ᠤᠷᠳᠤᠰ᠄ ᠰᠢᠨ᠎ᠠ ᠶᠢ ᠡᠭᠦᠳᠭᠦ ᠭᠦᠴᠦᠨ ᠢᠶᠠᠷ ᠪᠦᠭᠦ ᠤᠷᠤᠨ ᠳᠤ ᠲᠠᠭᠤᠷᠢᠶᠡᠯ ᠦᠵᠡᠭᠦᠯᠭᠦᠢ ᠰᠢᠷᠢᠰ ᠮᠡᠳᠡᠭᠡᠯᠡᠯ ᠭᠤᠷᠪᠡ ᠤᠷᠳᠤᠰ ᠭᠦᠭᠵᠢᠯᠳᠡ ᠶᠢᠨ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠵᠤ ᠪᠤᠭᠢᠷᠳᠦᠯ ᠦᠭᠡᠢ ᠭᠦᠭᠵᠢᠯᠳᠡ ᠶᠢᠨ ᠰᠢᠨ᠎ᠠ ᠵᠠᠮ ᠢ ᠨᠡᠭᠡᠭᠡᠨ᠎ᠠ
ᠨᠡᠶᠢᠲᠡᠯᠡᠭᠰᠡᠨ ᠴᠠᠭ᠄
2023/10/26
      9 ᠰᠠᠷ᠎ᠠ ᠶᠢᠨ ᠰᠡᠭᠦᠯᠴᠢ ᠪᠠᠷ᠂ ᠣᠷᠳᠣᠰ ᠬᠤᠲᠠ ᠶᠢᠨ ᠠᠷᠠᠯᠵᠢᠶᠡᠴᠢᠨ ᠤᠷᠢᠬᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠯᠦᠩ ᠵᠢᠶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠤᠶᠠᠳᠤᠭᠠᠷ ᠪᠦᠯᠦᠭ ᠤᠨ ᠪᠠᠷᠢᠯᠭ᠎ᠠ ᠶᠢ ᠠᠮᠵᠢᠯᠳᠡ ᠲᠠᠢ ᠲᠠᠭᠤᠰᠬᠠᠵᠤ᠂ ᠡᠵᠡᠨ ᠬᠤᠷᠤᠭ᠎ᠠ ᠬᠤᠰᠢᠭᠤᠨ ᠤ ᠡᠨᠧᠷᠭᠢ ᠬᠠᠳᠠᠭᠠᠯᠠᠬᠤ᠂ ᠬᠡᠷᠡᠯ ᠴᠡᠨᠡᠭ ᠤᠨ ᠬᠤᠤᠰ ᠵᠠᠭᠤᠨ GW ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠬᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠪᠠ ᠬᠡᠷᠡᠭᠯᠡᠭᠡᠨ ᠤ ᠲᠠᠭᠤᠷᠢᠶᠡᠯ ᠦᠵᠡᠭᠦᠯᠬᠦ ᠰᠠᠭᠤᠷᠢᠨ ᠭᠠᠵᠠᠷ ᠢ ᠪᠦᠳᠦᠭᠡᠨ ᠪᠠᠶᠢᠭᠤᠯᠬᠤ ᠳᠤ ᠭᠦᠴᠦᠨ ᠨᠡᠮᠡᠷᠢᠯᠡᠪᠡ᠃      ᠳᠡᠭᠡᠷ᠎ᠡ ᠬᠠᠭᠠᠰ ᠵᠢᠯ ᠠᠴᠠ ᠨᠠᠭᠠᠰᠢ᠂ ᠮᠠᠨ ᠤ ᠬᠤᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠭᠡᠷ᠎ᠡ ᠲᠤᠬᠳᠠᠵᠤ ᠲᠦᠷᠦᠯ ᠵᠦᠢᠯ ᠢ ᠪᠤᠳᠠᠳᠡᠢ ᠨᠠᠶᠢᠳᠠᠪᠤᠷᠢᠵᠢᠭᠤᠯᠬᠤ ᠶᠢ ᠵᠠᠯᠭᠠᠭ᠎ᠠ ᠪᠠᠷ ᠪᠠᠶᠠᠯᠡᠭᠦᠯᠵᠡᠢ᠃ ᠤᠷᠳᠤᠰ ᠤᠳᠤ ᠶᠠᠭ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠲᠤᠨᠤᠬᠯᠠᠯ ᠦᠢᠯᠡᠳᠭᠦ᠂ ᠰᠢᠨ᠎ᠡ ᠮᠡᠷᠭᠡᠵᠢᠯ ᠤᠨ ᠲᠥᠪᠯᠡᠷᠡᠭᠰᠡᠨ ᠭᠠᠵᠠᠷ ᠪᠤᠯᠵᠤ ᠪᠠᠶᠢᠨ᠎ᠠ᠃ ︽ᠲᠠᠪᠤᠨ ᠶᠡᠭᠡ ᠡᠭᠦᠷᠭᠡ︾  ᠨᠠᠶᠢᠳᠠᠪᠤᠷᠢᠵᠢᠭᠤᠯᠬᠤ ᠪᠠ ︽ᠳᠡᠯᠡᠬᠡᠶ ᠶᠢᠨ ᠳᠡᠰ ᠤᠨ ᠲᠦᠷᠪᠡᠨ ᠠᠵᠤ ᠦᠢᠯᠡᠰ︾  ᠴᠤᠬᠴᠠᠯᠠᠬᠤ ᠲᠠᠢ ᠨᠢᠭᠲᠠ ᠤᠶᠠᠯᠳᠤᠭᠤᠯᠤᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠡᠷ ᠰᠠᠶᠢᠳᠡᠢ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ ᠲᠠᠰ ᠳᠡᠪᠰᠢᠭᠦᠯᠵᠦ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠬᠦᠴᠦᠨ ᠵᠦᠢᠯ ᠰᠤᠯᠠ ᠪᠠᠶᠢᠬᠤ᠂ ᠬᠥᠭᠵᠢᠯᠲᠡ ᠶᠢᠨ ᠴᠢᠨᠠᠷᠵᠢᠯ ᠦᠷ᠎ᠡ ᠠᠰᠢᠭ ᠠᠨᠠᠶ ᠪᠠᠶᠢᠬᠤ ᠵᠡᠷᠭᠡ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠤᠷᠢᠳ ᠢᠶᠠᠷ ᠬᠡᠷᠡᠭᠵᠢᠭᠦᠯᠬᠦ ᠥᠯᠢᠭᠡᠷ ᠳᠠᠭᠤᠷᠢᠶᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠨᠧᠷᠭᠢ ᠶᠢᠨ ᠲᠣᠮᠣ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠭᠦ ᠵᠠᠮ ᠢᠶᠠᠷ ᠢᠳᠡᠷᠡᠭᠦᠨ ᠠᠯᠬᠤᠪᠡ᠃     ᠰᠤᠷᠪᠤᠯᠵᠢᠯᠠᠭᠴᠢ ᠬᠠᠨᠭ᠍ᠭᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠲᠤᠭᠤᠶᠢᠳᠠᠯ᠎ᠠ ᠠᠵᠤ ᠦᠢᠯᠡᠰ ᠤᠨ ᠬᠦᠷᠢᠶᠡᠯᠡᠩ ᠳᠤ ᠪᠠᠶᠢᠭ᠎ᠠ ᠥᠪᠥᠷ ᠮᠣᠩᠭᠤᠯ ᠤᠨ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠡ᠊ᠨᠳᠡᠬᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠭᠦ ᠲᠦᠷᠦᠯ ᠵᠦᠢᠯ ᠤᠨ ᠪᠠᠶᠢᠳᠡᠯ ᠢ ᠣᠶᠢᠯᠠᠭᠠᠪᠠ᠃ ᠥᠪᠥᠷ ᠮᠣᠩᠭᠤᠯ ᠤᠨ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠢᠨ ᠠᠯᠤᠰ ᠬᠡᠳᠤ ᠶᠢᠨ ᠲᠥᠯᠥᠪᠵᠢᠭᠦᠯᠭᠡ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠮᠡᠷᠭᠡᠵᠢᠯ ᠢ ᠰᠤᠳᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤᠮᠳᠠ ᠰᠢᠨ᠎ᠡ ᠵᠠᠮ ᠢ ᠨᠡᠭᠡᠭᠡᠵᠡᠢ᠃      7 ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠮᠢᠩᠭᠠᠨ ᠲᠣᠨ ᠤ ᠲᠠᠰ ᠤᠨ ᠹᠢᠱᠧᠷ ᠲᠷᠤᠫᠱ ᠨᠡᠶᠢᠯᠡᠮᠡᠯ α — ᠠᠯᠺᠧᠨ ᠢ ᠰᠠᠯᠭᠠᠵᠤ ᠴᠡᠪᠡᠷᠰᠢᠭᠦᠯᠬᠦ ᠲᠠᠭᠤᠷᠢᠶᠡᠯ ᠦᠵᠡᠭᠦᠯᠬᠦ ᠲᠥᠬᠦᠭᠡᠷᠦᠮᠵᠢ ᠶᠢ ᠠᠮᠵᠢᠯᠲᠠ ᠲᠠᠢ ᠠᠵᠢᠯᠯᠠᠭᠤᠯᠤᠭᠰᠠᠨ ᠪᠥᠭᠡᠳ ᠪᠥᠬᠦ ᠶᠠᠪᠤᠴᠠ ᠶᠢ ᠨᠡᠪᠲᠡᠷᠡᠭᠦᠯᠪᠡ᠂ ᠡᠨᠡ ᠨᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠠᠯ ᠤᠨ ᠡᠷᠬᠡ ᠲᠠᠢ ᠹᠢᠱᠧᠷ ᠲᠷᠤᠫᠱ ᠨᠡᠶᠢᠯᠡᠮᠡᠯ α — ᠠᠯᠺᠧᠨ ᠢ ᠰᠠᠯᠭᠠᠵᠤ ᠴᠡᠪᠡᠷᠰᠢᠭᠦᠯᠬᠦ ᠵᠠᠩᠭᠢᠯᠠᠭ᠎ᠠ ᠶᠢᠨ ᠮᠡᠷᠭᠡᠵᠢᠯ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠤᠭᠰᠠᠨ ᠢ ᠬᠠᠷᠠᠭᠤᠯᠵᠤ᠂ ᠤᠯᠤᠰ ᠤᠨ ᠳᠣᠲᠣᠭᠠᠳᠤ ᠶᠢᠨ ᠲᠣᠰ ᠮᠡᠷᠭᠡᠵᠢᠯ ᠤᠨ ᠬᠤᠭᠤᠰᠣᠨ ᠢ ᠨᠥᠬᠦᠪᠥᠷᠢᠯᠡᠭᠰᠡᠨ ᠪᠠᠶᠢᠨ᠎ᠠ᠃      ︽ᠡᠨᠡ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠠᠩᠬᠠᠳᠠᠭᠴᠢ ᠮᠢᠩᠭᠠᠨ ᠲᠣᠨ ᠤ ᠲᠡᠰ ᠤᠨ ᠲᠦᠷᠦᠯ ᠵᠦᠢᠯ ᠤᠨ ᠠᠮᠵᠢᠯᠲᠠ ᠲᠠᠢ ᠵᠢᠱᠢᠶ᠎ᠠ ᠪᠣᠯᠬᠤ ᠶᠤᠮ᠂ ᠢ ᠲᠠᠢ ᠬᠢᠮᠢ ᠶᠢᠨ ᠠᠵᠤ ᠦᠢᠯᠡᠳᠪᠦᠷᠢ ᠶᠢᠨ 20 ᠲᠦᠮᠡᠨ ᠲᠣᠨ ᠤ ᠲᠡᠰ ᠤᠨ α — ᠠᠯᠺᠧᠨ ᠤ ᠬᠡᠯᠬᠢᠶ᠎ᠠ ᠶᠢ ᠤᠷᠳᠤᠳᠬᠠᠬᠤ᠂ ᠬᠡᠯᠬᠢᠶ᠎ᠠ ᠶᠢ ᠨᠦᠭᠦᠪᠤᠷᠢᠯᠡᠭᠦ ᠳᠤ ᠰᠠᠶᠢᠨ ᠡᠬᠢᠯᠡᠯᠲᠡ ᠶᠢ ᠪᠤᠢ ᠪᠤᠯᠭᠠᠵᠤ᠂ ᠤᠯᠤᠰ ᠤᠨ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠳᠤ ᠨᠡᠩ ᠶᠡᠭᠡ ᠬᠤᠪᠢ ᠨᠡᠮᠡᠷᠢ ᠦᠵᠡᠭᠦᠯᠵᠡᠢ︾ ᠭᠡᠵᠦ ᠢ ᠲᠠᠢ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠶᠡᠷᠦᠩᠬᠡᠢ ᠡᠭᠦᠷ ᠤᠨ ᠱᠦᠵᠢ ᠯᠢᠦ ᠸᠠᠨ ᠵᠧᠦ ᠭᠡᠯᠡᠨ᠎ᠠ᠃      ᠮᠠᠨ ᠤ ᠬᠤᠳᠠ ᠭᠦᠭᠵᠢᠯᠳᠡ ᠶᠢᠨ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠭᠦ ᠠᠭᠢᠴᠡ ᠲᠤᠮᠳᠡ᠂ ᠯᠦᠩ ᠵᠢᠶ᠂ ᠶᠤᠸᠠᠨ ᠵᠢᠩ᠂ ᠱᠠᠩᠬᠠᠶ ᠶᠢᠨ ᠮᠠᠰᠢᠨ ᠲᠡᠷᠭᠡᠨ ᠤ ᠬᠤᠩ ᠶᠠᠨ ᠺᠤᠮᠫᠠᠨᠢ ᠵᠡᠷᠭᠡ ᠨᠢᠭᠡ ᠪᠦᠯᠦᠭ ᠲᠤᠯᠤᠭᠠᠶᠢᠯᠠᠬᠤ ᠠᠵᠤ ᠠᠬᠤᠶᠢᠯᠠᠯ ᠢ ᠲᠡᠰ ᠲᠠᠷᠠᠭᠠᠯᠡᠨ ᠨᠤᠳᠤᠬᠰᠢᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ ᠵᠦᠢᠯ ᠢ ᠭᠡᠷ᠎ᠡ ᠲᠣᠭᠲᠠᠭᠰᠠᠨ ᠠᠴᠠ ᠠᠪᠤᠭᠠᠳ ᠠᠵᠢᠯ ᠡᠬᠢᠯᠡᠭᠦᠯᠭᠦ ᠪᠤᠯᠳᠡᠯ᠎ᠠ 1 ᠰᠠᠷ᠎ᠠ ᠪᠤᠯᠤᠯ ᠦᠭᠡᠢ ᠲᠦᠷᠦᠯ ᠵᠦᠢᠯ ᠢ ᠠᠭᠢᠭᠤᠯᠪᠡ᠃ ᠮᠸᠡᠭ ᠰᠤ᠋ ᠠᠵᠤ ᠠᠬᠤᠶ ᠶᠢᠨ ᠨᠡᠭᠡᠭᠡᠯᠲᠡ ᠶᠢᠨ ᠤᠷᠤᠨ ᠳᠤ ᠪᠥᠬᠦ ᠳᠡᠯᠡᠬᠡᠶ ᠶᠢᠨ ᠠᠩᠬᠠᠳᠠᠭᠴᠢ ᠨᠡᠭᠦᠷᠡᠰᠦᠲᠥ᠋ᠷᠥᠭᠴᠢ ᠦᠯᠦ ᠭᠠᠳᠠᠬᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠣᠲᠤᠭ ᠠᠵᠤ ᠠᠬᠤᠶ ᠶᠢᠨ ᠨᠡᠭᠡᠭᠡᠯᠲᠡ ᠶᠢᠨ ᠤᠷᠤᠨ ᠳᠤ ᠲᠦᠰᠢᠭᠯᠡᠨ ᠪᠥᠬᠦ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠠᠭᠤᠷᠢᠶᠡᠯ ᠦᠵᠡᠭᠦᠯᠬᠦ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠵᠤ᠂ ᠱᠦᠷᠭᠡᠢ ᠠᠵᠤ ᠠᠬᠤᠶ ᠶᠢᠨ ᠨᠡᠭᠡᠭᠡᠯᠲᠡ ᠶᠢᠨ ᠤᠷᠤᠨ ᠳᠤ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠭᠤᠷᠢᠶᠡᠯ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ ᠪᠠᠶᠢᠨ᠎ᠠ᠃      ︽ᠨᠢᠳᠤᠨᠤᠨ ᠤ ᠵᠢᠯ ᠤᠨ ᠰᠡᠭᠦᠯᠴᠢ ᠠᠴᠠ ᠡᠨᠡ ᠵᠢᠯ ᠤᠨ ᠡᠭᠢᠨ ᠳᠤ᠂ ᠮᠠᠨ ᠤ ᠬᠤᠳᠠ ᠲᠡᠯᠡᠭᠡᠢ ᠶᠢᠨ ᠲᠡᠰ ᠤᠨ ᠲᠦᠷᠪᠡᠨ ᠠᠵᠤ ᠦᠢᠯᠡᠰ ᠢ ᠴᠤᠬᠴᠠᠯᠠᠬᠤ ᠲᠤᠬᠠᠢ ᠭᠡᠷᠡᠭᠵᠢᠭᠦᠯᠭᠦ ᠲᠦᠰᠦᠯ ᠢ ᠲᠠᠷᠤᠮᠠᠯᠯᠠᠨ ᠲᠠᠷᠬᠠᠭᠠᠵᠤ᠂ ᠭᠤᠤᠯᠯᠠᠬᠤ ᠠᠵᠤ ᠦᠢᠯᠡᠰ ᠤᠨ ᠰᠢᠨ᠎ᠠ ᠶᠢ ᠡᠭᠦᠳᠭᠦ ᠭᠦᠭᠵᠢᠯᠳᠡ᠂ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠶᠢᠵᠢᠭᠤᠯᠬᠤ ᠭᠦᠭᠵᠢᠯᠳᠡ ᠶᠢᠨ ᠰᠡᠳᠭᠢᠴᠡ ᠶᠢ ᠪᠦᠷᠢᠯᠳᠦᠭᠦᠯᠦᠨ᠂ ᠠᠵᠤ ᠦᠢᠯᠡᠰ ᠤᠨ ᠭᠦᠭᠵᠢᠯᠳᠡ ᠶᠢᠨ ᠭᠡᠯᠪᠡᠷᠢ ᠪᠠᠨ ᠬᠤᠪᠢᠷᠠᠭᠤᠯᠬᠤ ᠪᠠᠶᠢᠳᠡᠯ ᠢ ᠰᠠᠶᠢᠵᠢᠷᠠᠭᠤᠯᠵᠤ ᠪᠠᠶᠢᠨ᠎ᠠ︾ ᠭᠡᠵᠤ ᠤᠷᠳᠤᠰ ᠬᠤᠳᠠ ᠶᠢᠨ ᠭᠦᠭᠵᠢᠭᠦᠯᠦᠯᠳᠡ ᠪᠡ ᠦᠭᠡᠷᠡᠴᠢᠯᠡᠯᠳᠡ ᠶᠢᠨ ᠵᠦᠪᠯᠡᠯ ᠤᠨ ᠲᠡᠳ᠋ ᠡᠷᠭᠢᠯᠡᠭᠴᠢ ᠵᠢᠩ ᠬᠤᠢ ᠮᠢᠨ ᠶᠠᠷᠢᠨ᠎ᠠ      
ᠢᠷᠡᠯᠲᠡ᠄ ᠤᠷᠳᠤᠰ ᠤᠨ ᠡᠳᠦᠷ ᠤᠨ ᠰᠤᠨᠢᠨ