠴᠠ ᠦᠯᠢᠭᠡᠷ ᠠᠪᠴᠦ᠂ ᠴᠡᠭ ᠪᠦᠷᠢ ᠠᠴᠠ 66.7 ᠳᠡᠭᠰᠢ ᠳᠦᠷᠪᠡᠯᠵᠢᠨ ᠮᠧᠲᠷ

ᠤᠷᠴᠢᠮ ᠤᠨ ᠡᠷᠳᠡᠨᠢ ᠰᠢᠰᠢ ᠶᠢᠨ ᠳᠦᠷᠦᠭᠦᠦ ᠶᠢ ᠠᠪᠤᠪᠠ᠃ ᠪᠠᠷᠢᠮᠵᠢᠶᠠᠳᠤ 20 ᠡᠷᠳᠡᠨᠢ ᠰᠢᠰᠢ ᠶᠢᠨ ᠳᠦᠷᠦᠭᠦᠦ ᠶᠢᠨ ᠦᠯᠢᠭᠡᠷ ᠡᠳ᠋ ᠢ ᠰᠤᠩᠭᠤᠨ ᠠᠪᠴᠦ᠂

ᠮᠦᠯᠢᠬᠦ ᠠᠴᠠ ᠡᠮᠦᠨ᠎ᠡ ᠬᠤᠶᠢᠨᠠᠬᠢ ᠬᠦᠨᠳᠦ ᠶᠢ ᠳᠤᠰ ᠪᠦᠷᠢ ᠵᠢᠩᠯᠠᠵᠦ᠂ ᠮᠦᠬᠦᠯᠢᠭ ᠭᠠᠷᠬᠤ ᠨᠤᠷᠮ᠎ᠠ ᠶᠢ ᠪᠤᠳᠤᠪᠠ᠃ ᠡᠭᠦᠨ ᠤ ᠬᠠᠮᠳᠤ ᠤᠯᠤᠰ ᠠᠴᠠ ᠮᠠᠭᠠᠳᠯᠠᠨ

ᠳᠤᠭᠳᠠᠭᠠᠭᠰᠠᠨ ᠪᠦᠭᠡᠳ ᠬᠠᠷᠭᠤᠭᠤᠯᠤᠨ ᠵᠠᠰᠠᠭᠰᠠᠨ ᠤ ᠳᠠᠷᠠᠭᠠᠬᠢ ᠡᠷᠳᠡᠨᠢ ᠰᠢᠰᠢ ᠶᠢᠨ ᠮᠦᠬᠦᠯᠢᠭ ᠤᠨ ᠤᠰᠤᠨ ᠤ ᠬᠡᠮᠵᠢᠯᠳᠡ ᠶᠢᠨ ᠬᠡᠮᠵᠢᠭᠦᠷᠯᠢᠭ ᠢᠶᠠᠷ ᠡᠷᠳᠡᠨᠢ

ᠰᠢᠰᠢ ᠶᠢᠨ ᠮᠦᠬᠦᠯᠢᠭ ᠤᠨ ᠤᠰᠤᠨ ᠤ ᠠᠭᠤᠯᠤᠭᠳᠠᠴᠠ ᠶᠢ ᠬᠡᠮᠵᠢᠨ ᠳᠤᠭᠳᠠᠭᠠᠵᠤ᠂ ᠬᠠᠮᠤᠭ ᠡᠴᠤᠰ ᠲᠤ ᠳᠤᠰ ᠳᠠᠭᠤᠷᠢᠶᠠᠯ ᠦᠵᠡᠬᠦᠯᠬᠦ ᠳᠠᠷᠢᠶᠠᠨ ᠤ ᠮᠤ᠋

ᠪᠦᠷᠢ ᠶᠢᠨ ᠤᠨᠠᠯᠳᠠ 332.31 ᠺᠢᠯᠤᠭ᠍ᠷᠡᠮ ᠪᠤᠯᠬᠤ ᠶᠢ ᠪᠤᠳᠤᠵᠤ ᠭᠠᠷᠭᠠᠪᠠ᠃

2.jpg

        ᠠᠳᠠᠯᠢ ᠠᠷᠭ᠎ᠠ ᠪᠠᠷ᠂ ᠳᠤᠰᠬᠠᠢ ᠮᠡᠷᠭᠡᠵᠢᠯᠳᠡᠨ ᠤ ᠳᠤᠭᠤᠶᠢᠯᠠᠩ ᠤᠨ ᠬᠢᠨ ᠪᠠᠰᠠ ᠳᠠᠯᠠᠳ ᠬᠤᠰᠢᠭᠤᠨ ᠤ ᠸᠠᠩ ᠤᠨ ᠵᠤᠤ ᠪᠠᠯᠭᠠᠰᠤᠨ ᠤ ᠱᠧᠩ ᠴᠧᠩ

ᠶᠦᠩ ᠳᠤᠰᠬᠤᠨ ᠳᠤ ᠪᠠᠶᠢᠭ᠎ᠠ 20 ᠮᠤ᠋ ᠡᠷᠳᠡᠨᠢ ᠰᠢᠰᠢ ᠶᠢᠨ ᠨᠢᠭᠳᠠ ᠳᠠᠷᠢᠬᠤ ᠳᠠᠭᠤᠷᠢᠶᠠᠯ ᠦᠵᠡᠬᠦᠯᠬᠦ ᠳᠠᠷᠢᠶᠠᠨ ᠳᠤ ᠤᠨᠠᠯᠳᠠ ᠶᠢᠨ ᠪᠤᠳᠠᠳᠤ ᠬᠡᠮᠵᠢᠯᠳᠡ ᠬᠢᠵᠦ᠂

ᠳᠤᠰ ᠳᠠᠭᠤᠷᠢᠶᠠᠯ ᠦᠵᠡᠬᠦᠯᠬᠦ ᠳᠠᠷᠢᠶᠠᠨ ᠳᠤ《 ᠬᠤᠸᠠ ᠮᠸᠢ Iᠨᠤᠮᠧᠷᠳᠤ》ᠳᠠᠷᠢᠮᠠᠯ ᠤᠨ ᠳᠦᠷᠦᠯ ᠢ ᠳᠠᠷᠢᠵᠦ᠂ ᠳᠠᠷᠢᠬᠤ ᠨᠢᠭᠳᠠᠴᠠ ᠨᠢ ᠮᠤ᠋ ᠪᠦᠷᠢ ᠳᠤ 8500

ᠰᠠᠭᠤᠷᠢ ᠪᠠᠶᠢᠵᠦ᠂ ᠳᠤᠰ ᠳᠠᠭᠤᠷᠢᠶᠠᠯ ᠦᠵᠡᠬᠦᠯᠬᠦ ᠲᠠᠷᠢᠶᠠᠨ ᠤ ᠡᠷᠳᠡᠨᠢ ᠰᠢᠰᠢ ᠶᠢᠨ ᠮᠤ᠋ ᠪᠦᠷᠢ ᠶᠢᠨ ᠤᠨᠠᠯᠳᠠ 1239.79 ᠺᠢᠯᠤᠭ᠍ᠷᠡᠮ ᠪᠠᠶᠢᠵᠦ᠂ ᠤᠷᠳᠤᠰ

ᠬᠤᠳᠠ ᠶᠢᠨ ᠨᠢᠭᠳᠠ ᠳᠠᠷᠢᠬᠤ ᠡᠷᠳᠡᠨᠢ ᠰᠢᠰᠢ ᠶᠢᠨ ᠦᠨᠳᠦᠷ ᠤᠨᠠᠯᠳᠠ ᠶᠢᠨ ᠳᠡᠮᠳᠡᠭᠯᠡᠯ ᠢ ᠡᠭᠦᠳᠪᠡ᠃

3.jpg

        ᠤᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠳᠠ ᠡᠷᠳᠡᠨᠢ ᠰᠢᠰᠢ ᠶᠢᠨ ᠮᠤ᠋ ᠪᠦᠷᠢ ᠶᠢᠨ ᠤᠨᠠᠯᠳᠠ ᠶᠢ ᠳᠡᠭᠡᠭᠰᠢᠯᠡᠬᠦᠯᠬᠦ ᠠᠵᠢᠯ ᠢ ᠴᠢᠩᠭ᠎ᠠ ᠠᠳᠬᠤᠵᠦ᠂

ᠴᠢᠨᠠᠷ ᠰᠠᠶᠢᠳᠠᠢ ᠦᠨᠳᠦᠷ ᠪᠦᠳᠦᠮᠵᠢᠳᠡᠢ ᠠᠮᠤ ᠪᠤᠳᠠᠭ᠎ᠠ ᠶᠢ ᠨᠡᠮᠡᠭᠳᠡᠬᠦᠯᠬᠦ ᠳᠠᠭᠤᠷᠢᠶᠠᠯ ᠦᠵᠡᠬᠦᠯᠬᠦ ᠠᠵᠢᠯᠯᠠᠭ᠎ᠠ᠂ ᠪᠤᠬᠢᠷᠳᠤᠯ ᠦᠭᠡᠢ ᠴᠢᠨᠠᠷ ᠰᠠᠶᠢᠳᠠᠢ ᠦᠨᠳᠦᠷ

ᠪᠦᠳᠦᠮᠵᠢᠳᠡᠢ ᠠᠮᠤ ᠪᠤᠳᠠᠭ᠎ᠠ ᠶᠢ ᠨᠡᠮᠡᠭᠳᠡᠬᠦᠯᠬᠦ ᠳᠠᠭᠤᠷᠢᠶᠠᠯ ᠦᠵᠡᠬᠦᠯᠬᠦ ᠠᠵᠢᠯᠯᠠᠭ᠎ᠠ᠂ ᠪᠤᠬᠢᠷᠳᠤᠯ ᠦᠭᠡᠢ ᠴᠢᠨᠠᠷ ᠰᠠᠶᠢᠳᠠᠢ ᠦᠨᠳᠦᠷ ᠪᠦᠳᠦᠮᠵᠢᠳᠡᠢ ᠠᠵᠢᠯᠯᠠᠭ᠎ᠠ

ᠵᠡᠷᠬᠡ ᠳᠦᠷᠦᠯ ᠵᠦᠢᠯ ᠳᠤ ᠳᠦᠰᠢᠭᠯᠡᠨ ᠦᠨᠳᠦᠷ ᠤᠨᠠᠯᠳᠠ ᠲᠠᠢ ᠴᠢᠨᠠᠷ ᠰᠠᠶᠢᠳᠠᠢ ᠳᠠᠷᠢᠮᠠᠯ ᠤᠨ ᠳᠦᠷᠦᠯ ᠢ ᠤᠷᠤᠭᠤᠯᠤᠨ ᠠᠪᠴᠢᠷᠠᠬᠤ ᠪᠠ ᠢᠵᠢ ᠪᠦᠷᠢᠳᠦᠭᠦᠯᠦᠨ

ᠳᠠᠷᠢᠵᠦ ᠪᠤᠶᠢᠵᠢᠭᠤᠯᠬᠤ ᠮᠡᠷᠭᠡᠵᠢᠯ ᠤᠨ ᠰᠢᠨᠡᠴᠢᠯᠡᠯᠳᠡ ᠶᠢ ᠢᠳᠡᠪᠬᠢᠳᠡᠢ ᠦᠷᠨᠢᠭᠦᠯᠵᠦ᠂ ᠡᠾᠧ ᠵᠦᠩ ᠢᠦᠢ II᠂ ᠬᠤᠸᠠ ᠮᠸᠢ I ᠨᠤᠮᠧᠷᠳᠤ᠂ ᠳ᠋ᠢ ᠺᠠ159 ᠵᠡᠷᠭᠡ

ᠨᠢᠭᠡ ᠪᠦᠯᠦᠭ ᠦᠨᠳᠦᠷ ᠤᠨᠠᠯᠳᠠ ᠲᠠᠢ ᠰᠢᠯᠢᠳᠡᠭ ᠳᠠᠷᠢᠮᠠᠯ ᠤᠨ ᠳᠦᠷᠦᠯ ᠵᠢᠴᠢ ᠳᠤᠰᠤᠯᠭᠠᠨ ᠤᠰᠤᠯᠠᠵᠦ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠨᠢᠭᠳᠠ

ᠳᠠᠷᠢᠵᠦ ᠦᠨᠳᠦᠷ ᠤᠨᠠᠯᠳᠠ ᠶᠢ ᠨᠠᠷᠢᠯᠢᠭ ᠤᠨᠤᠴᠠᠳᠠᠢ ᠪᠠᠷ ᠳᠤᠬᠢᠷᠠᠭᠤᠯᠤᠨ ᠡᠵᠡᠮᠳᠡᠬᠦ ᠵᠡᠷᠬᠡ ᠨᠢᠭᠡ ᠪᠦᠯᠦᠭ ᠦᠨᠳᠦᠷ ᠤᠨᠠᠯᠳᠠ ᠲᠠᠢ ᠰᠢᠯᠢᠳᠡᠭ ᠳᠠᠷᠢᠬᠤ

ᠮᠡᠷᠭᠡᠵᠢᠯ ᠢ ᠶᠡᠭᠡ ᠬᠡᠪᠴᠢᠶ᠎ᠡ ᠪᠠᠷ ᠳᠡᠯᠭᠡᠷᠡᠬᠦᠯᠦᠨ ᠬᠡᠷᠡᠭᠯᠡᠵᠦ᠂ ᠪᠦᠬᠦ ᠬᠤᠳᠠ ᠶᠢᠨ ᠡᠷᠳᠡᠨᠢ ᠰᠢᠰᠢ ᠶᠢᠨ ᠦᠢᠯᠡᠳᠪᠤᠷᠢᠯᠡᠯ ᠤᠨ ᠬᠢᠷᠢ ᠳᠦᠪᠰᠢᠨ ᠢ ᠳᠠᠰᠤᠷᠠᠯᠳᠠ

ᠦᠭᠡᠢ ᠳᠡᠭᠡᠭᠰᠢᠯᠡᠬᠦᠯᠬᠦ ᠶᠢ ᠠᠬᠢᠭᠤᠯᠪᠠ᠃

ᠢᠷᠡᠯᠲᠡ᠄ ᠤᠷᠳᠤᠰ ᠮᠤᠩᠭᠤᠯ ᠰᠦᠯᠵᠢᠶ᠎ᠡ