ᠯᠢ ᠯᠢ ᠪᠦᠭᠦ ᠬᠤᠳᠠ ᠶᠢᠨ ᠠᠯᠪᠡᠨ ᠭᠡᠷ ᠤᠨ ᠠᠵᠢᠯ ᠳᠤ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2023/10/26
                          ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠪᠥᠬᠦ ᠬᠤᠲᠠ ᠶᠢᠨ ᠠᠯᠪᠠᠨ ᠬᠡᠷ ᠤᠨ ᠠᠵᠢᠯ ᠳᠤ ᠴᠣᠬᠤᠯᠠᠪᠤᠷᠢ ᠥᠭᠪᠡ᠄ ᠠᠯᠪᠠᠨ ᠬᠡᠷ ᠤᠨ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠷᠢᠭᠤᠴᠠᠯᠭ᠎ᠠ ᠥᠩᠭᠡ ᠬᠡᠷᠡᠯ ᠲᠠᠢ᠃ ᠪᠥᠬᠦ ᠬᠤᠲᠠ ᠶᠢᠨ ᠠᠯᠪᠠᠨ ᠭᠡᠷ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ᠂ ᠪᠥᠬᠦ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ ᠦᠯᠢᠭᠡᠷ ᠳᠠᠭᠤᠷᠢᠶᠠᠯ ᠪᠤᠯᠵᠤ᠂ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠷ ︽ᠬᠤᠶᠠᠷ ᠢ ᠲᠣᠭᠳᠠᠭᠠᠬᠰᠡᠨ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠭᠤᠤᠯ ᠠᠵᠢᠯ ᠶᠡᠭᠡ ᠲᠠᠯ᠎ᠠ ᠳᠤ ᠦᠢᠯᠡᠴᠢᠯᠡᠭᠦ ᠲᠡᠯ᠎ᠡ ᠪᠠᠷ ᠳᠠᠭᠤᠷᠢᠶᠠᠯ ᠦᠵᠡᠭᠦᠯᠦᠨ᠂ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠵᠢᠯ ᠤᠨ ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠳᠠᠭᠤᠷᠢᠶᠠᠯ ᠦᠵᠡᠭᠦᠯᠵᠦ᠂ ᠬᠠᠮᠤᠭ ᠤᠨ ᠰᠠᠶᠢᠨ ᠬᠢᠭᠰᠡᠨ ᠠᠵᠢᠯ ᠤᠨ ᠪᠠᠷᠢᠮᠵᠢᠶ᠎ᠠ ᠶᠢ ᠪᠠᠷᠢᠮᠲᠠᠯᠠᠨ᠂ ︽ᠲᠦᠷᠭᠡᠨ ᠯᠠᠪᠳᠠᠭᠤᠨ᠂ ᠴᠢᠩᠭ᠎ᠠ᠂ ᠣᠨᠣᠪᠴᠢᠲᠠᠶ᠂ ᠨᠢᠮᠪᠠᠢ᠂ ᠪᠣᠳᠠᠲᠠᠶ︾ ᠪᠠᠶᠢᠬᠤ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠤᠮᠵᠢᠭᠤᠯᠬᠤ᠂ ᠴᠣᠮᠬᠠᠳᠬᠠᠬᠤ᠂ ᠳᠦᠷᠭᠡᠳᠭᠡᠬᠦ︾  ᠶᠢ ᠶᠡᠭᠡ ᠪᠠᠷ ᠠᠬᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠵᠦ᠂ ︽ᠭᠤᠷᠪᠠᠨ ᠦᠢᠯᠡᠴᠢᠯᠡᠭᠡ︾   ᠶᠢᠨ ᠠᠵᠢᠯ ᠤᠨ ᠴᠢᠳᠠᠪᠤᠷᠢ ᠬᠢᠷᠢ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠳᠠᠭᠤᠷᠢᠶᠠᠯ ᠦᠵᠡᠭᠦᠯᠦᠨ᠂ ᠴᠢᠩᠭ᠎ᠠ ᠰᠤᠷᠲᠠᠯ ᠢ ᠳᠠᠪᠲᠠᠨ ᠪᠣᠯᠪᠠᠰᠤᠷᠠᠭᠤᠯᠵᠤ᠂ ᠲᠡᠷᠢᠭᠦᠨ ᠤ ᠡ᠊ᠩᠨᠡᠭᠡ ᠶᠢ ᠴᠤᠬᠴᠠᠯᠠᠨ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂ ᠪᠥᠬᠦ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠳᠤᠮᠳᠠ ᠬᠠᠮᠤᠭ ᠤᠨ ᠡᠮᠦᠨ᠎ᠡ ᠡ᠊ᠩᠨᠡᠭᠡᠨ ᠳᠤ ᠶᠠᠪᠤᠵᠤ᠂ ︽ᠳᠠᠭᠠᠭᠤᠯᠤᠬᠴᠢ︾ ᠪᠣᠯᠬᠤ ᠪᠠᠷ ᠴᠢᠷᠮᠠᠶᠢᠵᠤ᠂ ᠣᠳᠣᠬᠢᠴᠢᠯᠠᠭᠰᠠᠨ ᠣᠷᠳᠣᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃      10 ᠰᠠᠷ᠎ᠠ ᠶᠢᠨ 19 ᠤ ᠡᠳᠦᠷ᠂ ᠪᠥᠬᠦ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠬᠢᠶ᠎ᠠ ᠪᠠᠭᠰᠢ ᠲᠣᠭᠤᠷᠢᠭ ᠲᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠯᠢᠦ ᠹᠧᠩ ᠶᠦᠨ ᠬᠤᠷᠠᠯ ᠳᠤ ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠵᠠᠶ᠃ ᠬᠤᠷᠠᠯ ᠠᠴᠠ᠂ ᠪᠦᠬᠦ ᠬᠤᠲᠠ ᠶᠢᠨ ᠠᠯᠪᠠᠨ ᠭᠡᠷ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠰᠡᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾  ᠶᠢ ᠡᠷᠡᠰ ᠪᠡᠶᠡᠯᠡᠭᠦᠯᠵᠦ᠂ ︽ᠲᠠᠪᠤ ᠶᠢ ᠪᠠᠷᠢᠮᠲᠠᠯᠠᠬᠤ︾ ᠴᠢᠬᠤᠯᠠ ᠱᠠᠭᠠᠷᠳᠠᠯᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ︽ᠭᠤᠷᠪᠠᠨ ᠳᠥᠷᠪᠡ︾  ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠨ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠡᠭᠡᠷ᠎ᠡ ᠦᠨᠡᠨ ᠬᠦ ᠨᠢᠭᠡᠳᠭᠡᠵᠦ᠂ ᠤᠯᠤᠰ ᠲᠥᠷᠥ ᠶᠢᠨ ᠬᠦᠴᠦᠨ᠂ ᠨᠢᠭᠡᠳᠦᠯᠲᠡᠶ ᠲᠥᠯᠥᠪᠵᠢᠭᠦᠯᠭᠦ ᠬᠦᠴᠦᠨ᠂ ᠵᠥᠪᠯᠡᠭᠴᠢ ᠶᠢᠨ ᠬᠦᠴᠦᠨ᠂ ᠨᠠᠶᠢᠳᠠᠪᠤᠷᠢᠵᠢᠭᠤᠯᠬᠤ ᠬᠦᠴᠦᠨ᠂ ᠪᠠᠲᠤᠯᠠᠭ᠎ᠠ ᠶᠢᠨ ᠬᠦᠴᠦᠨ᠂ ᠳᠠᠶᠢᠴᠢᠨ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠲᠠᠯᠪᠢᠵᠤ᠂ ᠪᠥᠬᠦ ᠬᠤᠲᠠ ᠶᠢᠨ ︽ᠰᠢᠨ᠎ᠡ ᠵᠠᠮ ᠢ ᠨᠡᠭᠡᠭᠡᠵᠤ᠂ ᠡᠮᠦᠨ᠎ᠡ ᠡ᠊ᠩᠨᠡᠭᠡᠨ ᠳᠤ ᠣᠷᠣᠬᠤ︾ ᠳᠤᠮᠳᠠ ᠰᠠᠶᠢᠨ ᠲᠠᠭᠠᠭᠤᠯᠤᠬᠴᠢ ᠪᠣᠯᠵᠣ᠂ ᠲᠠᠭᠤᠷᠢᠶᠡᠯ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠡᠪᠡ᠃  
ᠢᠷᠡᠯᠲᠡ᠄ ᠤᠷᠳᠤᠰ ᠤᠨ ᠡᠳᠦᠷ ᠤᠨ ᠰᠤᠨᠢᠨ